ᠤᠯᠠᠷᠢᠯ ᠰᠣᠯᠢᠭᠰᠠᠨ ᠤ ᠳᠠᠷᠠᠭ᠎ᠠ ᠬᠠᠮᠠᠷ ᠦᠢᠮᠡᠯᠳᠦᠨ᠎ᠡ︕ ᠬᠡᠷᠬᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠬᠦ ᠪᠤᠢ
ᠨᠡᠶᠢᠲᠡᠯᠡᠭᠰᠡᠨ ᠴᠠᠭ᠄
2022/9/27
     ᠣᠷᠴᠢᠮ ᠳᠤ ᠠᠭᠤᠷ ᠠᠮᠢᠰᠬᠤᠯ ᠬᠦᠢᠲᠡᠷᠡᠵᠦ᠂ ᠠᠭᠤᠷ ᠠᠮᠢᠰᠬᠤᠯ ᠭᠠᠩ ᠬᠠᠭᠤᠷᠠᠶ᠂ ᠮᠠᠰᠢ ᠣᠯᠠᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠳᠤ ᠪᠠᠰᠠ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠨᠠᠶᠢᠲᠠᠭᠠᠬᠤ ᠵᠡᠷᠭᠡ ᠡᠪᠡᠳᠴᠢᠨ ᠤ ᠢᠯᠡᠷᠡᠯ ᠭᠠᠷᠳᠠᠭ᠃ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠦᠭᠡ ᠬᠡᠯᠡᠬᠦ ᠪᠠ ᠬᠤᠭᠤᠯᠠ ᠢᠳᠡᠬᠦ ᠳᠡᠭᠡᠨ ᠴᠦ ᠨᠠᠶᠢᠲᠠᠭᠠᠳ᠂ ᠨᠢᠰᠤ ᠪᠠᠨ ᠨᠢᠭᠢᠬᠦ ᠨᠢ ᠥᠨᠳᠥᠷ ᠳᠠᠪᠲᠠᠮᠵᠢ ᠲᠠᠢ ᠬᠥᠳᠡᠯᠭᠡᠭᠡᠨ ᠪᠣᠯᠵᠤ᠂ ᠲᠣᠯᠣᠭᠠᠶ ᠡᠪᠡᠳᠦᠭᠡᠳ ᠬᠡᠯᠡᠬᠦ ᠦᠭᠡᠢ ᠪᠣᠯᠵᠤ᠂ ᠬᠠᠮᠠᠷ ᠨᠢ ᠴᠦ ᠤᠯᠠᠶᠢᠵᠤ᠂ ᠠᠵᠢᠯ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠨᠳᠦ ᠨᠣᠴᠢᠲᠠᠶ ᠨᠥᠯᠥᠭᠡᠯᠡᠨ᠎ᠡ᠃ ᠬᠠᠮᠠᠷ ᠤᠨ ᠦᠷᠪᠢᠰᠦᠯ ᠲᠠᠢ ᠡᠪᠡᠳᠴᠢᠲᠡᠨ ᠦᠭᠡ ᠬᠡᠯᠡᠬᠦ ᠪᠠ ᠬᠤᠭᠤᠯᠠ ᠢᠳᠡᠬᠦ ᠳᠡᠭᠡᠨ ᠴᠦ ᠨᠠᠶᠢᠲᠠᠭᠠᠳ᠂ ᠨᠢᠰᠤ ᠪᠠᠨ ᠨᠢᠭᠢᠬᠦ ᠨᠢ ᠥᠨᠳᠥᠷ ᠳᠠᠪᠲᠠᠮᠵᠢ ᠲᠠᠢ ᠬᠥᠳᠡᠯᠭᠡᠭᠡᠨ ᠪᠣᠯᠵᠤ᠂ ᠲᠣᠯᠣᠭᠠᠶ ᠡᠪᠡᠳᠬᠦ ᠪᠠᠨ ᠬᠡᠯᠡᠬᠦ ᠦᠭᠡᠢ ᠪᠣᠯᠵᠤ᠂ ᠬᠠᠮᠠᠷ ᠨᠢ ᠪᠠᠰᠠ ᠤᠯᠠᠶᠢᠵᠤ᠂ ᠠᠵᠢᠯ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠨᠳᠦ ᠨᠣᠴᠢᠲᠠᠶ ᠨᠥᠯᠥᠭᠡᠯᠡᠨ᠎ᠡ᠃      ᠲᠡᠭᠡᠪᠡᠯ ᠶᠠᠭᠤ ᠶᠢ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠭᠡᠬᠦ ᠪᠣᠢ︖ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠨᠢ ᠶᠠᠮᠠᠷ ᠶᠠᠮᠠᠷ ᠬᠤᠣᠷ ᠬᠥᠨᠥᠭᠡᠯ ᠲᠠᠢ ᠪᠣᠢ︖ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠬᠡᠷᠬᠢᠨ ᠰᠡᠷᠭᠡᠶᠢᠯᠡᠬᠦ ᠪᠣᠢ︖ ᠨᠠᠮᠤᠷ ᠤᠨ ᠤᠯᠠᠷᠢᠯ ᠢ ᠰᠡᠳᠬᠢᠯ ᠠᠮᠤᠷ ᠥᠩᠭᠡᠷᠡᠭᠦᠯᠦᠶ᠎ᠡ ᠭᠡᠪᠡᠯ᠂ ᠬᠠᠷᠰᠢᠬᠤ ᠴᠢᠨᠠᠷᠲᠠᠶ ᠬᠠᠮᠠᠷ ᠤᠨ ᠦᠷᠪᠢᠰᠦᠯ ᠤᠨ ᠲᠤᠬᠠᠶ ᠡᠲᠡᠭᠡᠷ ᠪᠠᠭ᠎ᠠ ᠮᠡᠳᠡᠯᠭᠡ ᠶᠢ ᠤᠷᠢᠳ ᠢᠶᠠᠷ ᠣᠶᠢᠯᠠᠭᠠᠬᠤ ᠬᠡᠷᠡᠭᠲᠡᠶ᠃      ᠬᠠᠷᠰᠢᠮᠠᠲᠠᠭᠠᠢ ᠬᠠᠮᠠᠷ ᠤᠨ ᠦᠷᠪᠢᠰᠦᠯ ᠢ ᠶᠠᠮᠠᠷ ᠬᠡᠳᠦᠨ ᠲᠥᠷᠥᠯ ᠬᠤᠪᠢᠶᠠᠬᠤ ᠪᠣᠢ      ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠪᠠᠰᠠ ᠬᠤᠪᠢᠰᠤᠯᠲᠠ ᠶᠢᠨ ᠴᠢᠨᠠᠷᠲᠠᠶ ᠬᠠᠮᠠᠷ ᠤᠨ ᠦᠷᠪᠢᠰᠦᠯ ᠭᠡᠳᠡᠭ᠂ ᠲᠡᠷᠡ ᠨᠢ ᠬᠥᠮᠦᠨ ᠤ ᠪᠡᠶ᠎ᠡ ᠬᠠᠷᠰᠢᠮᠠᠲᠠᠭᠠᠶ ᠡᠭᠦᠰᠭᠡᠭᠴᠢ ᠲᠠᠢ ᠬᠦᠷᠦᠯᠴᠡᠭᠰᠡᠨ ᠤ ᠳᠠᠷᠠᠭᠠᠬᠢ ᠨᠢᠭᠡ ᠵᠦᠢᠯ ᠤᠨ ᠬᠠᠷᠰᠢᠮᠠᠲᠠᠭᠠᠶ ᠤᠷᠪᠠᠯ ᠢ ᠵᠢᠭᠠᠵᠤ ᠪᠠᠶᠢᠨ᠎ᠠ᠂ ᠭᠤᠣᠯ ᠢᠯᠡᠷᠡᠯ ᠨᠢ ᠬᠠᠮᠠᠷ ᠵᠠᠭᠠᠲᠤᠨᠠᠬᠤ᠂ ᠦᠷᠭᠦᠯᠵᠢᠯᠡᠭᠰᠡᠨ ᠴᠢᠨᠠᠷᠲᠠᠶ ᠠᠯᠤᠰᠯᠠᠨ ᠨᠠᠶᠢᠲᠠᠭᠠᠬᠤ᠂ ᠤᠰᠤ ᠭᠤᠭᠤᠵᠢᠬᠤ ᠮᠠᠶ᠋ᠢᠭ ᠤᠨ ᠨᠢᠰᠤ ᠭᠤᠭᠤᠵᠢᠬᠤ ᠵᠢᠴᠢ ᠬᠠᠮᠠᠷ ᠪᠥᠭᠯᠡᠷᠡᠬᠦ ᠵᠡᠷᠭᠡ ᠳᠥᠷᠪᠡᠨ ᠶᠡᠭᠡ ᠡᠪᠡᠳᠴᠢᠨ ᠤ ᠢᠯᠡᠷᠡᠯ ᠢ ᠵᠢᠭᠠᠵᠤ ᠪᠣᠢ᠂ ᠡᠭᠦᠨ ᠳᠤ ᠭᠤᠣᠯᠳᠠᠭᠤ ᠬᠠᠮᠠᠷ ᠵᠠᠭᠠᠲᠤᠨᠠᠬᠤ᠂ ᠦᠷᠭᠦᠯᠵᠢᠯᠡᠭᠰᠡᠨ ᠴᠢᠨᠠᠷᠲᠠᠶ ᠨᠠᠶᠢᠲᠠᠭᠠᠬᠤ᠂ ᠤᠰᠤ ᠭᠤᠭᠤᠵᠢᠬᠤ ᠮᠠᠶ᠋ᠢᠭ ᠤᠨ ᠨᠢᠰᠤ ᠭᠤᠭᠤᠵᠢᠬᠤ ᠵᠢᠴᠢ ᠬᠠᠮᠠᠷ ᠪᠥᠭᠯᠡᠷᠡᠬᠦ ᠵᠡᠷᠭᠡ ᠳᠥᠷᠪᠡᠨ ᠶᠡᠭᠡ ᠡᠪᠡᠳᠴᠢᠨ ᠤ ᠢᠯᠡᠷᠡᠯ ᠢ ᠪᠠᠭᠲᠠᠭᠠᠨ᠎ᠠ᠃      ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠤᠯᠠᠷᠢᠯ ᠤᠨ ᠴᠢᠨᠠᠷᠲᠠᠶ ᠪᠠ ᠪᠠᠶᠢᠩᠭᠤ ᠶᠢᠨ ᠴᠢᠨᠠᠷᠲᠠᠶ ᠭᠡᠵᠦ ᠬᠤᠶᠠᠷ ᠵᠦᠢᠯ ᠳᠤ ᠬᠤᠪᠢᠶᠠᠨ᠎ᠠ᠃ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠪᠠᠰᠠ ︽ᠴᠡᠴᠡᠭ ᠤᠨ ᠲᠣᠭᠤᠰᠣᠲᠤ ᠡᠪᠡᠳᠴᠢᠨ︾ ᠭᠡᠳᠡᠭ᠂ ᠵᠢᠯ ᠪᠦᠷᠢ ᠵᠥᠪᠬᠡᠨ ᠤᠯᠠᠷᠢᠯ ᠤᠨ ᠴᠢᠨᠠᠷᠲᠠᠶ ᠬᠥᠳᠡᠯᠳᠡᠭ᠂ ᠡᠨᠡ ᠨᠢ ᠶᠡᠷᠦ ᠳᠡᠭᠡᠨ ᠴᠡᠴᠡᠭ᠂ ᠡᠪᠡᠰᠦ᠂ ᠮᠣᠳᠣ ᠵᠡᠷᠭᠡ ᠠᠴᠠ ᠡᠭᠦᠰᠳᠡᠭ᠂ ᠣᠯᠠᠩᠬᠢ ᠳᠠᠭᠠᠨ ᠤᠯᠠᠷᠢᠯ ᠤᠨ ᠴᠢᠨᠠᠷᠲᠠᠶ ᠬᠡᠷ ᠤᠨ ᠭᠠᠳᠠᠨᠠᠬᠢ ᠣᠷᠴᠢᠨ ᠲᠣᠭᠤᠷᠢᠨ ᠲᠠᠢ ᠬᠤᠯᠪᠣᠭ᠎ᠠ ᠲᠠᠢ ᠪᠠᠶᠢᠳᠠᠭ᠃ ᠡᠩ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠳᠤ ᠨᠡᠷᠪᠡᠭᠳᠡᠬᠦ ᠨᠢ ᠤᠯᠠᠷᠢᠯ ᠤᠨ ᠴᠢᠨᠠᠷᠲᠠᠶ ᠢᠯᠡᠷᠬᠡᠶ ᠵᠥᠷᠢᠶ᠎ᠡ ᠦᠭᠡᠶ᠂ ᠲᠡᠭᠦᠨ ᠤ ᠬᠠᠷᠰᠢᠮᠠᠲᠠᠭᠠᠶ ᠡᠯᠧᠮᠧᠨ᠋ᠲ ᠲᠤ ᠲᠣᠭᠤᠰᠣᠨ ᠬᠠᠴᠢᠭ᠂ ᠵᠢᠩᠬᠢᠨᠢ ᠮᠥᠭᠦ᠂ ᠠᠮᠢᠲᠠᠨ ᠤ ᠠᠷᠠᠰᠤᠨ ᠤ ᠬᠠᠭ᠂ ᠵᠣᠤᠮ᠎ᠠ ᠵᠡᠷᠭᠡ ᠪᠠᠭᠲᠠᠳᠠᠭ ᠪᠥᠭᠡᠳ ᠣᠯᠠᠩᠬᠢ ᠨᠢ ᠭᠡᠷ ᠳᠣᠲᠣᠷᠠᠬᠢ ᠣᠷᠴᠢᠨ ᠲᠣᠭᠤᠷᠢᠨ ᠲᠠᠢ ᠬᠤᠯᠪᠣᠭ᠎ᠠ ᠲᠠᠢ᠂ ᠲᠣᠭᠤᠰᠣᠨ ᠬᠠᠴᠢᠭ ᠬᠠᠮᠤᠭ ᠣᠯᠠᠨ ᠬᠠᠷᠠᠭᠳᠠᠳᠠᠭ᠃ ᠢᠳᠡᠭᠡᠨ ᠠᠴᠠ ᠪᠣᠯᠤᠭᠰᠠᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠳᠤ ᠬᠠᠷᠰᠢᠮᠠᠲᠠᠭᠠᠶ ᠴᠢᠨᠠᠷᠲᠠᠶ ᠠᠷᠠᠰᠤᠨ ᠤ ᠦᠷᠪᠢᠰᠦᠯ ᠵᠡᠷᠭᠡ ᠪᠤᠰᠤᠳ ᠢᠯᠡᠷᠡᠯ ᠳᠠᠭᠠᠯᠳᠤᠳᠠᠭ᠃      ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠪᠠᠰᠠ ᠬᠠᠪᠤᠷ ᠤᠨ ᠤᠯᠠᠷᠢᠯ ᠪᠠ ᠨᠠᠮᠤᠷ ᠤᠨ ᠤᠯᠠᠷᠢᠯ ᠤᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠭᠡᠵᠦ ᠠᠩᠭᠢᠯᠠᠳᠠᠭ᠃ ᠵᠢᠯ ᠪᠦᠷᠢ ᠶᠢᠨ ᠬᠠᠪᠤᠷ ᠤᠨ ᠤᠯᠠᠷᠢᠯ ᠤᠨ ᠰᠠᠯᠬᠢᠨ ᠤ ᠣᠷᠴᠢᠨ ᠳᠠᠬᠢ ᠴᠡᠴᠡᠭ ᠤᠨ ᠲᠣᠭᠤᠰᠣ ᠨᠢ ᠮᠣᠳᠣᠨ ᠤ ᠴᠡᠴᠡᠭ ᠤᠨ ᠲᠣᠭᠤᠰᠣ ᠪᠠᠷ ᠭᠤᠣᠯᠯᠠᠵᠤ᠂ ᠦᠷᠭᠦᠯᠵᠢ ᠬᠠᠷᠠᠭᠳᠠᠳᠠᠭ ᠤᠷᠭᠤᠮᠠᠯ ᠳᠤ ᠬᠠᠶᠢᠯᠠᠰᠤᠨ ᠮᠣᠳᠣ᠂ ᠤᠯᠢᠶᠠᠰᠤᠨ ᠮᠣᠳᠣ᠂ ᠤᠳᠠ ᠮᠣᠳᠣ᠂ ᠠᠷᠴᠠ ᠮᠣᠳᠣ ᠵᠡᠷᠭᠡ ᠪᠤᠶ ᡽ ᠬᠠᠷᠢᠨ ᠵᠢᠯ ᠪᠦᠷᠢ ᠶᠢᠨ ᠨᠠᠮᠤᠷ ᠤᠨ ᠤᠯᠠᠷᠢᠯ ᠳᠤ ᠰᠠᠯᠬᠢᠨ ᠵᠠᠭᠤᠴᠢᠳᠤ ᠴᠡᠴᠡᠭ ᠤᠨ ᠨᠤᠨᠲᠠᠭ ᠨᠢ ᠡᠯᠳᠡᠪ ᠡᠪᠡᠰᠦᠨ ᠤ ᠴᠡᠴᠡᠭ ᠤᠨ ᠲᠣᠭᠤᠰᠣ ᠪᠠᠷ ᠭᠤᠣᠯᠯᠠᠳᠠᠭ᠂ ᠦᠷᠭᠦᠯᠵᠢ ᠬᠠᠷᠠᠭᠳᠠᠳᠠᠭ ᠤᠷᠭᠤᠮᠠᠯ ᠳᠤ ᠰᠢᠷᠠᠯᠵᠢ ᠶᠢᠨ ᠲᠦᠷᠦᠯ᠂ ᠠᠮᠪᠷᠣᠰ ᠡᠪᠡᠰᠦ᠂ ᠬᠥᠷᠥᠰᠥᠨ ᠤ ᠠᠷᠠᠰᠤ᠂ ᠠᠯᠠᠭ ᠮᠠᠭᠠᠵᠢ ᠵᠡᠷᠭᠡ ᠪᠣᠢ᠃      ᠣᠳᠣ ᠶᠠᠭ ᠨᠠᠮᠤᠷ ᠤᠨ ᠤᠯᠠᠷᠢᠯ ᠪᠣᠯᠵᠤ ᠪᠠᠶᠢᠭ᠎ᠠ ᠪᠣᠯᠬᠤᠷ ᠣᠯᠠᠨ ᠢᠶᠠᠷ ᠢᠶᠠᠨ ᠰᠢᠷᠠᠯᠵᠢ ᠶᠢᠨ ᠲᠥᠷᠥᠯ᠂ ᠠᠮᠪᠷᠣᠰ ᠡᠪᠡᠰᠦ ᠵᠡᠷᠭᠡ ᠶᠢ ᠣᠯᠵᠤ ᠬᠠᠷᠠᠳᠠᠭ ᠨᠢ ᠳᠠᠷᠤᠶ ᠬᠠᠷᠰᠢᠯ ᠡᠭᠦᠰᠭᠡᠳᠡᠭ ᠬᠡᠷᠡᠭ ᠤᠨ ᠡᠵᠡᠨ ᠪᠣᠯᠤᠨ᠎ᠠ᠃      ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠨᠢ ᠶᠠᠮᠠᠷ ᠶᠠᠮᠠᠷ ᠬᠤᠣᠷ ᠬᠥᠨᠥᠭᠡᠯ ᠲᠠᠢ ᠪᠣᠢ      ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠠᠴᠠ ᠪᠣᠯᠤᠭᠰᠠᠨ ᠬᠠᠮᠠᠷ ᠤᠨ ᠬᠥᠨᠳᠡᠶ ᠶᠢᠨ ᠲᠦᠭᠵᠢᠷᠡᠯ ᠨᠢ ᠠᠮᠢᠰᠬᠤᠯ ᠪᠥᠭᠯᠡᠷᠡᠬᠦ ᠪᠤᠶᠤ ᠬᠦᠴᠢᠷᠳᠡᠵᠦ᠂ ᠤᠷᠲᠤ ᠬᠤᠭᠤᠴᠠᠭ᠎ᠠ ᠪᠠᠷ ᠬᠦᠴᠢᠯᠲᠥ᠋ᠷᠥᠭᠴᠢ ᠳᠤᠲᠠᠭᠳᠠᠪᠠᠯ ᠮᠡᠳᠡᠷᠡᠯ ᠤᠨ ᠰᠢᠰᠲ᠋ᠧᠮ ᠤᠨ ᠪᠤᠶᠢᠵᠢᠯᠲᠠ ᠤᠳᠠᠭᠠᠰᠢᠷᠠᠵᠤ᠂ ᠠᠩᠬᠠᠷᠤᠯ ᠲᠥᠪᠯᠡᠷᠡᠬᠦ ᠦᠭᠡᠢ ᠪᠣᠯᠵᠤ᠂ ᠬᠡᠦᠬᠡᠳ ᠤᠨ ᠰᠤᠷᠤᠯᠭ᠎ᠠ ᠶᠢᠨ ᠬᠢᠷᠢ ᠪᠦᠲᠦᠮᠵᠢ ᠶᠢ ᠨᠥᠯᠥᠭᠡᠯᠡᠨ᠎ᠡ᠃ ᠤᠷᠲᠤ ᠬᠤᠭᠤᠴᠠᠭ᠎ᠠ ᠪᠠᠷ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠨᠢ ᠪᠤᠯᠴᠢᠷᠬᠠᠶᠢᠲᠤ ᠪᠡᠶ᠎ᠡ ᠶᠢ ᠲᠣᠮᠣᠷᠠᠭᠤᠯᠵᠤ᠂ ᠬᠦᠨᠳᠦ ᠨᠣᠴᠢᠲᠠᠶ ᠨᠢ ᠡᠷᠡᠦ ᠶᠢᠨ ᠲᠠᠯ᠎ᠠ ᠶᠢᠨ ᠬᠡᠪ ᠤᠨ ᠪᠤᠰᠤ ᠪᠤᠶᠢᠵᠢᠯᠲᠠ ᠶᠢ ᠡᠭᠦᠰᠭᠡᠨ᠎ᠡ᠃ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠬᠡᠦᠬᠡᠳ ᠤᠨ ᠤᠷᠲᠤ ᠬᠤᠭᠤᠴᠠᠭ᠎ᠠ ᠪᠠᠷ ᠬᠡᠰᠡᠭ ᠭᠠᠵᠠᠷ ᠤᠨ ᠰᠢᠬᠢᠷᠲᠦ ᠪᠣᠷᠣ ᠳᠠᠪᠬᠤᠷᠭ᠎ᠠ ᠶᠢᠨ ᠬᠤᠷᠮᠣᠨ ᠳᠤ ᠬᠡᠷᠡᠭᠯᠡᠬᠦ ᠡᠮ ᠨᠢ ᠪᠡᠶ᠎ᠡ ᠶᠢᠨ ᠥᠨᠳᠥᠷ ᠢ ᠨᠥᠯᠥᠭᠡᠯᠡᠨ᠎ᠡ᠃      ᠢᠳᠡᠭᠡᠨ ᠳᠤ ᠬᠠᠷᠰᠢᠬᠤ ᠠᠴᠠ ᠪᠣᠯᠤᠭᠰᠠᠨ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠤᠷᠲᠤ ᠬᠤᠭᠤᠴᠠᠭ᠎ᠠ ᠪᠠᠷ ᠬᠠᠷᠰᠢᠮᠠᠲᠠᠭᠠᠶ ᠢᠳᠡᠭᠡᠨ ᠠᠴᠠ ᠵᠠᠶᠢᠯᠠᠭᠰᠠᠨ ᠠᠴᠠ ᠰᠢᠮ᠎ᠡ ᠲᠡᠵᠢᠭᠡᠯ ᠳᠤᠲᠠᠭᠳᠠᠬᠤ ᠪᠤᠶᠤ ᠥᠰᠥᠯᠲᠡ ᠪᠤᠶᠢᠵᠢᠯᠲᠠ ᠨᠢ ᠤᠳᠠᠭᠠᠰᠢᠷᠠᠳᠠᠭ᠃ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠨᠢ ᠪᠠᠰᠠ ᠤᠯᠠᠮ ᠨᠢᠭᠡ ᠠᠯᠬᠤᠮ ᠬᠠᠷᠰᠢᠮᠠᠲᠠᠭᠠᠶ ᠴᠢᠨᠠᠷᠲᠠᠶ ᠬᠢᠷᠬᠢᠷ᠎ᠡ ᠪᠣᠯᠵᠤ᠂ ᠡᠪᠡᠳᠴᠢᠲᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠪᠠᠷ ᠪᠠᠷᠠᠬᠤ ᠦᠭᠡᠶ᠂ ᠪᠠᠰᠠ ᠭᠡᠷ ᠪᠦᠯᠢ᠂ ᠨᠡᠶᠢᠭᠡᠮ ᠳᠤ ᠬᠦᠨᠳᠦ ᠨᠦᠰᠡᠷ ᠠᠵᠤ ᠠᠬᠤᠶ ᠶᠢᠨ ᠳᠠᠷᠤᠭᠠᠰᠤ ᠠᠪᠴᠢᠷᠠᠳᠠᠭ᠃ ᠡᠶᠢᠮᠦ ᠠᠴᠠ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠵᠠᠪᠠᠯ ᠴᠠᠭ ᠲᠤᠬᠠᠶ ᠳᠤᠨᠢ ᠡᠮᠨᠡᠨ ᠵᠠᠰᠠᠬᠤ ᠬᠡᠷᠡᠭᠲᠡᠶ᠃      ᠬᠠᠷᠰᠢᠬᠤ ᠴᠢᠨᠠᠷᠲᠠᠢ ᠬᠠᠮᠠᠷ ᠤᠨ ᠦᠷᠪᠢᠰᠦᠯ ᠢ ᠬᠡᠷᠬᠢᠨ ᠰᠡᠷᠭᠡᠶᠢᠯᠡᠬᠦ ᠪᠤᠢ      ᠬᠠᠷᠰᠢᠮᠠᠲᠠᠭᠠᠶ ᠶᠢ ᠤᠷᠢᠳᠴᠢᠯᠠᠨ ᠰᠡᠷᠭᠡᠶᠢᠯᠡᠬᠦ᠄ ᠬᠠᠷᠰᠢᠮᠠᠲᠠᠭᠠᠶ ᠶᠢᠨ ᠬᠠᠮᠠᠷ ᠤᠨ ᠦᠷᠪᠢᠰᠦᠯ ᠨᠢ ᠤᠳᠤᠮᠯᠠᠯ ᠪᠠ ᠣᠷᠴᠢᠨ ᠲᠣᠭᠤᠷᠢᠨ ᠤ ᠡᠯᠧᠮᠧᠨ᠋ᠲ ᠤᠨ ᠬᠠᠮᠲᠤ ᠶᠢᠨ ᠦᠢᠯᠡᠳᠦᠯ ᠢ ᠬᠦᠷᠲᠡᠳᠡᠭ᠂ ᠡᠭᠦᠨ ᠳᠤ ᠣᠷᠴᠢᠨ ᠲᠣᠭᠤᠷᠢᠨ ᠤ ᠡᠯᠧᠮᠧᠨ᠋ᠲ ᠤᠨ ᠳᠣᠲᠣᠷ᠎ᠠ ᠬᠠᠷᠰᠢᠮᠠᠲᠠᠭᠠᠶ ᠶᠢᠨ ᠥᠨᠳᠥᠷ ᠢᠯᠡᠷᠡᠯᠲᠡ ᠨᠢ ᠭᠤᠣᠯ ᠦᠢᠯᠡᠳᠦᠯ ᠦᠵᠡᠭᠦᠯᠳᠡᠭ᠂ ᠡᠶᠢᠮᠦ ᠠᠴᠠ ᠣᠷᠴᠢᠨ ᠲᠣᠭᠤᠷᠢᠨ ᠤ ᠬᠠᠷᠰᠢᠮᠠᠲᠠᠭᠠᠶ ᠶᠢ ᠨᠥᠯᠥᠭᠡᠯᠡᠬᠦ ᠨᠢ ᠲᠦᠢᠯ ᠤᠨ ᠴᠢᠬᠤᠯᠠ ᠪᠠᠶᠢᠳᠠᠭ᠃      ᠵᠢᠱᠢᠶᠡᠯᠡᠪᠡᠯ᠂ ᠴᠡᠴᠡᠭ ᠤᠨ ᠲᠣᠭᠤᠰᠣᠨ ᠳᠤ ᠬᠠᠷᠰᠢᠮᠠᠲᠠᠭᠠᠶ ᠬᠥᠮᠦᠨ ᠴᠡᠴᠡᠭ ᠤᠨ ᠲᠣᠭᠤᠰᠣᠨ ᠤ ᠤᠯᠠᠷᠢᠯ ᠳᠤ ᠬᠡᠷ ᠤᠨ ᠭᠠᠳᠠᠨᠠᠬᠢ ᠬᠥᠳᠡᠯᠭᠡᠭᠡᠨ ᠢ ᠪᠠᠭᠠᠰᠬᠠᠵᠤ᠂ ᠬᠡᠷ ᠤᠨ ᠭᠠᠳᠠᠨᠠᠬᠢ ᠬᠥᠳᠡᠯᠭᠡᠭᠡᠨ ᠳᠤ ᠠᠮᠠᠪᠴᠢ ᠪᠠ ᠨᠢᠳᠦᠨ ᠰᠢᠯ᠂ ᠮᠠᠯᠠᠭᠠᠶ ᠵᠡᠭᠦᠵᠦ᠂ ᠣᠷᠳᠣ ᠬᠠᠨᠴᠤᠶ ᠲᠠᠢ ᠬᠤᠪᠴᠠᠰᠤ ᠡᠮᠦᠰᠴᠦ᠂ ᠠᠯᠢ ᠴᠢᠳᠠᠬᠤ ᠪᠠᠷ ᠴᠡᠴᠡᠭ ᠤᠨ ᠲᠣᠭᠤᠰᠣ ᠲᠠᠢ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠬᠠᠷᠰᠢᠮᠠᠲᠠᠭᠠᠶ ᠶᠢ ᠡᠰᠡᠷᠭᠦᠴᠡᠬᠦ ᠡᠮ ᠠᠪᠴᠤ ᠶᠠᠪᠤᠬᠤ ᠬᠡᠷᠡᠭᠲᠡᠶ ᠪᠥᠭᠡᠳ ᠬᠡᠷ ᠲᠡᠭᠡᠨ ᠬᠠᠷᠢᠭᠰᠠᠨ ᠤ ᠳᠠᠷᠠᠭ᠎ᠠ ᠴᠠᠭ ᠲᠤᠬᠠᠶ ᠳᠤᠨᠢ ᠪᠡᠶ᠎ᠡ ᠪᠠᠨ ᠤᠬᠢᠶᠠᠵᠤ᠂ ᠬᠡᠷ ᠤᠨ ᠭᠠᠳᠠᠨ᠎ᠠ ᠠᠪᠴᠤ ᠤᠷᠤᠭᠰᠠᠨ ᠴᠡᠴᠡᠭ ᠤᠨ ᠲᠣᠭᠤᠰᠣ ᠪᠠᠨ ᠠᠪᠴᠤ ᠬᠠᠶᠠᠬᠤ ᠬᠡᠷᠡᠭᠲᠡᠶ᠃ ᠥᠷᠥᠭᠡᠨ ᠳᠣᠲᠣᠷᠠᠬᠢ ᠴᠢᠭᠢᠭ ᠤᠨ ᠬᠡᠮᠵᠢᠶ᠎ᠡ ᠶᠢ 50%᠎ ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠂ ᠥᠷᠥᠭᠡᠨ ᠳᠣᠲᠣᠷᠠᠬᠢ ᠠᠷᠢᠭᠤᠨ ᠴᠡᠪᠡᠷ ᠢ ᠪᠠᠲᠤᠯᠠᠵᠤ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠡᠭᠦᠰᠭᠡᠬᠦ ᠪᠤᠰᠤᠳ ᠡᠯᠧᠮᠧᠨ᠋ᠲ᠂ ᠵᠢᠱᠢᠶᠡᠯᠡᠪᠡᠯ ᠲᠣᠭᠤᠰᠣᠨ ᠬᠠᠴᠢᠭ᠂ ᠵᠢᠩᠬᠢᠨᠢ ᠮᠥᠭᠦ᠂ ᠠᠮᠢᠲᠠᠨ ᠤ ᠠᠷᠠᠰᠤᠨ ᠤ ᠬᠠᠭ᠂ ᠵᠣᠣᠮ᠎ᠠ ᠵᠡᠷᠭᠡ ᠶᠢ ᠠᠷᠢᠯᠭᠠᠨ᠎ᠠ᠃      ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠬᠥᠭᠵᠢᠯᠲᠡ ᠶᠢᠨ ᠠᠬᠢᠴᠠ ᠶᠢ ᠲᠠᠰᠤᠯᠬᠤ᠄ ᠬᠡᠦᠬᠡᠳ ᠪᠣᠯ ᠬᠠᠷᠰᠢᠮᠠᠲᠠᠭᠠᠶ ᠴᠢᠨᠠᠷᠲᠠᠶ ᠡᠪᠡᠳᠴᠢᠨ ᠡᠮᠭᠡᠭ ᠢᠶᠠᠷ ᠬᠠᠮᠤᠭ ᠤᠨ ᠶᠡᠭᠡ ᠡᠪᠡᠳᠴᠢᠲᠡᠨ ᠪᠣᠯᠬᠤᠷ ᠬᠡᠦᠬᠡᠳ ᠤᠨ ᠦᠶ᠎ᠡ ᠶᠢᠨ ᠬᠠᠷᠰᠢᠮᠠᠲᠠᠭᠠᠶ ᠪᠣᠯᠬᠤ ᠶᠢ ᠰᠡᠷᠭᠡᠶᠢᠯᠡᠨ ᠵᠠᠰᠠᠬᠤ ᠶᠢ ᠴᠢᠬᠤᠯᠠᠴᠢᠯᠠᠪᠠᠯ ᠵᠣᠬᠢᠨ᠎ᠠ᠃      ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠲᠠᠰᠤᠯᠬᠤ ᠳᠤ ᠬᠠᠷᠰᠢᠮᠠᠲᠠᠭᠠᠶ ᠴᠢᠨᠠᠷᠲᠠᠶ ᠬᠢᠷᠬᠢᠷ᠎ᠡ ᠪᠣᠯᠵᠤ ᠬᠥᠭᠵᠢᠬᠦ ᠪᠣᠯ ᠬᠠᠷᠰᠢᠮᠠᠲᠠᠭᠠᠶ ᠪᠣᠯᠬᠤ ᠶᠢ ᠰᠡᠷᠭᠡᠶᠢᠯᠡᠨ ᠵᠠᠰᠠᠬᠤ ᠶᠢᠨ ᠴᠢᠬᠤᠯᠠ ᠠᠭᠤᠯᠭ᠎ᠠ ᠪᠣᠯᠤᠨ᠎ᠠ᠃ ᠨᠢᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠪᠠᠶᠢᠴᠠᠭᠠᠨ᠎ᠠ᠂ ᠵᠢᠱᠢᠶᠡᠯᠡᠪᠡᠯ ᠬᠠᠷᠰᠢᠮᠠᠲᠠᠭᠠᠶ ᠶᠢᠨ ᠬᠤᠪᠢᠷᠠᠯᠲᠠ᠂ ᠬᠠᠷᠰᠢᠮᠠᠲᠠᠭᠠᠶ ᠶᠢᠨ ᠴᠢᠨᠠᠷᠲᠠᠶ ᠬᠠᠮᠠᠷ ᠤᠨ ᠦᠷᠪᠢᠰᠦᠯ ᠤᠨ ᠡᠪᠡᠳᠴᠢᠨ ᠤ ᠪᠠᠶᠢᠳᠠᠯ ᠤᠨ ᠠᠬᠢᠴᠠ ᠵᠡᠷᠭᠡ ᠶᠢ ᠮᠥᠷᠳᠡᠨ ᠪᠠᠶᠢᠴᠠᠭᠠᠨ᠎ᠠ᠃ ᠬᠤᠶᠠᠷ ᠲᠤ ᠬᠠᠷᠰᠢᠮᠠᠲᠠᠭᠠᠶ ᠶᠢ ᠲᠠᠶᠢᠯᠬᠤ ᠡᠮᠴᠢᠯᠡᠭᠡ ᠬᠢᠨ᠎ᠡ᠂ ᠵᠢᠱᠢᠶᠡᠯᠡᠪᠡᠯ ᠴᠡᠴᠡᠭ ᠤᠨ ᠲᠣᠭᠤᠰᠣᠨ ᠳᠤ ᠬᠠᠷᠰᠢᠬᠤ ᠡᠪᠡᠳᠴᠢᠲᠡᠨ ᠤ ᠴᠡᠴᠡᠭ ᠤᠨ ᠲᠣᠭᠤᠰᠣᠨ ᠤ ᠤᠯᠠᠷᠢᠯ ᠳᠠᠭᠤᠰᠤᠭᠰᠠᠨ ᠤ ᠳᠠᠷᠠᠭ᠎ᠠ ᠴᠡᠴᠡᠭ ᠤᠨ ᠲᠣᠭᠤᠰᠣᠨ ᠳᠤ ᠬᠠᠷᠰᠢᠮᠠᠲᠠᠭᠠᠶ ᠶᠢ ᠲᠠᠶᠢᠯᠬᠤ ᠡᠮᠴᠢᠯᠡᠭᠡ ᠬᠢᠵᠦ᠂ ᠢᠷᠡᠬᠦ ᠵᠢᠯ ᠤᠨ ᠴᠡᠴᠡᠭ ᠤᠨ ᠲᠣᠭᠤᠰᠣᠨ ᠳᠤ ᠬᠠᠷᠰᠢᠬᠤ ᠡᠪᠡᠳᠴᠢᠨ ᠤ ᠢᠯᠡᠷᠡᠯ ᠢ ᠬᠥᠩᠭᠡᠷᠡᠭᠦᠯᠦᠨ᠎ᠡ᠃      ᠢᠳᠡᠭᠡᠨ ᠤᠮᠳᠠᠭᠠᠨ ᠢ ᠠᠩᠬᠠᠷᠬᠤ᠄ ᠨᠢᠭᠡ ᠪᠦᠯᠦᠭ ᠴᠡᠴᠡᠭ ᠤᠨ ᠲᠣᠭᠤᠰᠣᠨ ᠳᠤ ᠬᠠᠷᠰᠢᠬᠤ ᠡᠪᠡᠳᠴᠢᠲᠡᠨ ᠵᠢᠮᠢᠰ᠂ ᠬᠠᠲᠠᠭᠤ ᠵᠢᠮᠢᠰ ᠢᠳᠡᠬᠦ ᠪᠠ ᠴᠢᠨᠠᠭᠰᠠᠨ ᠦᠭᠡᠢ ᠢᠳᠡᠰᠢᠨ ᠨᠣᠭᠤᠭ᠎ᠠ ᠢᠳᠡᠬᠦ ᠦᠶ᠎ᠡ ᠳᠤ ᠪᠠᠰᠠ ᠬᠠᠷᠰᠢᠬᠤ ᠰᠢᠨᠵᠢ ᠢᠯᠡᠷᠡᠨ᠎ᠡ᠂ ᠡᠮᠨᠡᠯᠭᠡ ᠶᠢᠨ ᠤᠬᠠᠭᠠᠨ ᠳᠤ ᠴᠡᠴᠡᠭ ᠤᠨ ᠲᠣᠭᠤᠰᠣ - ᠢᠳᠡᠭᠡᠨ ᠳᠤ ᠬᠠᠷᠰᠢᠬᠤ ᠬᠤᠷᠠᠮᠠᠯ ᠭᠡᠮ ᠭᠡᠳᠡᠭ᠃ ᠲᠤᠰ ᠲᠥᠷᠥᠯ ᠤᠨ ᠡᠪᠡᠳᠴᠢᠲᠡᠨ ᠢᠳᠡᠭᠡᠨ ᠳᠤ ᠬᠠᠷᠰᠢᠬᠤ ᠶᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠵᠤ᠂ ᠢᠳᠡᠭᠡᠨ ᠤᠮᠳᠠᠭᠠᠨ ᠢᠶᠠᠨ ᠠᠩᠬᠠᠷᠴᠤ᠂ ᠴᠡᠴᠡᠭ ᠤᠨ ᠲᠣᠭᠤᠰᠣ - ᠢᠳᠡᠭᠡᠨ ᠳᠤ ᠬᠠᠷᠰᠢᠮᠠᠲᠠᠭᠠᠶ ᠬᠤᠷᠠᠮᠠᠯ ᠭᠡᠮ ᠡᠭᠦᠰᠬᠦ ᠠᠴᠠ ᠵᠠᠶᠢᠯᠠᠰᠬᠢᠨ᠎ᠡ᠃      ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠬᠥᠮᠦᠨ ᠸᠢᠲ᠋ᠠᠮᠢᠨ B ᠪᠠ ᠸᠢᠲ᠋ᠠᠮᠢᠨ C ᠡᠯᠪᠡᠭ ᠠᠭᠤᠯᠤᠭᠳᠠᠬᠤ ᠢᠳᠡᠰᠢᠨ ᠨᠣᠭᠤᠭ᠎ᠠ ᠪᠠ ᠵᠢᠮᠢᠰ ᠢ ᠢᠯᠡᠭᠦᠬᠡᠨ ᠢᠳᠡᠵᠦ᠂ ᠰᠢᠬᠢᠷ ᠲᠠᠢ ᠤᠮᠳᠠᠭᠠᠨ ᠢ ᠪᠠᠭ᠎ᠠ ᠤᠤᠭᠤᠵᠤ᠂ ᠤᠰᠤ ᠠᠷᠪᠢᠨ ᠤᠤᠭᠤᠵᠤ᠂ ᠲᠣᠮᠣ ᠬᠥᠮᠦᠨ ᠲᠠᠮᠠᠬᠢ ᠴᠡᠭᠡᠷᠯᠡᠬᠦ ᠪᠤᠶᠤ ᠠᠷᠢᠬᠢ ᠤᠤᠭᠤᠬᠤ ᠬᠡᠷᠡᠭᠲᠡᠶ᠃      ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢ ᠪᠣᠢ ᠪᠣᠯᠭᠠᠨ᠎ᠠ᠄ ᠬᠦᠢᠲᠡᠨ ᠠᠴᠠ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠶᠢ ᠠᠩᠬᠠᠷᠴᠤ᠂ ᠬᠤᠪᠴᠠᠰᠤ ᠬᠤᠨᠠᠷ ᠢᠶᠠᠨ ᠵᠣᠬᠢᠬᠤ ᠬᠡᠮᠵᠢᠶ᠎ᠡ ᠪᠠᠷ ᠨᠡᠮᠡᠵᠦ ᠬᠠᠰᠤᠬᠤ ᠶᠢᠨ ᠬᠠᠮᠲᠤ ᠬᠦᠢᠲᠡᠨ ᠬᠠᠯᠠᠭᠤᠨ ᠳᠤᠯᠠᠭᠠᠨ ᠤ ᠵᠥᠷᠢᠶ᠎ᠡ ᠪᠠᠷ ᠨᠡᠯᠢᠶᠡᠳ ᠶᠡᠭᠡ ᠣᠷᠴᠢᠨ ᠲᠣᠭᠤᠷᠢᠨ ᠳᠤ ᠭᠡᠨᠡᠳᠲᠡ ᠪᠠᠷ ᠣᠷᠣᠵᠤ ᠭᠠᠷᠬᠤ ᠦᠭᠡᠢ ᠪᠠᠶᠢᠬᠤ ᠶᠢ ᠠᠩᠬᠠᠷᠬᠤ ᠬᠡᠷᠡᠭᠲᠡᠶ᠃ ᠨᠢᠭᠤᠷ ᠢᠶᠠᠨ ᠤᠬᠢᠶᠠᠬᠤ ᠳᠠᠭᠠᠨ ᠴᠡᠪᠡᠷ ᠤᠰᠤ ᠪᠠᠷ ᠬᠠᠮᠠᠷ ᠤᠨ ᠬᠥᠨᠳᠡᠶ ᠪᠠᠨ ᠤᠬᠢᠶᠠᠨ ᠴᠡᠪᠡᠷᠯᠡᠵᠦ᠂ ᠪᠦᠲᠦᠮᠵᠢᠲᠡᠶ ᠤᠬᠢᠶᠠᠨ ᠴᠡᠪᠡᠷᠯᠡᠬᠦ ᠬᠡᠷᠡᠭᠲᠡᠶ᠃ ᠡᠳᠦᠷ ᠪᠦᠷᠢ ᠵᠣᠬᠢᠬᠤ ᠬᠡᠮᠵᠢᠶᠡᠨ ᠤ ᠬᠥᠳᠡᠯᠭᠡᠭᠡᠨ ᠬᠢᠪᠡᠯ ᠬᠥᠮᠦᠨ ᠤ ᠪᠡᠶ᠎ᠡ ᠶᠢᠨ ᠪᠥᠭᠡᠷ᠎ᠡ ᠶᠢᠨ ᠳᠡᠭᠡᠳᠦ ᠪᠤᠯᠴᠢᠷᠬᠠᠶ ᠶᠢᠨ ᠰᠢᠭᠦᠷᠡᠯᠲᠡ ᠶᠢ ᠨᠡᠮᠡᠭᠳᠡᠭᠦᠯᠵᠦ᠂ ᠬᠠᠷᠰᠢᠬᠤ ᠶᠢ ᠬᠤᠷᠢᠭᠯᠠᠬᠤ ᠦᠢᠯᠡᠳᠦᠯ ᠲᠠᠢ᠃ ᠡᠮᠬᠢ ᠵᠢᠷᠤᠮ ᠲᠠᠢ ᠠᠵᠢᠯᠯᠠᠵᠤ ᠠᠮᠠᠷᠠᠬᠤ ᠶᠢ ᠪᠠᠷᠢᠮᠲᠠᠯᠠᠵᠤ᠂ ᠭᠦᠢᠴᠡᠳ ᠤᠨᠲᠠᠬᠤ ᠶᠢ ᠪᠠᠲᠤᠯᠠᠨ᠎ᠠ᠃                                           ᠢᠷᠡᠯᠲᠡ᠄ ᠡᠷᠡᠭᠦᠯ ᠡᠩᠬᠡ ᠳᠤᠮᠳᠠᠳᠤ ᠤᠯᠤᠰ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3