︽ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠬᠤᠪᠢ ᠶᠢᠨ ᠵᠢᠩ ᠢ ᠪᠠᠭᠤᠷᠠᠭᠤᠯᠬᠤ ᠬᠡᠷᠡᠭᠲᠡᠶ︾ ᠰᠤᠷᠭᠠᠨ ᠬᠥᠮᠦᠵᠢᠯ ᠤᠨ ᠶᠠᠮᠤᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2022/9/27
     ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ 9 ᠰᠠᠷ᠎ᠠ ᠶᠢᠨ 23᠎ ᠤ ᠡᠳᠦᠷ ︽ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ ᠳᠤᠮᠳᠠᠳᠤ ᠤᠯᠤᠰ ᠤᠨ ᠰᠣᠶᠣᠯ ᠤᠨ ᠠᠭᠤᠯᠭ᠎ᠠ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠨᠡᠮᠡᠭᠳᠡᠭᠦᠯᠬᠦ ᠪᠠ ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠬᠤᠪᠢ ᠶᠢᠨ ᠵᠢᠩ ᠢ ᠪᠠᠭᠤᠷᠠᠭᠤᠯᠬᠤ ᠲᠤᠬᠠᠶ ᠰᠠᠨᠠᠭᠤᠯᠭ᠎ᠠ︾᠎ ᠶᠢᠨ ᠬᠠᠷᠢᠭᠤᠯᠲᠠ ᠶᠢ ᠨᠡᠶᠢᠲᠡᠯᠡᠪᠡ᠂ ᠬᠠᠷᠢᠭᠤᠯᠲᠠ ᠳᠤ ᠢᠯᠡᠷᠡᠭᠦᠯᠦᠭᠰᠡᠨ ᠢᠶᠠᠷ᠄      ᠲᠣᠭᠲᠠᠭᠠᠯ ᠢ ᠦᠨᠳᠦᠰᠦᠯᠡᠪᠡᠯ᠂ ᠭᠠᠳᠠᠭᠠᠳᠤ ᠬᠡᠯᠡᠨ ᠤ ᠬᠢᠴᠢᠶᠡᠯ ᠤᠨ ᠴᠠᠭ ᠤᠨ ᠡᠵᠡᠯᠡᠬᠦ ᠬᠠᠷᠢᠴᠠᠯ ᠨᠢ 6 — 8% ᠪᠠᠶᠢᠵᠤ᠂ ᠬᠡᠯᠡ ᠪᠢᠴᠢᠭ᠂ ᠲᠣᠭᠠᠨ ᠤ ᠤᠬᠠᠭᠠᠨ᠂ ᠪᠡᠶ᠎ᠡ ᠶᠢᠨ ᠲᠠᠮᠢᠷ᠂ ᠤᠷᠠᠯᠢᠭ ᠵᠡᠷᠭᠡ ᠬᠢᠴᠢᠶᠡᠯ ᠲᠥᠷᠥᠯ ᠠᠴᠠ ᠢᠯᠡᠳᠲᠡ ᠳᠣᠤᠷ᠎ᠠ ᠪᠠᠶᠢᠳᠠᠭ᠂ ᠭᠠᠳᠠᠭᠠᠳᠤ ᠬᠡᠯᠡ ᠪᠣᠯ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠶᠢᠨ ᠪᠥᠬᠦ ᠲᠠᠯ᠎ᠠ ᠶᠢᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠡᠨᠡ ᠨᠢ ᠰᠤᠷᠤᠭᠴᠢᠳ ᠤᠨ ᠦᠭᠡ ᠬᠡᠯᠡᠨ ᠤ ᠴᠢᠳᠠᠪᠤᠷᠢ᠂ ᠰᠣᠶᠣᠯ ᠤᠨ ᠤᠬᠠᠮᠰᠠᠷ᠂ ᠰᠡᠳᠬᠢᠬᠦᠶ ᠶᠢᠨ ᠬᠡᠪ ᠴᠢᠨᠠᠷ᠂ ᠰᠤᠷᠤᠯᠴᠠᠬᠤ ᠴᠢᠳᠠᠪᠤᠷᠢ ᠵᠡᠷᠭᠡ ᠭᠤᠤᠯᠯᠠᠬᠤ ᠬᠡᠪ ᠪᠣᠯᠪᠠᠰᠤᠷᠠᠯ ᠢ ᠬᠥᠮᠦᠵᠢᠭᠦᠯᠬᠦ ᠪᠠ ᠬᠥᠭᠵᠢᠭᠦᠯᠬᠦ ᠳᠤ ᠠᠰᠢᠭᠲᠠᠶ ᠪᠠᠶᠢᠵᠤ᠂ ᠰᠤᠷᠤᠭᠴᠢᠳ ᠤᠨ ᠳᠤᠮᠳᠠᠳᠤ ᠤᠯᠤᠰ ᠤᠨ ᠰᠡᠳᠬᠢᠯᠭᠡ᠂ ᠣᠯᠠᠨ ᠤᠯᠤᠰ ᠤᠨ ᠬᠠᠷᠠᠭᠠᠰᠤ ᠪᠠ ᠰᠣᠶᠣᠯ ᠠᠯᠤᠰᠯᠠᠭᠰᠠᠨ ᠨᠡᠪᠲᠡᠷᠡᠯᠴᠡᠬᠦ ᠴᠢᠳᠠᠪᠤᠷᠢ ᠶᠢ ᠬᠥᠮᠦᠵᠢᠭᠦᠯᠬᠦ ᠳᠤ ᠠᠰᠢᠭᠲᠠᠶ ᠶᠤᠮ᠃      ᠪᠦᠬᠦ ᠠᠭᠤᠯᠭ᠎ᠠ ᠶᠢᠨ ᠬᠠᠷᠢᠭᠤ ᠳᠤ᠄      ᠲᠠᠨ ᠤ ᠳᠤᠷᠠᠳᠤᠭᠰᠠᠨ ︽ᠰᠣᠶᠣᠯ ᠤᠨ ᠢᠲᠡᠭᠡᠯ ᠢ ᠨᠡᠮᠡᠭᠳᠡᠭᠦᠯᠵᠦ ᠳᠤᠮᠳᠠᠳᠤ ᠤᠯᠤᠰ ᠤᠨ ᠰᠣᠶᠣᠯ ᠤᠨ ᠠᠭᠤᠯᠭ᠎ᠠ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠨᠡᠮᠡᠭᠳᠡᠭᠦᠯᠬᠦ ᠪᠠ ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠬᠤᠪᠢ ᠶᠢᠨ ᠵᠢᠩ ᠢ ᠪᠠᠭᠤᠷᠠᠭᠤᠯᠬᠤ ᠲᠤᠬᠠᠢ ᠰᠠᠨᠠᠭᠤᠯᠭ᠎ᠠ︾᠎ ᠶᠢ ᠣᠯᠵᠤ ᠣᠶᠢᠯᠠᠭᠠᠪᠠ᠂ ᠡᠳᠦᠭᠡ ᠳᠣᠣᠷᠠᠬᠢ ᠮᠡᠲᠦ ᠬᠠᠷᠢᠭᠤᠯᠲᠠ ᠥᠭᠭᠦᠶ᠎ᠡ᠃      ᠨᠢᠭᠡ᠂ ︽ᠠᠩᠭ᠍ᠯᠢ ᠬᠡᠯᠡᠨ ᠤ ᠵᠢᠭᠠᠨ ᠰᠤᠷᠭᠠᠯᠲᠠ ᠶᠢ ᠪᠠᠭᠤᠷᠠᠭᠤᠯᠤᠭᠰᠠᠨ ᠴᠠᠭ ᠢᠶᠠᠷ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠵᠢᠭᠠᠨ ᠰᠤᠷᠭᠠᠯᠲᠠ ᠶᠢ ᠨᠡᠮᠡᠭᠳᠡᠭᠦᠯᠬᠦ ᠪᠤᠶᠤ ᠨᠡᠮᠡᠭᠳᠡᠭᠦᠯᠵᠦ᠂ ᠵᠢᠱᠢᠶᠡᠯᠡᠪᠡᠯ ᠶᠠᠲᠤᠭ᠎ᠠ ᠰᠢᠲᠠᠷ᠎ᠠ ᠪᠢᠴᠢᠯᠭᠡ ᠵᠢᠷᠤᠭ ᠢ ᠨᠡᠮᠡᠭᠳᠡᠭᠦᠯᠵᠦ᠂ ᠬᠡᠦᠬᠡᠳ ᠢ ᠶᠢᠷᠲᠢᠨᠴᠦ ᠶᠢᠨ ᠦᠵᠡᠯᠲᠡ ᠪᠦᠷᠢᠯᠳᠦᠬᠦ ᠵᠠᠩᠭᠢᠯᠠᠭ᠎ᠠ ᠶᠢᠨ ᠦᠶ᠎ᠡ ᠳᠤ ᠮᠠᠨ ᠤ ᠳᠤᠮᠳᠠᠳᠤ ᠤᠯᠤᠰ ᠤᠨ ᠰᠣᠶᠣᠯ ᠲᠠᠢ ᠣᠶᠢᠷᠠᠲᠤᠭᠤᠯᠵᠤ᠂ ᠬᠠᠷᠠᠬᠠᠨ ᠪᠠᠭ᠎ᠠ ᠠᠴᠠ ᠪᠠᠨ ᠮᠠᠨ ᠤ ᠰᠣᠶᠣᠯ ᠤᠨ ᠤᠮᠤᠭᠰᠢᠯᠳᠤ ᠰᠡᠳᠬᠢᠯᠭᠡ ᠪᠠ ᠰᠣᠶᠣᠯ ᠤᠨ ᠢᠲᠡᠭᠡᠯ ᠢ ᠨᠡᠮᠡᠭᠳᠡᠭᠦᠯᠬᠦ︾ ᠲᠤᠬᠠᠶ ᠰᠠᠨᠠᠭᠤᠯᠭ᠎ᠠ      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠨᠢ ︽ᠶᠠᠮᠠᠷ ᠬᠥᠮᠦᠨ ᠢ ᠬᠥᠮᠦᠵᠢᠭᠦᠯᠬᠦ︾᠎ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠤᠷᠭᠠᠨ ᠬᠥᠮᠦᠵᠢᠯ ᠤᠨ ᠶᠠᠮᠤᠨ ᠲᠡᠦᠬᠡᠨ ᠠᠴᠠ ᠪᠠᠨ ᠠᠪᠤᠭᠠᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠰᠣᠶᠣᠯ ᠤᠨ ᠢᠲᠡᠭᠡᠯ ᠢ ᠨᠢ ᠪᠠᠲᠤᠳᠬᠠᠪᠠ᠃      1. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠤᠨ ᠰᠢᠰᠲ᠋ᠧᠮ ᠤᠨ ᠵᠢᠷᠤᠭ ᠲᠥᠯᠥᠪᠯᠡᠭᠡ ᠶᠢ ᠴᠢᠩᠭᠠᠳᠬᠠᠨ᠎ᠠ᠃ 2021 ᠣᠨ ᠳᠤ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠤᠮᠳᠠᠳᠤ ᠪᠠᠭ᠎ᠠ ᠰᠤᠷᠭᠠᠭᠤᠯᠢ ᠳᠤ ᠣᠷᠣᠭᠤᠯᠬᠤ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶᠎ ᠢ ᠰᠤᠳᠤᠯᠤᠨ ᠦᠢᠯᠡᠳᠴᠦ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠤᠷᠭᠠᠨ ᠬᠥᠮᠦᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠲᠥᠯᠥᠪᠯᠡᠵᠦ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠦᠨᠳᠦᠰᠦᠨ ᠵᠠᠷᠴᠢᠮ᠂ ᠶᠡᠷᠦᠩᠬᠡᠶ ᠬᠠᠷᠠᠯᠲᠠ᠂ ᠭᠤᠤᠯ ᠠᠭᠤᠯᠭ᠎ᠠ᠂ ᠠᠴᠢᠶᠠᠯᠠᠪᠤᠷᠢ ᠶᠢᠨ ᠬᠡᠯᠪᠡᠷᠢ᠂ ᠰᠤᠷᠤᠯᠭ᠎ᠠ ᠶᠢᠨ ᠬᠤᠭᠤᠴᠠᠭ᠎ᠠ ᠪᠠ ᠰᠢᠨᠵᠢᠯᠡᠭᠡᠨ ᠤ ᠰᠠᠯᠠᠭ᠎ᠠ ᠶᠢᠨ ᠱᠠᠭᠠᠷᠳᠠᠯᠭ᠎ᠠ ᠵᠡᠷᠭᠡ ᠶᠢ ᠲᠣᠳᠣᠷᠬᠠᠶ ᠲᠣᠭᠲᠠᠭᠠᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠨᠢ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠬᠢᠴᠢᠶᠡᠯ ᠢᠶᠠᠷ ᠭᠤᠤᠯ ᠪᠣᠯᠭᠠᠭᠰᠠᠨ ᠂ ᠤᠷᠠᠯᠢᠭ ︵ᠳᠠᠭᠤᠤ ᠬᠥᠭᠵᠢᠮ᠂ ᠤᠷᠠᠨ ᠵᠢᠷᠤᠭ ᠵᠡᠷᠭᠡ︶᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠰᠢᠨᠵᠢᠯᠡᠭᠡᠨ ᠤ ᠰᠠᠯᠠᠭ᠎ᠠ ᠶᠢ ᠭᠤᠤᠯᠳᠠᠯᠭ᠎ᠠ ᠲᠠᠢ ᠣᠷᠣᠭᠤᠯᠤᠭᠰᠠᠨ᠂ ᠪᠤᠰᠤᠳ ᠰᠢᠨᠵᠢᠯᠡᠭᠡᠨ ᠤ ᠰᠠᠯᠠᠭ᠎ᠠ ᠶᠢ ᠣᠷᠭᠠᠨᠢᠭ ᠢᠶᠠᠷ ᠨᠡᠪᠴᠢᠭᠦᠯᠦᠭᠰᠡᠨ ︽3+2+N︾ ᠰᠢᠨᠵᠢᠯᠡᠭᠡᠨ ᠤ ᠰᠠᠯᠠᠭ᠎ᠠ ᠶᠢᠨ ᠪᠦᠲᠦᠴᠡ ᠶᠢᠨ ᠲᠣᠬᠢᠷᠠᠭᠤᠯᠤᠯᠲᠠ ᠶᠢ ᠪᠦᠷᠢᠯᠳᠦᠭᠦᠯᠵᠡᠶ᠃      2. ᠬᠡᠯᠡ ᠪᠢᠴᠢᠭ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ︵ᠦᠵᠡᠯ ᠰᠠᠨᠠᠭ᠎ᠠ ᠤᠯᠤᠰ ᠲᠥᠷᠥ︶᠂ ᠲᠡᠤᠬᠡ ᠵᠡᠷᠭᠡ ᠰᠢᠨᠵᠢᠯᠡᠭᠡᠨ ᠤ ᠰᠠᠯᠠᠭ᠎ᠠ ᠪᠠᠷ ᠭᠤᠤᠯᠳᠠᠯᠭ᠎ᠠ ᠪᠣᠯᠭᠠᠨ ᠳᠤᠮᠳᠠᠳᠤ ᠶᠢᠨ ᠰᠢᠯᠢᠳᠡᠭ ᠤᠯᠠᠮᠵᠢᠯᠠᠯ ᠤᠨ ᠰᠤᠷᠭᠠᠨ ᠬᠥᠮᠦᠵᠢᠯ ᠳᠤ ᠣᠷᠭᠠᠨᠢᠭ ᠢᠶᠠᠷ ᠠᠭᠤᠰᠤᠯᠴᠠᠭᠤᠯᠤᠨ᠎ᠠ᠃ ︽ᠵᠦᠭᠯᠡᠭᠦᠷ︾᠎ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ 2022 ᠣᠨ ᠳᠤ᠂ ᠰᠤᠷᠭᠠᠨ ᠬᠥᠮᠦᠵᠢᠯ ᠤᠨ ᠶᠠᠮᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠪᠠ᠃ ᠡᠭᠦᠨ ᠳᠤ᠂ ᠬᠡᠯᠡ ᠪᠢᠴᠢᠭ ᠤᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ︾ ᠭᠡᠬᠦ ᠭᠤᠤᠯ ᠰᠡᠳᠦᠪ ᠤᠨ ᠭᠤᠤᠯ ᠠᠴᠢᠶᠠᠯᠠᠪᠤᠷᠢ ᠳᠤ ᠬᠢᠲᠠᠳ ᠥᠰᠥᠭ᠂ ᠤᠷᠠᠨ ᠪᠢᠴᠢᠯᠭᠡ᠂ ᠤᠯᠠᠮᠵᠢᠯᠠᠯᠲᠤ ᠪᠠᠶᠠᠷ ᠤᠨ ᠡᠳᠦᠷ ᠵᠡᠷᠭᠡ ᠪᠣᠶ︔ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ᠨᠢ ᠰᠤᠷᠭᠠᠭᠤᠯᠢ ᠶᠢᠨ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ᠂ ᠬᠤᠪᠴᠠᠰᠤ ᠵᠠᠰᠠᠯ᠂ ᠪᠠᠷᠢᠯᠭ᠎ᠠ ᠵᠡᠷᠭᠡ ᠶᠢᠨ ᠰᠣᠯᠢᠯᠴᠠᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠰᠤᠷᠤᠭᠴᠢᠳ ᠲᠤ ᠮᠠᠨ ᠤ ᠤᠯᠤᠰ ᠤᠨ ᠬᠡᠷᠡᠯ ᠰᠠᠴᠤᠷᠠᠩᠭᠤᠶ ᠰᠣᠶᠣᠯ ᠢ ᠣᠶᠢᠯᠠᠭᠠᠭᠤᠯᠤᠨ᠎ᠠ︔ ᠲᠡᠦᠬᠡ ᠨᠢ ᠰᠤᠷᠤᠭᠴᠢᠳ ᠲᠤ ᠶᠠᠰᠤᠨ ᠪᠢᠴᠢᠭ᠂ ᠳ᠋ᠦ᠋ ᠵᠢᠶᠠᠩ ᠶᠠᠨ ᠤ ᠢᠨᠵᠧᠨᠧᠷᠢᠩ᠂ ︽ᠲᠦᠷᠪᠡᠨ ᠶᠡᠭᠡ ᠡᠭᠦᠳᠦᠯᠲᠡ︾ ᠵᠡᠷᠭᠡ ᠶᠢ ᠣᠶᠢᠯᠠᠭᠠᠭᠤᠯᠬᠤ ᠪᠠᠷ ᠳᠠᠮᠵᠢᠭᠤᠯᠵᠤ᠂ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠶᠢ ᠬᠥᠮᠦᠵᠢᠭᠦᠯᠬᠦ ᠶᠢ ᠴᠢᠬᠤᠯᠠᠴᠢᠯᠠᠪᠠ︔ ᠤᠷᠠᠯᠢᠭ ᠨᠢ ᠰᠤᠷᠤᠭᠴᠢᠳ ᠤᠨ ᠴᠠᠭᠠᠰᠤᠨ ᠬᠠᠶᠢᠴᠢᠯᠠᠮᠠᠯ᠂ ᠰᠡᠭᠦᠳᠡᠷ ᠰᠡᠭᠦᠳᠡᠷ᠂ ᠴᠠᠭᠠᠨ ᠰᠠᠷ᠎ᠠ ᠶᠢᠨ ᠵᠢᠷᠤᠭ ᠵᠡᠷᠭᠡ ᠳᠤᠮᠳᠠᠳᠤ ᠤᠯᠤᠰ ᠤᠨ ᠠᠷᠠᠳ ᠤᠨ ᠤᠷᠠᠨ ᠵᠢᠷᠤᠭ ᠤᠨ ᠪᠦᠲᠦᠭᠡᠯ ᠢ ᠰᠣᠨᠢᠷᠬᠠᠬᠤ ᠶᠢ ᠬᠥᠲᠥᠯᠥᠨ ᠵᠢᠯᠣᠭᠤᠳᠤᠨ᠎ᠠ︔ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠳᠤ ᠲᠤᠰᠬᠠᠶᠢᠯᠠᠨ ︽ᠳᠤᠮᠳᠠᠳᠤ ᠶᠢᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠤᠨ ᠬᠥᠳᠡᠯᠭᠡᠭᠡᠨ︾᠎ ᠤ ᠬᠢᠴᠢᠶᠡᠯ ᠤᠨ ᠠᠭᠤᠯᠭ᠎ᠠ ᠶᠢ ᠲᠣᠬᠢᠷᠠᠭᠤᠯᠤᠨ᠎ᠠ ᠹᠢᠽᠢᠺ ᠨᠢ ᠰᠤᠷᠤᠭᠴᠢᠳ ᠢ ᠵᠢᠯᠣᠭᠤᠳᠤᠨ ᠮᠠᠨ ᠤ ᠤᠯᠤᠰ ᠤᠨ ᠡᠷᠲᠡᠨ ᠤ ᠬᠦᠷᠡᠯ ᠵᠡᠪᠰᠡᠭ᠂ ᠲᠡᠮᠦᠷ ᠵᠡᠪᠰᠡᠭ ᠦᠢᠯᠡᠳᠬᠦ ᠮᠡᠷᠭᠡᠵᠢᠯ ᠵᠢᠴᠢ ᠨᠡᠶᠢᠭᠡᠮ ᠤᠨ ᠳᠠᠪᠰᠢᠯᠲᠠ ᠳᠤ ᠦᠵᠡᠭᠦᠯᠬᠦ ᠲᠦᠯᠬᠢᠴᠡ ᠦᠢᠯᠡᠳᠦᠯ ᠢ ᠣᠶᠢᠯᠠᠭᠠᠭᠤᠯᠳᠠᠭ᠃ ᠣᠲᠣ ᠶᠢᠨ ᠬᠡᠷᠡᠭᠵᠢᠭᠦᠯᠵᠦ ᠪᠠᠶᠢᠭ᠎ᠠ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠳᠤ ︽ᠭᠤᠷᠪᠠᠨ ᠥᠰᠥᠭ ᠤᠨ ᠨᠣᠮ︾᠂ ︽ᠱᠠᠪᠢ ᠨᠠᠷ ᠤᠨ ᠲᠦᠷᠢᠮ︾᠂ ︽ᠰᠢᠭᠦᠮᠵᠢᠯᠡᠯ ᠥᠭᠦᠯᠡᠯ︾ ᠵᠡᠷᠭᠡ ᠠᠯᠳᠠᠷᠲᠤ ᠵᠣᠬᠢᠶᠠᠯ ᠤᠳ ᠢ ᠨᠠᠶᠢᠷᠠᠭᠤᠯᠵᠤ ᠪᠣᠶ᠃ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ᠵᠢᠭᠠᠬᠤ ᠮᠠᠲ᠋ᠧᠷᠢᠶᠠᠯ ᠳᠤ ︽ᠶᠣᠰᠣᠯᠠᠯ ᠤᠨ ᠲᠡᠮᠳᠡᠭᠯᠡᠯ︾᠂ ︽ᠰᠢᠶᠦ᠋ᠨᠽᠢ ᠪᠢᠴᠢᠭ︾᠂ ︽ᠰᠡᠴᠡᠨ ᠦᠭᠡ ᠶᠢ ᠬᠠᠪᠰᠤᠷᠭᠠᠭᠰᠠᠨ ᠨᠢ︾ ᠵᠡᠷᠭᠡ ᠡᠷᠲᠡᠨ ᠤ ᠰᠤᠳᠤᠷ ᠪᠢᠴᠢᠭ ᠢ ᠡᠰᠢᠯᠡᠨ ᠬᠡᠷᠡᠭᠯᠡᠵᠦ᠂ ᠰᠤᠷᠤᠭᠴᠢᠳ ᠢ ᠬᠠᠷᠠᠬᠠᠨ ᠪᠠᠭ᠎ᠠ ᠠᠴᠠ ᠪᠠᠨ ᠴᠢᠷᠮᠠᠶᠢᠨ ᠰᠤᠷᠤᠯᠴᠠᠬᠤ ᠪᠠᠷ ᠵᠣᠷᠢᠭ ᠰᠢᠭᠤᠳᠤᠭᠤᠯᠪᠠ︔ ᠲᠡᠦᠬᠡ ᠶᠢᠨ ᠵᠢᠭᠠᠬᠤ ᠮᠠᠲ᠋ᠧᠷᠢᠶᠠᠯ ᠳᠤ ︽ᠰᠤᠳᠤᠷ ᠲᠡᠮᠳᠡᠭᠯᠡᠯ︾᠂ ︽ᠬᠠᠨ ᠤᠯᠤᠰ ᠤᠨ ᠪᠢᠴᠢᠭ︾ ᠵᠡᠷᠭᠡ ᠶᠢ ᠲᠠᠨᠢᠯᠴᠠᠭᠤᠯᠬᠤ ᠪᠠᠷ ᠳᠠᠮᠵᠢᠨ ᠰᠤᠷᠤᠭᠴᠢᠳ ᠤᠨ ᠲᠡᠦᠬᠡ ᠶᠢᠨ ᠮᠠᠲ᠋ᠧᠷᠢᠶᠠᠯ ᠢ ᠤᠩᠰᠢᠬᠤ ᠴᠢᠳᠠᠪᠤᠷᠢ ᠶᠢ ᠬᠥᠮᠦᠵᠢᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠭᠤᠯᠭ᠎ᠠ ᠶᠢ ᠲᠤᠭᠤᠰᠢᠯᠠᠭᠤᠯᠤᠨ ᠵᠠᠪᠠᠯ ᠰᠤᠷᠴᠤ᠂ ᠰᠣᠩᠭᠤᠯᠲᠠ ᠶᠢᠨ ᠴᠢᠨᠠᠷᠲᠠᠶ ᠪᠠᠷ ᠵᠠᠪᠠᠯ ᠰᠤᠷᠴᠤ᠂ ᠰᠣᠩᠭᠤᠨ ᠰᠤᠷᠳᠠᠭ︔ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠰᠤᠷᠤᠭᠴᠢᠳ ᠢ ᠤᠯᠠᠮᠵᠢᠯᠠᠯᠲᠤ ᠰᠣᠶᠣᠯ ᠳᠤ ᠬᠤᠪᠢᠰᠤᠩᠭᠤᠶ ᠪᠠᠷ ᠬᠠᠨᠳᠤᠬᠤ ᠶᠢ ᠬᠥᠲᠥᠯᠥᠨ ᠵᠢᠯᠣᠭᠤᠳᠴᠤ᠂ ᠵᠢᠭᠠᠬᠤ ᠮᠠᠲ᠋ᠧᠷᠢᠶᠠᠯ ᠳᠤ ︽ᠬᠠᠨ ᠤᠯᠤᠰ ᠤᠨ ᠠᠯᠬᠤᠬᠤᠶ ᠶᠢ ᠰᠤᠷᠬᠤ ᠠᠨᠤ ᠬᠠᠭᠤᠴᠢᠨ ᠦᠢᠯᠡ ᠠᠵᠢᠯᠯᠠᠭ᠎ᠠ ᠪᠠᠨ ᠠᠯᠳᠠᠬᠤ︾ ᠭᠡᠰᠡᠨ ᠯᠣᠷᠵᠣᠣ ᠦᠭᠡ ᠶᠢ ᠡᠰᠢ ᠲᠠᠲᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ︽ᠳᠥᠷᠪᠡᠨ ᠢᠲᠡᠭᠡᠯ︾᠎ ᠢ ᠨᠢ ᠪᠠᠲᠤᠳᠬᠠᠵᠠᠶ ᡽ ᠤᠷᠠᠨ ᠵᠢᠷᠤᠭ ᠤᠨ ᠵᠠᠪᠠᠯ ᠰᠤᠷᠬᠤ ᠬᠢᠴᠢᠶᠡᠯ ᠨᠢ ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠪᠢᠴᠢᠯᠭᠡ ᠵᠢᠷᠤᠭ ᠪᠠ ᠠᠷᠠᠳ ᠤᠨ ᠤᠷᠠᠨ ᠵᠢᠷᠤᠭ ᠤᠨ ᠳᠦᠷᠰᠦ ᠪᠦᠲᠦᠭᠡᠯᠲᠡ ᠶᠢᠨ ᠬᠡᠯᠡ᠂ ᠵᠣᠬᠢᠶᠠᠨ ᠪᠦᠲᠦᠭᠡᠯᠭᠡ ᠶᠢᠨ ᠣᠶᠢᠯᠠᠭᠠᠭᠳᠠᠬᠤᠨ ᠵᠢᠴᠢ ᠰᠣᠶᠣᠯ ᠤᠨ ᠠᠭᠤᠯᠬᠤᠨ ᠢ ᠣᠶᠢᠯᠠᠭᠠᠬᠤ ᠶᠢᠨ ᠬᠠᠮᠲᠤ ᠶᠡᠷᠦᠩᠬᠡᠶᠢᠯᠡᠨ ᠬᠡᠷᠡᠭᠯᠡᠬᠦ ᠶᠢ ᠱᠠᠭᠠᠷᠳᠠᠳᠠᠭ᠃ ᠹᠢᠽᠢᠺ ᠤᠨ ᠵᠠᠪᠠᠯ ᠰᠤᠷᠬᠤ ᠬᠢᠴᠢᠶᠡᠯ ᠨᠢ ᠰᠤᠷᠤᠭᠴᠢᠳ ᠲᠤ ᠮᠠᠨ ᠤ ᠤᠯᠤᠰ ᠤᠨ ᠡᠷᠲᠡᠨ ᠤ ᠦᠶ᠎ᠡ ᠶᠢᠨ ᠰᠣᠷᠢᠨᠵᠢᠨ ᠤ ᠦᠵᠡᠭᠳᠡᠯ ᠤᠨ ᠲᠤᠬᠠᠶ ᠲᠠᠨᠢᠯᠲᠠ ᠪᠠ ᠬᠡᠷᠡᠭᠯᠡᠯᠲᠡ ᠵᠢᠴᠢ ᠲᠡᠭᠦᠨ ᠤ ᠬᠥᠮᠦᠨ ᠲᠥᠷᠥᠯᠬᠢᠲᠡᠨ ᠤ ᠪᠣᠯᠪᠠᠰᠤᠨ ᠳᠤ ᠦᠵᠡᠭᠦᠯᠬᠦ ᠨᠥᠯᠥᠭᠡ ᠶᠢ ᠣᠶᠢᠯᠠᠭᠠᠭᠤᠯᠤᠨ᠎ᠠ᠃ ᠡᠭᠦᠨ ᠠᠴᠠ ᠭᠠᠳᠠᠨ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠳᠤ ︽ᠮᠠᠨ ᠤ ᠤᠯᠠᠮᠵᠢᠯᠠᠯᠲᠤ ᠪᠠᠶᠠᠷ ᠤᠨ ᠡᠳᠦᠷ︾ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠲᠠᠨᠢᠯᠴᠠᠭᠤᠯᠵᠤ᠂ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠤᠨ ᠦᠢᠯᠡᠳᠦᠯᠭᠡ ᠶᠢᠨ ᠣᠶᠢᠯᠠᠭᠠᠯᠲᠠ ᠶᠢ ᠨᠡᠮᠡᠭᠳᠡᠭᠦᠯᠦᠨ᠎ᠡ᠃      3. ᠠᠳᠤᠭᠤᠨ ᠤ ᠢᠨᠵᠧᠨᠧᠷᠢᠩ ᠤᠨ ᠭᠤᠤᠯᠳᠠᠯᠭ᠎ᠠ ᠲᠠᠢ ᠵᠢᠭᠠᠬᠤ ᠮᠠᠲ᠋ᠧᠷᠢᠶᠠᠯ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠤᠷᠭᠠᠨ ᠬᠥᠮᠦᠵᠢᠯ ᠳᠤ ᠣᠷᠭᠠᠨᠢᠭ ᠢᠶᠠᠷ ︽ᠳᠤᠮᠳᠠᠳᠤ ᠤᠯᠤᠰ ᠤᠨ ᠡᠷᠲᠡᠨ ᠤ ᠤᠳᠬ᠎ᠠ ᠵᠣᠬᠢᠶᠠᠯ ᠤᠨ ᠲᠡᠦᠬᠡ︾᠂ ︽ᠳᠤᠮᠳᠠᠳᠤ ᠤᠯᠤᠰ ᠤᠨ ᠭᠤᠸ᠎ᠠ ᠵᠦᠢ ᠶᠢᠨ ᠲᠡᠦᠬᠡ︾᠂ ︽ᠳᠤᠮᠳᠠᠳᠤ ᠤᠯᠤᠰ ᠤᠨ ᠰᠢ ᠵᠦᠴᠦᠭᠡ ᠶᠢᠨ ᠲᠡᠦᠬᠡ︾ ᠵᠡᠷᠭᠡ ᠰᠤᠷᠭᠠᠨ ᠬᠥᠮᠦᠵᠢᠯ ᠤᠨ ᠶᠠᠮᠤᠨ ᠤ ᠮᠤᠷᠢᠨ ᠤ ᠢᠨᠵᠧᠨᠧᠷᠢᠩ ᠤᠨ ᠭᠤᠣᠯᠳᠠᠯᠭ᠎ᠠ ᠲᠠᠢ ᠵᠢᠭᠠᠬᠤ ᠮᠠᠲ᠋ᠧᠷᠢᠶᠠᠯ ᠳᠤ᠂ ᠡᠯ᠎ᠡ ᠰᠢᠨᠵᠢᠯᠡᠭᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠡᠦᠬᠡ᠂ ᠤᠳᠬ᠎ᠠ ᠵᠣᠬᠢᠶᠠᠯ᠂ ᠭᠤᠸ᠎ᠠ ᠵᠦᠢ ᠵᠡᠷᠭᠡ ᠠᠳᠠᠯᠢ ᠪᠤᠰᠤ ᠲᠠᠯ᠎ᠠ ᠠᠴᠠ ᠳᠤᠮᠳᠠᠳᠤ ᠶᠢᠨ ᠰᠢᠯᠢᠳᠡᠭ ᠰᠣᠶᠣᠯ ᠤᠨ ᠡᠭᠦᠰᠦᠯ ᠬᠥᠭᠵᠢᠯᠲᠡ᠂ ᠲᠡᠦᠬᠡ ᠶᠢᠨ ᠰᠤᠳᠠᠰᠤ ᠶᠢ ᠰᠢᠰᠲ᠋ᠧᠮ ᠲᠠᠢ ᠥᠭᠦᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠠᠶᠠᠯᠢᠭ ᠠᠭᠤᠯᠤᠭᠳᠠᠬᠤᠨ ᠪᠠ ᠡᠷᠬᠢᠮ ᠨᠠᠨᠳᠢᠨ ᠲᠤᠷᠰᠢᠯᠭ᠎ᠠ ᠶᠢ ᠭᠦᠢᠴᠡᠳ ᠢᠯᠡᠷᠡᠭᠦᠯᠪᠡ᠃      4. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠷᠣᠭᠤᠯᠤᠨ᠎ᠠ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠭᠤᠯᠭ᠎ᠠ ᠶᠢᠨ ᠥᠭᠡᠷᠡᠴᠢᠯᠡᠯᠲᠡ ᠶᠢ ᠴᠢᠬᠤᠯᠠᠴᠢᠯᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠡᠳᠦᠪ ᠲᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠪᠠ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠰᠢᠯᠢᠨ ᠰᠣᠩᠭᠤᠬᠤ ᠱᠠᠭᠠᠷᠳᠠᠯᠭ᠎ᠠ ᠶᠢ ᠦᠨᠳᠦᠰᠦᠯᠡᠨ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠬᠤᠦ᠋ᠢᠷ᠎ᠠ ᠶᠢᠨ ᠵᠢᠯ ᠠᠴᠠ᠂ ᠤᠯᠠᠨ ᠵᠦᠢᠯ ᠤᠨ ᠬᠡᠯᠪᠡᠷᠢ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠠᠮᠢᠶ᠎ᠠ ᠪᠦᠬᠦᠢ ᠠᠭᠤᠯᠭ᠎ᠠ ᠶᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠵᠤ᠂ ᠰᠤᠷᠤᠭᠴᠢᠳ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠤᠨ ᠮᠡᠳᠡᠷᠡᠬᠦ ᠰᠡᠳᠬᠢᠯᠭᠡ ᠪᠠ ᠦᠨᠳᠦᠰᠦᠲᠡᠨ ᠤ ᠤᠮᠤᠭᠰᠢᠯᠳᠤ ᠰᠡᠳᠬᠢᠯᠭᠡ ᠶᠢ ᠨᠢ ᠨᠡᠮᠡᠭᠳᠡᠭᠦᠯᠵᠦ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠪᠠ᠃      ᠬᠤᠶᠠᠷ᠂ ︽ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠬᠤᠪᠢ ᠶᠢᠨ ᠵᠢᠩ ᠢ ᠪᠠᠭᠤᠷᠠᠭᠤᠯᠵᠤ᠂ ᠰᠢᠯᠭᠠᠯᠲᠠ ᠶᠢᠨ ᠳᠤᠮᠳᠠ ᠬᠤᠪᠢ ᠶᠢᠨ ᠵᠢᠩ ᠢ ᠡᠵᠡᠯᠡᠨ᠎ᠡ᠃ ᠠᠩᠭ᠍ᠯᠢ ᠬᠡᠯᠡᠨ ᠤ ᠰᠤᠷᠤᠯᠴᠠᠯᠭ᠎ᠠ ᠪᠣᠯ ᠴᠢᠬᠤᠯᠠ ᠲᠠᠢ ᠶᠤᠮ᠂ ᠭᠡᠪᠡᠴᠦ ᠲᠡᠶᠢᠮᠦ ᠤᠷᠳᠤ ᠬᠤᠭᠤᠴᠠᠭ᠎ᠠ ᠶᠢ ᠵᠠᠷᠤᠴᠠᠭᠤᠯᠬᠤ ᠴᠢᠬᠤᠯᠠ ᠦᠭᠡᠢ᠂ ᠴᠢᠬᠤᠯᠠᠴᠢᠯᠠᠬᠤ ᠪᠤᠶᠤ ᠴᠢᠨᠠᠭᠰᠢᠯᠠᠪᠠᠯ ᠵᠢᠭᠠᠬᠠᠨ ᠵᠡᠷᠡᠮᠳᠡᠭ ᠬᠡᠮᠵᠢᠶᠡᠨ ᠳᠤ ᠬᠦᠷᠲᠡᠯ᠎ᠡ ᠴᠢᠬᠤᠯᠠᠴᠢᠯᠠᠬᠤ ᠬᠡᠷᠡᠭᠲᠡᠶ︾ ᠪᠠ ︽ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠠᠷᠭ᠎ᠠ ᠶᠢ ᠥᠭᠡᠷᠡᠴᠢᠯᠡᠬᠦ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠤᠪᠢ ᠶᠢ ᠴᠤᠷ ᠤᠨ ᠭᠠᠭᠴᠠ ᠵᠣᠷᠢᠯᠭ᠎ᠠ ᠪᠠᠷ ᠬᠤᠪᠢᠶᠠᠬᠤ ᠪᠢᠰᠢ᠂ ᠬᠠᠷᠢᠨ ᠶᠠᠷᠢᠶᠠᠨ ᠤ ᠬᠡᠯᠡᠨ ᠤ ᠶᠠᠷᠢᠯᠴᠠᠭ᠎ᠠ᠂ ᠠᠮᠢᠳᠤᠷᠠᠯ ᠤᠨ ᠬᠡᠷᠡᠭᠯᠡᠭᠡ ᠪᠠᠷ ᠭᠤᠣᠯ ᠪᠣᠯᠭᠠᠬᠤ︾ ᠲᠤᠬᠠᠶ ᠰᠠᠨᠠᠭᠤᠯᠭ᠎ᠠ      1. ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠭᠠᠳᠤ ᠬᠡᠯᠡᠨ ᠤ ᠬᠢᠴᠢᠶᠡᠯ ᠤᠨ ᠡᠵᠡᠯᠡᠬᠦ ᠬᠠᠷᠢᠴᠠᠯ ᠨᠢ ᠬᠡᠯᠡ ᠪᠢᠴᠢᠭ ᠵᠡᠷᠭᠡ ᠰᠢᠨᠵᠢᠯᠡᠭᠡᠨ ᠤ ᠰᠠᠯᠠᠭ᠎ᠠ ᠠᠴᠠ ᠳᠣᠣᠷ᠎ᠠ ᠪᠠᠶᠢᠬᠤ᠃ ᠭᠠᠳᠠᠭᠠᠳᠤ ᠬᠡᠯᠡ ᠪᠣᠯ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠶᠢᠨ ᠪᠥᠬᠦ ᠲᠠᠯ᠎ᠠ ᠶᠢᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠲᠡᠷᠡ ᠨᠢ ᠰᠤᠷᠤᠭᠴᠢᠳ ᠤᠨ ᠦᠭᠡ ᠬᠡᠯᠡᠨ ᠤ ᠴᠢᠳᠠᠪᠤᠷᠢ᠂ ᠰᠣᠶᠣᠯ ᠤᠨ ᠤᠬᠠᠮᠰᠠᠷ᠂ ᠰᠡᠳᠬᠢᠬᠦᠶ ᠶᠢᠨ ᠬᠡᠪ ᠴᠢᠨᠠᠷ᠂ ᠰᠤᠷᠤᠯᠴᠠᠬᠤ ᠴᠢᠳᠠᠪᠤᠷᠢ ᠵᠡᠷᠭᠡ ᠭᠤᠤᠯᠯᠠᠬᠤ ᠬᠡᠪ ᠪᠣᠯᠪᠠᠰᠤᠷᠠᠯ ᠢ ᠬᠥᠮᠦᠵᠢᠭᠦᠯᠬᠦ ᠪᠠ ᠬᠥᠭᠵᠢᠭᠦᠯᠬᠦ ᠳᠤ ᠠᠰᠢᠭᠲᠠᠶ ᠪᠠᠶᠢᠵᠤ᠂ ᠰᠤᠷᠤᠭᠴᠢᠳ ᠤᠨ ᠳᠤᠮᠳᠠᠳᠤ ᠤᠯᠤᠰ ᠤᠨ ᠰᠡᠳᠬᠢᠯᠭᠡ᠂ ᠣᠯᠠᠨ ᠤᠯᠤᠰ ᠤᠨ ᠬᠠᠷᠠᠭᠠᠰᠤ ᠪᠠ ᠰᠣᠶᠣᠯ ᠠᠯᠤᠰᠯᠠᠭᠰᠠᠨ ᠨᠡᠪᠲᠡᠷᠡᠯᠴᠡᠬᠦ ᠴᠢᠳᠠᠪᠤᠷᠢ ᠶᠢ ᠬᠥᠮᠦᠵᠢᠭᠦᠯᠦᠨ᠎ᠡ᠃ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ︵2022 ᠣᠨ ᠤ ᠬᠡᠪᠯᠡᠯ︶︾᠎ ᠳᠤ ᠲᠣᠭᠲᠠᠭᠠᠭᠰᠠᠨ ᠨᠢ᠂ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠴᠠᠭ ᠤᠨ ᠬᠠᠷᠢᠴᠠᠯ ᠨᠢ᠄ ᠬᠡᠯᠡ ᠪᠢᠴᠢᠭ ᠤᠨ 20%-22%᠂ ᠲᠣᠭᠠᠨ ᠤ ᠤᠬᠠᠭᠠᠨ ᠤ 13%-15%᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ 10%-11%᠂ ᠭᠠᠳᠠᠭᠠᠳᠤ ᠬᠡᠯᠡᠨ ᠤ 6%-8% ᠵᠡᠷᠭᠡ ᠪᠣᠯᠤᠨ᠎ᠠ᠃ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ︵2017 ᠣᠨ ᠤ ᠬᠡᠪᠯᠡᠯ ᠤᠨ 2020 ᠣᠨ ᠳᠤ ᠵᠠᠰᠠᠪᠤᠷᠢ ᠣᠷᠣᠭᠤᠯᠪᠠ︶︾᠎ ᠢ ᠦᠨᠳᠦᠰᠦᠯᠡᠪᠡᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠠᠳᠠᠭᠠᠳᠤ ᠬᠡᠯᠡᠨ ᠤ ᠵᠠᠪᠠᠯ ᠰᠤᠷᠬᠤ ᠰᠤᠷᠤᠯᠭ᠎ᠠ ᠶᠢᠨ ᠬᠤᠪᠢ ᠶᠢᠨ ᠬᠢᠴᠢᠶᠡᠯ ᠤᠨ ᠴᠠᠭ ᠤᠨ ᠬᠠᠷᠢᠴᠠᠯ ᠨᠢ ᠵᠠᠪᠠᠯ ᠰᠤᠷᠬᠤ ᠶᠡᠷᠦᠩᠬᠡᠶ ᠰᠤᠷᠤᠯᠭ᠎ᠠ ᠶᠢᠨ ᠬᠤᠪᠢ ᠶᠢᠨ ᠬᠢᠴᠢᠶᠡᠯ ᠤᠨ ᠴᠠᠭ ᠤᠨ 7%᠎ ᠶᠢ ᠡᠵᠡᠯᠡᠨ᠎ᠡ᠃ ᠭᠠᠳᠠᠭᠠᠳᠤ ᠬᠡᠯᠡᠨ ᠤ ᠬᠢᠴᠢᠶᠡᠯ ᠤᠨ ᠴᠠᠭ ᠨᠢ ᠬᠡᠯᠡ ᠪᠢᠴᠢᠭ᠂ ᠲᠣᠭᠠᠨ ᠤ ᠤᠬᠠᠭᠠᠨ᠂ ᠪᠡᠶ᠎ᠡ ᠲᠠᠮᠢᠷ᠂ ᠤᠷᠠᠯᠢᠭ ᠵᠡᠷᠭᠡ ᠬᠢᠴᠢᠶᠡᠯ ᠲᠥᠷᠥᠯ ᠠᠴᠠ ᠢᠯᠡᠳᠲᠡ ᠳᠣᠤᠷ᠎ᠠ ᠪᠠᠶᠢᠳᠠᠭ᠃      2. ᠲᠥᠪ ᠤᠨ ᠱᠠᠭᠠᠷᠳᠠᠯᠭ᠎ᠠ ᠶᠣᠰᠣᠭᠠᠷ ᠭᠠᠳᠠᠭᠠᠳᠤ ᠬᠡᠯᠡᠨ ᠤ ᠰᠢᠯᠭᠠᠯᠲᠠ ᠶᠢᠨ ᠬᠤᠪᠢ ᠶᠢᠨ ᠵᠢᠩ ᠢ ᠲᠣᠭᠲᠠᠭᠠᠨ᠎ᠠ᠃ 2014 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠰᠢᠯᠭᠠᠯᠲᠠ ᠬᠢᠵᠦ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡᠨ ᠤ ᠬᠢᠴᠢᠶᠡᠯ ᠲᠥᠷᠥᠯ ᠢ ᠬᠤᠪᠢᠷᠠᠭᠤᠯᠬᠤ ᠥᠬᠡᠶ᠂ ᠬᠤᠪᠢ ᠶᠢᠨ ᠥᠷᠲᠡᠭ ᠢ ᠬᠤᠪᠢᠷᠠᠭᠤᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠣᠳᠣᠬᠢ ᠱᠠᠲᠤᠨ ᠤ ᠭᠠᠳᠠᠭᠠᠳᠤ ᠬᠡᠯᠡᠨ ᠤ ᠨᠢᠭᠡᠳᠦᠯᠲᠡᠶ ᠰᠢᠯᠭᠠᠯᠲᠠ ᠶᠢᠨ ᠲᠣᠬᠢᠷᠠᠭᠤᠯᠤᠯᠲᠠ ᠶᠢ ᠪᠣᠯ ᠲᠥᠪ ᠠᠴᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢᠨ ᠦᠵᠦ ᠲᠥᠯᠥᠪᠯᠡᠭᠡ ᠶᠣᠰᠣᠭᠠᠷ ᠲᠣᠭᠲᠠᠭᠠᠭᠰᠠᠨ ᠶᠤᠮ᠃      ᠳᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠶᠠᠮᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠣᠯᠪᠠᠰᠤᠷᠠᠯ ᠵᠢᠴᠢ ᠬᠡᠷᠡᠭᠵᠢᠭᠦᠯᠬᠦ ᠵᠢᠯᠣᠭᠤᠳᠣᠯᠭ᠎ᠠ ᠪᠠᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠶᠡᠭᠡ ᠳᠡᠭᠡᠳᠦ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠣᠶᠣᠯ ᠤᠨ ᠢᠲᠡᠭᠡᠯ ᠢ ᠨᠢ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠬᠠᠮᠰᠠᠷ ᠠᠴᠠ ᠪᠠᠨ ᠪᠠᠳᠠᠷᠠᠭᠤᠯᠤᠨ᠎ᠠ᠃      ᠰᠤᠷᠭᠠᠨ ᠬᠥᠮᠦᠵᠢᠯ ᠤᠨ ᠠᠵᠢᠯ ᠢ ᠳᠡᠮᠵᠢᠵᠦ ᠬᠠᠯᠠᠮᠵᠢᠯᠠᠭᠰᠠᠨ ᠳᠤ ᠴᠢᠨᠢ ᠲᠠᠯᠠᠷᠬᠠᠵᠤ ᠪᠠᠶᠢᠨ᠎ᠠ︕                                                                               ᠰᠤᠷᠭᠠᠨ ᠬᠥᠮᠦᠵᠢᠯ ᠤᠨ ᠶᠠᠮᠤᠨ                                       2022 ᠣᠨ ᠤ 8 ᠰᠠᠷ᠎ᠠ ᠶᠢᠨ 7               ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3