ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ 9 ᠰᠠᠷ᠎ᠠ ᠶᠢᠨ 23 ᠤ ᠡᠳᠦᠷ ︽ᠰᠣᠶᠣᠯ ᠤᠨ | ᠢᠲᠡᠭᠡᠯ ᠢᠶᠠᠨ ᠨᠡᠮᠡᠭᠳᠡᠭᠦᠯᠵᠦ ᠳᠤᠮᠳᠠᠳᠤ ᠤᠯᠤᠰ ᠤᠨ ᠰᠣᠶᠣᠯ ᠤᠨ ᠠᠭᠤᠯᠭ᠎ᠠ ᠶᠢᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠨᠡᠮᠡᠭᠳᠡᠭᠦᠯᠬᠦ ᠪᠠ ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠬᠤᠪᠢ ᠶᠢᠨ ᠵᠢᠩ ᠢ | ᠪᠠᠭᠤᠷᠠᠭᠤᠯᠬᠤ ᠲᠤᠬᠠᠶ ᠰᠠᠨᠠᠭᠤᠯᠭ᠎ᠠ︾ ᠶᠢᠨ ᠬᠠᠷᠢᠭᠤᠯᠲᠠ ᠶᠢ ᠨᠡᠶᠢᠲᠡᠯᠡᠪᠡ᠂ ᠬᠠᠷᠢᠭᠤᠯᠲᠠ ᠳᠤ | ᠢᠯᠡᠷᠡᠭᠦᠯᠦᠭᠰᠡᠨ ᠢᠶᠠᠷ᠄ | ᠲᠣᠭᠲᠠᠭᠠᠯ ᠢ ᠦᠨᠳᠦᠰᠦᠯᠡᠪᠡᠯ᠂ ᠭᠠᠳᠠᠭᠠᠳᠤ ᠬᠡᠯᠡᠨ ᠤ ᠬᠢᠴᠢᠶᠡᠯ ᠤᠨ ᠴᠠᠭ ᠤᠨ ᠡᠵᠡᠯᠡᠬᠦ ᠬᠠᠷᠢᠴᠠᠯ ᠨᠢ 6 | — 8% ᠪᠠᠶᠢᠵᠤ᠂ ᠬᠡᠯᠡ ᠪᠢᠴᠢᠭ᠂ ᠲᠣᠭᠠᠨ ᠤ ᠤᠬᠠᠭᠠᠨ᠂ ᠪᠡᠶ᠎ᠡ ᠶᠢᠨ ᠲᠠᠮᠢᠷ᠂ ᠤᠷᠠᠯᠢᠭ ᠵᠡᠷᠭᠡ ᠬᠢᠴᠢᠶᠡᠯ | ᠲᠥᠷᠥᠯ ᠠᠴᠠ ᠢᠯᠡᠳᠲᠡ ᠳᠣᠤᠷ᠎ᠠ ᠪᠠᠶᠢᠳᠠᠭ᠂ ᠭᠠᠳᠠᠭᠠᠳᠤ ᠬᠡᠯᠡ ᠪᠣᠯ ᠰᠤᠷᠤᠭᠴᠢᠳ ᠤᠨ ᠶᠣᠰᠣ ᠮᠣᠷᠠᠯ ᠣᠶᠤᠨ | ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠶᠢᠨ ᠪᠥᠬᠦ ᠲᠠᠯ᠎ᠠ ᠶᠢᠨ ᠬᠥᠭᠵᠢᠯᠲᠡ ᠶᠢᠨ ᠴᠢᠬᠤᠯᠠ ᠪᠦᠷᠢᠯᠳᠦᠬᠦᠨ | ᠬᠡᠰᠡᠭ ᠮᠥᠨ᠂ ᠡᠨᠡ ᠨᠢ ᠰᠤᠷᠤᠭᠴᠢᠳ ᠤᠨ ᠦᠭᠡ ᠬᠡᠯᠡᠨ ᠤ ᠴᠢᠳᠠᠪᠤᠷᠢ᠂ ᠰᠣᠶᠣᠯ ᠤᠨ ᠤᠬᠠᠮᠰᠠᠷ᠂ | ᠰᠡᠳᠬᠢᠬᠦᠶ ᠶᠢᠨ ᠬᠡᠪ ᠴᠢᠨᠠᠷ᠂ ᠰᠤᠷᠤᠯᠴᠠᠬᠤ ᠴᠢᠳᠠᠪᠤᠷᠢ ᠵᠡᠷᠭᠡ ᠭᠤᠤᠯᠯᠠᠬᠤ ᠬᠡᠪ ᠪᠣᠯᠪᠠᠰᠤᠷᠠᠯ ᠢ ᠬᠥᠮᠦᠵᠢᠭᠦᠯᠬᠦ ᠪᠠ | ᠬᠥᠭᠵᠢᠭᠦᠯᠬᠦ ᠳᠤ ᠠᠰᠢᠭᠲᠠᠶ ᠪᠠᠶᠢᠵᠤ᠂ ᠰᠤᠷᠤᠭᠴᠢᠳ ᠤᠨ ᠳᠤᠮᠳᠠᠳᠤ ᠤᠯᠤᠰ ᠤᠨ ᠰᠡᠳᠬᠢᠯᠭᠡ᠂ ᠣᠯᠠᠨ | ᠤᠯᠤᠰ ᠤᠨ ᠬᠠᠷᠠᠭᠠᠰᠤ ᠪᠠ ᠰᠣᠶᠣᠯ ᠠᠯᠤᠰᠯᠠᠭᠰᠠᠨ ᠨᠡᠪᠲᠡᠷᠡᠯᠴᠡᠬᠦ ᠴᠢᠳᠠᠪᠤᠷᠢ ᠶᠢ ᠬᠥᠮᠦᠵᠢᠭᠦᠯᠬᠦ ᠳᠤ ᠠᠰᠢᠭᠲᠠᠶ | ᠶᠤᠮ᠃ | ᠪᠦᠬᠦ ᠠᠭᠤᠯᠭ᠎ᠠ ᠶᠢᠨ ᠬᠠᠷᠢᠭᠤ ᠳᠤ᠄ | ᠲᠠᠨ ᠤ ᠳᠤᠷᠠᠳᠤᠭᠰᠠᠨ ︽ᠰᠣᠶᠣᠯ ᠤᠨ ᠢᠲᠡᠭᠡᠯ ᠢ ᠨᠡᠮᠡᠭᠳᠡᠭᠦᠯᠵᠦ ᠳᠤᠮᠳᠠᠳᠤ ᠤᠯᠤᠰ ᠤᠨ ᠰᠣᠶᠣᠯ ᠤᠨ | ᠠᠭᠤᠯᠭ᠎ᠠ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠨᠡᠮᠡᠭᠳᠡᠭᠦᠯᠬᠦ ᠪᠠ ᠠᠩᠭ᠍ᠯᠢ ᠬᠡᠯᠡᠨ ᠤ ᠵᠢᠭᠠᠨ | ᠰᠤᠷᠭᠠᠯᠲᠠ ᠶᠢᠨ ᠬᠤᠪᠢ ᠶᠢᠨ ᠵᠢᠩ ᠢ ᠪᠠᠭᠤᠷᠠᠭᠤᠯᠬᠤ ᠲᠤᠬᠠᠢ ᠰᠠᠨᠠᠭᠤᠯᠭ᠎ᠠ︾ ᠶᠢ ᠣᠯᠵᠤ ᠣᠶᠢᠯᠠᠭᠠᠪᠠ᠂ ᠡᠳᠦᠭᠡ | ᠳᠣᠣᠷᠠᠬᠢ ᠮᠡᠲᠦ ᠬᠠᠷᠢᠭᠤᠯᠲᠠ ᠥᠭᠭᠦᠶ᠎ᠡ᠃ | ᠨᠢᠭᠡ᠂ ︽ᠠᠩᠭ᠍ᠯᠢ ᠬᠡᠯᠡᠨ ᠤ ᠵᠢᠭᠠᠨ ᠰᠤᠷᠭᠠᠯᠲᠠ ᠶᠢ ᠪᠠᠭᠤᠷᠠᠭᠤᠯᠤᠭᠰᠠᠨ ᠴᠠᠭ ᠢᠶᠠᠷ ᠳᠤᠮᠳᠠᠳᠤ ᠤᠯᠤᠰ ᠤᠨ | ᠤᠯᠠᠮᠵᠢᠯᠠᠯᠲᠤ ᠰᠣᠶᠣᠯ ᠤᠨ ᠵᠢᠭᠠᠨ ᠰᠤᠷᠭᠠᠯᠲᠠ ᠶᠢ ᠨᠡᠮᠡᠭᠳᠡᠭᠦᠯᠬᠦ ᠪᠤᠶᠤ ᠨᠡᠮᠡᠭᠳᠡᠭᠦᠯᠵᠦ᠂ ᠵᠢᠱᠢᠶᠡᠯᠡᠪᠡᠯ ᠶᠠᠲᠤᠭ᠎ᠠ | ᠰᠢᠲᠠᠷ᠎ᠠ ᠪᠢᠴᠢᠯᠭᠡ ᠵᠢᠷᠤᠭ ᠢ ᠨᠡᠮᠡᠭᠳᠡᠭᠦᠯᠵᠦ᠂ ᠬᠡᠦᠬᠡᠳ ᠢ ᠶᠢᠷᠲᠢᠨᠴᠦ ᠶᠢᠨ ᠦᠵᠡᠯᠲᠡ ᠪᠦᠷᠢᠯᠳᠦᠬᠦ ᠵᠠᠩᠭᠢᠯᠠᠭ᠎ᠠ ᠶᠢᠨ | ᠦᠶ᠎ᠡ ᠳᠤ ᠮᠠᠨ ᠤ ᠳᠤᠮᠳᠠᠳᠤ ᠤᠯᠤᠰ ᠤᠨ ᠰᠣᠶᠣᠯ ᠲᠠᠢ ᠣᠶᠢᠷᠠᠲᠤᠭᠤᠯᠵᠤ᠂ ᠬᠠᠷᠠᠬᠠᠨ ᠪᠠᠭ᠎ᠠ ᠠᠴᠠ ᠪᠠᠨ ᠮᠠᠨ ᠤ | ᠰᠣᠶᠣᠯ ᠤᠨ ᠤᠮᠤᠭᠰᠢᠯᠳᠤ ᠰᠡᠳᠬᠢᠯᠭᠡ ᠪᠠ ᠰᠣᠶᠣᠯ ᠤᠨ ᠢᠲᠡᠭᠡᠯ ᠢ ᠨᠡᠮᠡᠭᠳᠡᠭᠦᠯᠬᠦ︾ ᠲᠤᠬᠠᠶ ᠰᠠᠨᠠᠭᠤᠯᠭ᠎ᠠ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ | ᠰᠦᠭ ᠰᠦᠨᠡᠰᠦ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠨᠢ ︽ᠶᠠᠮᠠᠷ ᠬᠥᠮᠦᠨ ᠢ | ᠬᠥᠮᠦᠵᠢᠭᠦᠯᠬᠦ︾ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠤᠷᠭᠠᠨ ᠬᠥᠮᠦᠵᠢᠯ ᠤᠨ ᠶᠠᠮᠤᠨ | ᠲᠡᠦᠬᠡᠨ ᠠᠴᠠ ᠪᠠᠨ ᠠᠪᠤᠭᠠᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠰᠣᠶᠣᠯ ᠤᠨ ᠢᠲᠡᠭᠡᠯ ᠢ ᠨᠢ ᠪᠠᠲᠤᠳᠬᠠᠪᠠ᠃ | 1. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠤᠨ ᠰᠢᠰᠲ᠋ᠧᠮ ᠤᠨ ᠵᠢᠷᠤᠭ | ᠲᠥᠯᠥᠪᠯᠡᠭᠡ ᠶᠢ ᠴᠢᠩᠭᠠᠳᠬᠠᠨ᠎ᠠ᠃ 2021 ᠣᠨ ᠳᠤ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠳᠤᠮᠳᠠᠳᠤ ᠪᠠᠭ᠎ᠠ ᠰᠤᠷᠭᠠᠭᠤᠯᠢ ᠳᠤ ᠣᠷᠣᠭᠤᠯᠬᠤ ᠬᠢᠴᠢᠶᠡᠯ ᠤᠨ ᠵᠢᠭᠠᠬᠤ | ᠮᠠᠲ᠋ᠧᠷᠢᠶᠠᠯ ᠤᠨ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠰᠤᠳᠤᠯᠤᠨ ᠦᠢᠯᠡᠳᠴᠦ | ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠤᠷᠭᠠᠨ ᠬᠥᠮᠦᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠲᠥᠯᠥᠪᠯᠡᠵᠦ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ | ᠦᠨᠳᠦᠰᠦᠨ ᠵᠠᠷᠴᠢᠮ᠂ ᠶᠡᠷᠦᠩᠬᠡᠶ ᠬᠠᠷᠠᠯᠲᠠ᠂ ᠭᠤᠤᠯ ᠠᠭᠤᠯᠭ᠎ᠠ᠂ ᠠᠴᠢᠶᠠᠯᠠᠪᠤᠷᠢ ᠶᠢᠨ ᠬᠡᠯᠪᠡᠷᠢ᠂ ᠰᠤᠷᠤᠯᠭ᠎ᠠ ᠶᠢᠨ | ᠬᠤᠭᠤᠴᠠᠭ᠎ᠠ ᠪᠠ ᠰᠢᠨᠵᠢᠯᠡᠭᠡᠨ ᠤ ᠰᠠᠯᠠᠭ᠎ᠠ ᠶᠢᠨ ᠱᠠᠭᠠᠷᠳᠠᠯᠭ᠎ᠠ ᠵᠡᠷᠭᠡ ᠶᠢ ᠲᠣᠳᠣᠷᠬᠠᠶ ᠲᠣᠭᠲᠠᠭᠠᠪᠠ᠃ ᠳᠤᠮᠳᠠᠳᠤ | ᠪᠠᠭ᠎ᠠ ᠰᠤᠷᠭᠠᠭᠤᠯᠢ ᠶᠢᠨ ᠬᠢᠴᠢᠶᠡᠯ ᠨᠢ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠬᠢᠴᠢᠶᠡᠯ ᠢᠶᠠᠷ ᠭᠤᠤᠯ ᠪᠣᠯᠭᠠᠭᠰᠠᠨ | ᠂ ᠤᠷᠠᠯᠢᠭ ︵ᠳᠠᠭᠤᠤ ᠬᠥᠭᠵᠢᠮ᠂ ᠤᠷᠠᠨ ᠵᠢᠷᠤᠭ ᠵᠡᠷᠭᠡ︶᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ | ᠰᠢᠨᠵᠢᠯᠡᠭᠡᠨ ᠤ ᠰᠠᠯᠠᠭ᠎ᠠ ᠶᠢ ᠭᠤᠤᠯᠳᠠᠯᠭ᠎ᠠ ᠲᠠᠢ ᠣᠷᠣᠭᠤᠯᠤᠭᠰᠠᠨ᠂ ᠪᠤᠰᠤᠳ ᠰᠢᠨᠵᠢᠯᠡᠭᠡᠨ ᠤ ᠰᠠᠯᠠᠭ᠎ᠠ ᠶᠢ | ᠣᠷᠭᠠᠨᠢᠭ ᠢᠶᠠᠷ ᠨᠡᠪᠴᠢᠭᠦᠯᠦᠭᠰᠡᠨ ︽3+2+N︾ ᠰᠢᠨᠵᠢᠯᠡᠭᠡᠨ ᠤ ᠰᠠᠯᠠᠭ᠎ᠠ ᠶᠢᠨ ᠪᠦᠲᠦᠴᠡ ᠶᠢᠨ | ᠲᠣᠬᠢᠷᠠᠭᠤᠯᠤᠯᠲᠠ ᠶᠢ ᠪᠦᠷᠢᠯᠳᠦᠭᠦᠯᠵᠡᠶ᠃ | 2. ᠬᠡᠯᠡ ᠪᠢᠴᠢᠭ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ︵ᠦᠵᠡᠯ ᠰᠠᠨᠠᠭ᠎ᠠ ᠤᠯᠤᠰ ᠲᠥᠷᠥ︶ | ᠂ ᠲᠡᠤᠬᠡ ᠵᠡᠷᠭᠡ ᠰᠢᠨᠵᠢᠯᠡᠭᠡᠨ ᠤ ᠰᠠᠯᠠᠭ᠎ᠠ ᠪᠠᠷ ᠭᠤᠤᠯᠳᠠᠯᠭ᠎ᠠ ᠪᠣᠯᠭᠠᠨ ᠳᠤᠮᠳᠠᠳᠤ ᠶᠢᠨ ᠰᠢᠯᠢᠳᠡᠭ ᠤᠯᠠᠮᠵᠢᠯᠠᠯ ᠤᠨ | ᠰᠤᠷᠭᠠᠨ ᠬᠥᠮᠦᠵᠢᠯ ᠳᠤ ᠣᠷᠭᠠᠨᠢᠭ ᠢᠶᠠᠷ ᠠᠭᠤᠰᠤᠯᠴᠠᠭᠤᠯᠤᠨ᠎ᠠ᠃ ︽ᠵᠦᠭᠯᠡᠭᠦᠷ︾ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ 2022 ᠣᠨ ᠳᠤ᠂ ᠰᠤᠷᠭᠠᠨ ᠬᠥᠮᠦᠵᠢᠯ ᠤᠨ | ᠶᠠᠮᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ | ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠪᠠ᠃ ᠡᠭᠦᠨ ᠳᠤ᠂ ᠬᠡᠯᠡ ᠪᠢᠴᠢᠭ ᠤᠨ ︽ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ︾ ᠭᠡᠬᠦ ᠭᠤᠤᠯ ᠰᠡᠳᠦᠪ ᠤᠨ ᠭᠤᠤᠯ ᠠᠴᠢᠶᠠᠯᠠᠪᠤᠷᠢ ᠳᠤ ᠬᠢᠲᠠᠳ ᠥᠰᠥᠭ᠂ ᠤᠷᠠᠨ | ᠪᠢᠴᠢᠯᠭᠡ᠂ ᠤᠯᠠᠮᠵᠢᠯᠠᠯᠲᠤ ᠪᠠᠶᠠᠷ ᠤᠨ ᠡᠳᠦᠷ ᠵᠡᠷᠭᠡ ᠪᠣᠶ︔ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ᠨᠢ | ᠰᠤᠷᠭᠠᠭᠤᠯᠢ ᠶᠢᠨ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ᠂ ᠬᠤᠪᠴᠠᠰᠤ ᠵᠠᠰᠠᠯ᠂ ᠪᠠᠷᠢᠯᠭ᠎ᠠ ᠵᠡᠷᠭᠡ ᠶᠢᠨ | ᠰᠣᠯᠢᠯᠴᠠᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠰᠤᠷᠤᠭᠴᠢᠳ ᠲᠤ ᠮᠠᠨ ᠤ | ᠤᠯᠤᠰ ᠤᠨ ᠬᠡᠷᠡᠯ ᠰᠠᠴᠤᠷᠠᠩᠭᠤᠶ ᠰᠣᠶᠣᠯ ᠢ ᠣᠶᠢᠯᠠᠭᠠᠭᠤᠯᠤᠨ᠎ᠠ︔ ᠲᠡᠦᠬᠡ ᠨᠢ ᠰᠤᠷᠤᠭᠴᠢᠳ ᠲᠤ ᠶᠠᠰᠤᠨ ᠪᠢᠴᠢᠭ᠂ | ᠳ᠋ᠦ᠋ ᠵᠢᠶᠠᠩ ᠶᠠᠨ ᠤ ᠢᠨᠵᠧᠨᠧᠷᠢᠩ᠂ ︽ᠲᠦᠷᠪᠡᠨ ᠶᠡᠭᠡ ᠡᠭᠦᠳᠦᠯᠲᠡ︾ ᠵᠡᠷᠭᠡ ᠶᠢ ᠣᠶᠢᠯᠠᠭᠠᠭᠤᠯᠬᠤ ᠪᠠᠷ | ᠳᠠᠮᠵᠢᠭᠤᠯᠵᠤ᠂ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠶᠢ | ᠬᠥᠮᠦᠵᠢᠭᠦᠯᠬᠦ ᠶᠢ ᠴᠢᠬᠤᠯᠠᠴᠢᠯᠠᠪᠠ︔ ᠤᠷᠠᠯᠢᠭ ᠨᠢ ᠰᠤᠷᠤᠭᠴᠢᠳ ᠤᠨ ᠴᠠᠭᠠᠰᠤᠨ ᠬᠠᠶᠢᠴᠢᠯᠠᠮᠠᠯ᠂ ᠰᠡᠭᠦᠳᠡᠷ | ᠰᠡᠭᠦᠳᠡᠷ᠂ ᠴᠠᠭᠠᠨ ᠰᠠᠷ᠎ᠠ ᠶᠢᠨ ᠵᠢᠷᠤᠭ ᠵᠡᠷᠭᠡ ᠳᠤᠮᠳᠠᠳᠤ ᠤᠯᠤᠰ ᠤᠨ ᠠᠷᠠᠳ ᠤᠨ ᠤᠷᠠᠨ ᠵᠢᠷᠤᠭ ᠤᠨ ᠪᠦᠲᠦᠭᠡᠯ ᠢ | ᠰᠣᠨᠢᠷᠬᠠᠬᠤ ᠶᠢ ᠬᠥᠲᠥᠯᠥᠨ ᠵᠢᠯᠣᠭᠤᠳᠤᠨ᠎ᠠ︔ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠳᠤ ᠲᠤᠰᠬᠠᠶᠢᠯᠠᠨ ︽ | ᠳᠤᠮᠳᠠᠳᠤ ᠶᠢᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠤᠨ ᠬᠥᠳᠡᠯᠭᠡᠭᠡᠨ︾ ᠤ ᠬᠢᠴᠢᠶᠡᠯ ᠤᠨ ᠠᠭᠤᠯᠭ᠎ᠠ ᠶᠢ | ᠲᠣᠬᠢᠷᠠᠭᠤᠯᠤᠨ᠎ᠠ ᠹᠢᠽᠢᠺ ᠨᠢ ᠰᠤᠷᠤᠭᠴᠢᠳ ᠢ ᠵᠢᠯᠣᠭᠤᠳᠤᠨ ᠮᠠᠨ ᠤ ᠤᠯᠤᠰ ᠤᠨ ᠡᠷᠲᠡᠨ ᠤ ᠬᠦᠷᠡᠯ ᠵᠡᠪᠰᠡᠭ᠂ | ᠲᠡᠮᠦᠷ ᠵᠡᠪᠰᠡᠭ ᠦᠢᠯᠡᠳᠬᠦ ᠮᠡᠷᠭᠡᠵᠢᠯ ᠵᠢᠴᠢ ᠨᠡᠶᠢᠭᠡᠮ ᠤᠨ ᠳᠠᠪᠰᠢᠯᠲᠠ ᠳᠤ ᠦᠵᠡᠭᠦᠯᠬᠦ ᠲᠦᠯᠬᠢᠴᠡ ᠦᠢᠯᠡᠳᠦᠯ ᠢ | ᠣᠶᠢᠯᠠᠭᠠᠭᠤᠯᠳᠠᠭ᠃ ᠣᠲᠣ ᠶᠢᠨ ᠬᠡᠷᠡᠭᠵᠢᠭᠦᠯᠵᠦ ᠪᠠᠶᠢᠭ᠎ᠠ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ ᠤᠨ | ᠵᠢᠭᠠᠬᠤ ᠮᠠᠲ᠋ᠧᠷᠢᠶᠠᠯ ᠳᠤ ︽ᠭᠤᠷᠪᠠᠨ ᠥᠰᠥᠭ ᠤᠨ ᠨᠣᠮ︾᠂ ︽ᠱᠠᠪᠢ ᠨᠠᠷ ᠤᠨ ᠲᠦᠷᠢᠮ︾᠂ ︽ᠰᠢᠭᠦᠮᠵᠢᠯᠡᠯ | ᠥᠭᠦᠯᠡᠯ︾ ᠵᠡᠷᠭᠡ ᠠᠯᠳᠠᠷᠲᠤ ᠵᠣᠬᠢᠶᠠᠯ ᠤᠳ ᠢ ᠨᠠᠶᠢᠷᠠᠭᠤᠯᠵᠤ ᠪᠣᠶ᠃ ᠶᠣᠰᠣ ᠰᠤᠷᠲᠠᠬᠤᠨ ᠬᠢᠭᠡᠳ ᠬᠠᠤᠯᠢ ᠪᠠᠷ | ᠵᠠᠰᠠᠬᠤ ᠵᠢᠭᠠᠬᠤ ᠮᠠᠲ᠋ᠧᠷᠢᠶᠠᠯ ᠳᠤ ︽ᠶᠣᠰᠣᠯᠠᠯ ᠤᠨ ᠲᠡᠮᠳᠡᠭᠯᠡᠯ︾᠂ ︽ᠰᠢᠶᠦ᠋ᠨᠽᠢ ᠪᠢᠴᠢᠭ︾᠂ ︽ᠰᠡᠴᠡᠨ | ᠦᠭᠡ ᠶᠢ ᠬᠠᠪᠰᠤᠷᠭᠠᠭᠰᠠᠨ ᠨᠢ︾ ᠵᠡᠷᠭᠡ ᠡᠷᠲᠡᠨ ᠤ ᠰᠤᠳᠤᠷ ᠪᠢᠴᠢᠭ ᠢ ᠡᠰᠢᠯᠡᠨ ᠬᠡᠷᠡᠭᠯᠡᠵᠦ᠂ ᠰᠤᠷᠤᠭᠴᠢᠳ ᠢ | ᠬᠠᠷᠠᠬᠠᠨ ᠪᠠᠭ᠎ᠠ ᠠᠴᠠ ᠪᠠᠨ ᠴᠢᠷᠮᠠᠶᠢᠨ ᠰᠤᠷᠤᠯᠴᠠᠬᠤ ᠪᠠᠷ ᠵᠣᠷᠢᠭ ᠰᠢᠭᠤᠳᠤᠭᠤᠯᠪᠠ︔ ᠲᠡᠦᠬᠡ ᠶᠢᠨ ᠵᠢᠭᠠᠬᠤ | ᠮᠠᠲ᠋ᠧᠷᠢᠶᠠᠯ ᠳᠤ ︽ᠰᠤᠳᠤᠷ ᠲᠡᠮᠳᠡᠭᠯᠡᠯ︾᠂ ︽ᠬᠠᠨ ᠤᠯᠤᠰ ᠤᠨ ᠪᠢᠴᠢᠭ︾ ᠵᠡᠷᠭᠡ ᠶᠢ ᠲᠠᠨᠢᠯᠴᠠᠭᠤᠯᠬᠤ ᠪᠠᠷ | ᠳᠠᠮᠵᠢᠨ ᠰᠤᠷᠤᠭᠴᠢᠳ ᠤᠨ ᠲᠡᠦᠬᠡ ᠶᠢᠨ ᠮᠠᠲ᠋ᠧᠷᠢᠶᠠᠯ ᠢ ᠤᠩᠰᠢᠬᠤ ᠴᠢᠳᠠᠪᠤᠷᠢ ᠶᠢ ᠬᠥᠮᠦᠵᠢᠭᠦᠯᠦᠨ᠎ᠡ᠃ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠠᠭᠤᠯᠭ᠎ᠠ ᠶᠢ ᠲᠤᠭᠤᠰᠢᠯᠠᠭᠤᠯᠤᠨ ᠵᠠᠪᠠᠯ ᠰᠤᠷᠴᠤ᠂ ᠰᠣᠩᠭᠤᠯᠲᠠ ᠶᠢᠨ ᠴᠢᠨᠠᠷᠲᠠᠶ ᠪᠠᠷ ᠵᠠᠪᠠᠯ ᠰᠤᠷᠴᠤ᠂ | ᠰᠣᠩᠭᠤᠨ ᠰᠤᠷᠳᠠᠭ︔ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠰᠤᠷᠤᠭᠴᠢᠳ ᠢ ᠤᠯᠠᠮᠵᠢᠯᠠᠯᠲᠤ | ᠰᠣᠶᠣᠯ ᠳᠤ ᠬᠤᠪᠢᠰᠤᠩᠭᠤᠶ ᠪᠠᠷ ᠬᠠᠨᠳᠤᠬᠤ ᠶᠢ ᠬᠥᠲᠥᠯᠥᠨ ᠵᠢᠯᠣᠭᠤᠳᠴᠤ᠂ ᠵᠢᠭᠠᠬᠤ ᠮᠠᠲ᠋ᠧᠷᠢᠶᠠᠯ ᠳᠤ ︽ᠬᠠᠨ | ᠤᠯᠤᠰ ᠤᠨ ᠠᠯᠬᠤᠬᠤᠶ ᠶᠢ ᠰᠤᠷᠬᠤ ᠠᠨᠤ ᠬᠠᠭᠤᠴᠢᠨ ᠦᠢᠯᠡ ᠠᠵᠢᠯᠯᠠᠭ᠎ᠠ ᠪᠠᠨ ᠠᠯᠳᠠᠬᠤ︾ ᠭᠡᠰᠡᠨ ᠯᠣᠷᠵᠣᠣ | ᠦᠭᠡ ᠶᠢ ᠡᠰᠢ ᠲᠠᠲᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ︽ᠳᠥᠷᠪᠡᠨ ᠢᠲᠡᠭᠡᠯ︾ ᠢ ᠨᠢ | ᠪᠠᠲᠤᠳᠬᠠᠵᠠᠶ ᠤᠷᠠᠨ ᠵᠢᠷᠤᠭ ᠤᠨ ᠵᠠᠪᠠᠯ ᠰᠤᠷᠬᠤ ᠬᠢᠴᠢᠶᠡᠯ ᠨᠢ ᠳᠤᠮᠳᠠᠳᠤ ᠤᠯᠤᠰ ᠤᠨ ᠰᠢᠯᠢᠳᠡᠭ | ᠤᠯᠠᠮᠵᠢᠯᠠᠯᠲᠤ ᠪᠢᠴᠢᠯᠭᠡ ᠵᠢᠷᠤᠭ ᠪᠠ ᠠᠷᠠᠳ ᠤᠨ ᠤᠷᠠᠨ ᠵᠢᠷᠤᠭ ᠤᠨ ᠳᠦᠷᠰᠦ ᠪᠦᠲᠦᠭᠡᠯᠲᠡ ᠶᠢᠨ ᠬᠡᠯᠡ᠂ ᠵᠣᠬᠢᠶᠠᠨ | ᠪᠦᠲᠦᠭᠡᠯᠭᠡ ᠶᠢᠨ ᠣᠶᠢᠯᠠᠭᠠᠭᠳᠠᠬᠤᠨ ᠵᠢᠴᠢ ᠰᠣᠶᠣᠯ ᠤᠨ ᠠᠭᠤᠯᠬᠤᠨ ᠢ ᠣᠶᠢᠯᠠᠭᠠᠬᠤ ᠶᠢᠨ ᠬᠠᠮᠲᠤ ᠶᠡᠷᠦᠩᠬᠡᠶᠢᠯᠡᠨ | ᠬᠡᠷᠡᠭᠯᠡᠬᠦ ᠶᠢ ᠱᠠᠭᠠᠷᠳᠠᠳᠠᠭ᠃ ᠹᠢᠽᠢᠺ ᠤᠨ ᠵᠠᠪᠠᠯ ᠰᠤᠷᠬᠤ ᠬᠢᠴᠢᠶᠡᠯ ᠨᠢ ᠰᠤᠷᠤᠭᠴᠢᠳ ᠲᠤ ᠮᠠᠨ ᠤ ᠤᠯᠤᠰ ᠤᠨ | ᠡᠷᠲᠡᠨ ᠤ ᠦᠶ᠎ᠡ ᠶᠢᠨ ᠰᠣᠷᠢᠨᠵᠢᠨ ᠤ ᠦᠵᠡᠭᠳᠡᠯ ᠤᠨ ᠲᠤᠬᠠᠶ ᠲᠠᠨᠢᠯᠲᠠ ᠪᠠ ᠬᠡᠷᠡᠭᠯᠡᠯᠲᠡ ᠵᠢᠴᠢ ᠲᠡᠭᠦᠨ ᠤ ᠬᠥᠮᠦᠨ | ᠲᠥᠷᠥᠯᠬᠢᠲᠡᠨ ᠤ ᠪᠣᠯᠪᠠᠰᠤᠨ ᠳᠤ ᠦᠵᠡᠭᠦᠯᠬᠦ ᠨᠥᠯᠥᠭᠡ ᠶᠢ ᠣᠶᠢᠯᠠᠭᠠᠭᠤᠯᠤᠨ᠎ᠠ᠃ ᠡᠭᠦᠨ ᠠᠴᠠ ᠭᠠᠳᠠᠨ᠎ᠠ᠂ | ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠳᠤ ︽ᠮᠠᠨ ᠤ | ᠤᠯᠠᠮᠵᠢᠯᠠᠯᠲᠤ ᠪᠠᠶᠠᠷ ᠤᠨ ᠡᠳᠦᠷ︾ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠲᠠᠨᠢᠯᠴᠠᠭᠤᠯᠵᠤ᠂ ᠰᠤᠷᠤᠭᠴᠢᠳ ᠤᠨ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠤᠨ ᠦᠢᠯᠡᠳᠦᠯᠭᠡ ᠶᠢᠨ ᠣᠶᠢᠯᠠᠭᠠᠯᠲᠠ ᠶᠢ | ᠨᠡᠮᠡᠭᠳᠡᠭᠦᠯᠦᠨ᠎ᠡ᠃ | 3. ᠠᠳᠤᠭᠤᠨ ᠤ ᠢᠨᠵᠧᠨᠧᠷᠢᠩ ᠤᠨ ᠭᠤᠤᠯᠳᠠᠯᠭ᠎ᠠ ᠲᠠᠢ ᠵᠢᠭᠠᠬᠤ ᠮᠠᠲ᠋ᠧᠷᠢᠶᠠᠯ ᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠰᠤᠷᠭᠠᠨ ᠬᠥᠮᠦᠵᠢᠯ ᠳᠤ ᠣᠷᠭᠠᠨᠢᠭ ᠢᠶᠠᠷ ︽ᠳᠤᠮᠳᠠᠳᠤ ᠤᠯᠤᠰ ᠤᠨ ᠡᠷᠲᠡᠨ ᠤ | ᠤᠳᠬ᠎ᠠ ᠵᠣᠬᠢᠶᠠᠯ ᠤᠨ ᠲᠡᠦᠬᠡ︾᠂ ︽ᠳᠤᠮᠳᠠᠳᠤ ᠤᠯᠤᠰ ᠤᠨ ᠭᠤᠸ᠎ᠠ ᠵᠦᠢ ᠶᠢᠨ ᠲᠡᠦᠬᠡ︾᠂ ︽ᠳᠤᠮᠳᠠᠳᠤ | ᠤᠯᠤᠰ ᠤᠨ ᠰᠢ ᠵᠦᠴᠦᠭᠡ ᠶᠢᠨ ᠲᠡᠦᠬᠡ︾ ᠵᠡᠷᠭᠡ ᠰᠤᠷᠭᠠᠨ ᠬᠥᠮᠦᠵᠢᠯ ᠤᠨ ᠶᠠᠮᠤᠨ ᠤ ᠮᠤᠷᠢᠨ ᠤ ᠢᠨᠵᠧᠨᠧᠷᠢᠩ ᠤᠨ | ᠭᠤᠣᠯᠳᠠᠯᠭ᠎ᠠ ᠲᠠᠢ ᠵᠢᠭᠠᠬᠤ ᠮᠠᠲ᠋ᠧᠷᠢᠶᠠᠯ ᠳᠤ᠂ ᠡᠯ᠎ᠡ ᠰᠢᠨᠵᠢᠯᠡᠭᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠲᠡᠦᠬᠡ᠂ ᠤᠳᠬ᠎ᠠ ᠵᠣᠬᠢᠶᠠᠯ᠂ ᠭᠤᠸ᠎ᠠ ᠵᠦᠢ ᠵᠡᠷᠭᠡ ᠠᠳᠠᠯᠢ ᠪᠤᠰᠤ ᠲᠠᠯ᠎ᠠ ᠠᠴᠠ ᠳᠤᠮᠳᠠᠳᠤ ᠶᠢᠨ ᠰᠢᠯᠢᠳᠡᠭ | ᠰᠣᠶᠣᠯ ᠤᠨ ᠡᠭᠦᠰᠦᠯ ᠬᠥᠭᠵᠢᠯᠲᠡ᠂ ᠲᠡᠦᠬᠡ ᠶᠢᠨ ᠰᠤᠳᠠᠰᠤ ᠶᠢ ᠰᠢᠰᠲ᠋ᠧᠮ ᠲᠠᠢ ᠥᠭᠦᠯᠡᠵᠦ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠪᠠᠶᠠᠯᠢᠭ ᠠᠭᠤᠯᠤᠭᠳᠠᠬᠤᠨ ᠪᠠ ᠡᠷᠬᠢᠮ ᠨᠠᠨᠳᠢᠨ ᠲᠤᠷᠰᠢᠯᠭ᠎ᠠ ᠶᠢ ᠭᠦᠢᠴᠡᠳ | ᠢᠯᠡᠷᠡᠭᠦᠯᠪᠡ᠃ | 4. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠳᠤ ᠣᠷᠣᠭᠤᠯᠤᠨ᠎ᠠ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠭᠤᠯᠭ᠎ᠠ ᠶᠢᠨ | ᠥᠭᠡᠷᠡᠴᠢᠯᠡᠯᠲᠡ ᠶᠢ ᠴᠢᠬᠤᠯᠠᠴᠢᠯᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠡᠳᠦᠪ ᠲᠤ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠪᠠ ᠳᠡᠭᠡᠳᠦ ᠰᠤᠷᠭᠠᠭᠤᠯᠢ ᠶᠢᠨ | ᠴᠢᠳᠠᠪᠤᠷᠢᠲᠠᠨ ᠢ ᠰᠢᠯᠢᠨ ᠰᠣᠩᠭᠤᠬᠤ ᠱᠠᠭᠠᠷᠳᠠᠯᠭ᠎ᠠ ᠶᠢ ᠦᠨᠳᠦᠰᠦᠯᠡᠨ᠂ ᠶᠣᠰᠣ ᠮᠣᠷᠠᠯ ᠣᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠬᠤᠦ᠋ᠢᠷᠠ ᠶᠢᠨ ᠵᠢᠯ ᠠᠴᠠ᠂ | ᠤᠯᠠᠨ ᠵᠦᠢᠯ ᠤᠨ ᠬᠡᠯᠪᠡᠷᠢ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠠᠮᠢᠶ᠎ᠠ ᠪᠦᠬᠦᠢ | ᠠᠭᠤᠯᠭ᠎ᠠ ᠶᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠵᠤ᠂ ᠰᠤᠷᠤᠭᠴᠢᠳ ᠢ ᠬᠦᠳᠦᠯᠦᠨ ᠵᠢᠯᠣᠭᠤᠳᠴᠤ ᠪᠠᠶᠢᠭᠠᠳ | ᠤᠯᠤᠰ ᠤᠨ ᠮᠡᠳᠡᠷᠡᠬᠦ ᠰᠡᠳᠬᠢᠯᠭᠡ ᠪᠠ ᠦᠨᠳᠦᠰᠦᠲᠡᠨ ᠤ ᠤᠮᠤᠭᠰᠢᠯᠳᠤ ᠰᠡᠳᠬᠢᠯᠭᠡ ᠶᠢ ᠨᠢ ᠨᠡᠮᠡᠭᠳᠡᠭᠦᠯᠵᠦ᠂ | ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠪᠠ᠃ | ᠬᠤᠶᠠᠷ᠂ ︽ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠬᠤᠪᠢ ᠶᠢᠨ ᠵᠢᠩ ᠢ ᠪᠠᠭᠤᠷᠠᠭᠤᠯᠵᠤ᠂ | ᠰᠢᠯᠭᠠᠯᠲᠠ ᠶᠢᠨ ᠳᠤᠮᠳᠠ ᠬᠤᠪᠢ ᠶᠢᠨ ᠵᠢᠩ ᠢ ᠡᠵᠡᠯᠡᠨ᠎ᠡ᠃ ᠠᠩᠭ᠍ᠯᠢ ᠬᠡᠯᠡᠨ ᠤ ᠰᠤᠷᠤᠯᠴᠠᠯᠭ᠎ᠠ ᠪᠣᠯ ᠴᠢᠬᠤᠯᠠ ᠲᠠᠢ | ᠶᠤᠮ᠂ ᠭᠡᠪᠡᠴᠦ ᠲᠡᠶᠢᠮᠦ ᠤᠷᠳᠤ ᠬᠤᠭᠤᠴᠠᠭ᠎ᠠ ᠶᠢ ᠵᠠᠷᠤᠴᠠᠭᠤᠯᠬᠤ ᠴᠢᠬᠤᠯᠠ ᠦᠭᠡᠢ᠂ ᠴᠢᠬᠤᠯᠠᠴᠢᠯᠠᠬᠤ ᠪᠤᠶᠤ | ᠴᠢᠨᠠᠭᠰᠢᠯᠠᠪᠠᠯ ᠵᠢᠭᠠᠬᠠᠨ ᠵᠡᠷᠡᠮᠳᠡᠭ ᠬᠡᠮᠵᠢᠶᠡᠨ ᠳᠤ ᠬᠦᠷᠲᠡᠯ᠎ᠡ ᠴᠢᠬᠤᠯᠠᠴᠢᠯᠠᠬᠤ ᠬᠡᠷᠡᠭᠲᠡᠶ︾ ᠪᠠ ︽ᠠᠩᠭ᠍ᠯᠢ ᠬᠡᠯᠡᠨ ᠤ | ᠵᠢᠭᠠᠨ ᠰᠤᠷᠭᠠᠯᠲᠠ ᠶᠢᠨ ᠠᠷᠭ᠎ᠠ ᠶᠢ ᠥᠭᠡᠷᠡᠴᠢᠯᠡᠬᠦ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠬᠤᠪᠢ ᠶᠢ ᠴᠤᠷ ᠤᠨ ᠭᠠᠭᠴᠠ ᠵᠣᠷᠢᠯᠭ᠎ᠠ ᠪᠠᠷ ᠬᠤᠪᠢᠶᠠᠬᠤ ᠪᠢᠰᠢ᠂ ᠬᠠᠷᠢᠨ ᠶᠠᠷᠢᠶᠠᠨ ᠤ ᠬᠡᠯᠡᠨ ᠤ | ᠶᠠᠷᠢᠯᠴᠠᠭ᠎ᠠ᠂ ᠠᠮᠢᠳᠤᠷᠠᠯ ᠤᠨ ᠬᠡᠷᠡᠭᠯᠡᠭᠡ ᠪᠠᠷ ᠭᠤᠣᠯ ᠪᠣᠯᠭᠠᠬᠤ︾ ᠲᠤᠬᠠᠶ ᠰᠠᠨᠠᠭᠤᠯᠭ᠎ᠠ | 1. ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠭᠠᠳᠤ ᠬᠡᠯᠡᠨ ᠤ ᠬᠢᠴᠢᠶᠡᠯ ᠤᠨ ᠡᠵᠡᠯᠡᠬᠦ ᠬᠠᠷᠢᠴᠠᠯ ᠨᠢ ᠬᠡᠯᠡ | ᠪᠢᠴᠢᠭ ᠵᠡᠷᠭᠡ ᠰᠢᠨᠵᠢᠯᠡᠭᠡᠨ ᠤ ᠰᠠᠯᠠᠭ᠎ᠠ ᠠᠴᠠ ᠳᠣᠣᠷ᠎ᠠ ᠪᠠᠶᠢᠬᠤ᠃ ᠭᠠᠳᠠᠭᠠᠳᠤ ᠬᠡᠯᠡ ᠪᠣᠯ ᠰᠤᠷᠤᠭᠴᠢᠳ ᠤᠨ ᠶᠣᠰᠣ | ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠶᠢᠨ ᠪᠥᠬᠦ ᠲᠠᠯ᠎ᠠ ᠶᠢᠨ ᠬᠥᠭᠵᠢᠯᠲᠡ ᠶᠢᠨ ᠴᠢᠬᠤᠯᠠ | ᠪᠦᠷᠢᠯᠳᠦᠬᠦᠨ ᠬᠡᠰᠡᠭ ᠮᠥᠨ᠂ ᠲᠡᠷᠡ ᠨᠢ ᠰᠤᠷᠤᠭᠴᠢᠳ ᠤᠨ ᠦᠭᠡ ᠬᠡᠯᠡᠨ ᠤ ᠴᠢᠳᠠᠪᠤᠷᠢ᠂ ᠰᠣᠶᠣᠯ ᠤᠨ ᠤᠬᠠᠮᠰᠠᠷ᠂ | ᠰᠡᠳᠬᠢᠬᠦᠶ ᠶᠢᠨ ᠬᠡᠪ ᠴᠢᠨᠠᠷ᠂ ᠰᠤᠷᠤᠯᠴᠠᠬᠤ ᠴᠢᠳᠠᠪᠤᠷᠢ ᠵᠡᠷᠭᠡ ᠭᠤᠤᠯᠯᠠᠬᠤ ᠬᠡᠪ ᠪᠣᠯᠪᠠᠰᠤᠷᠠᠯ ᠢ ᠬᠥᠮᠦᠵᠢᠭᠦᠯᠬᠦ ᠪᠠ | ᠬᠥᠭᠵᠢᠭᠦᠯᠬᠦ ᠳᠤ ᠠᠰᠢᠭᠲᠠᠶ ᠪᠠᠶᠢᠵᠤ᠂ ᠰᠤᠷᠤᠭᠴᠢᠳ ᠤᠨ ᠳᠤᠮᠳᠠᠳᠤ ᠤᠯᠤᠰ ᠤᠨ ᠰᠡᠳᠬᠢᠯᠭᠡ᠂ ᠣᠯᠠᠨ | ᠤᠯᠤᠰ ᠤᠨ ᠬᠠᠷᠠᠭᠠᠰᠤ ᠪᠠ ᠰᠣᠶᠣᠯ ᠠᠯᠤᠰᠯᠠᠭᠰᠠᠨ ᠨᠡᠪᠲᠡᠷᠡᠯᠴᠡᠬᠦ ᠴᠢᠳᠠᠪᠤᠷᠢ ᠶᠢ ᠬᠥᠮᠦᠵᠢᠭᠦᠯᠦᠨ᠎ᠡ᠃ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ︵2022 ᠣᠨ ᠤ ᠬᠡᠪᠯᠡᠯ︶︾ ᠳᠤ | ᠲᠣᠭᠲᠠᠭᠠᠭᠰᠠᠨ ᠨᠢ᠂ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠴᠠᠭ ᠤᠨ ᠬᠠᠷᠢᠴᠠᠯ ᠨᠢ᠄ ᠬᠡᠯᠡ ᠪᠢᠴᠢᠭ ᠤᠨ | 20%-22%᠂ ᠲᠣᠭᠠᠨ ᠤ ᠤᠬᠠᠭᠠᠨ ᠤ 13%-15%᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ | 10%-11%᠂ ᠭᠠᠳᠠᠭᠠᠳᠤ ᠬᠡᠯᠡᠨ ᠤ 6%-8% ᠵᠡᠷᠭᠡ ᠪᠣᠯᠤᠨ᠎ᠠ᠃ ︽ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ︵2017 ᠣᠨ ᠤ ᠬᠡᠪᠯᠡᠯ ᠤᠨ 2020 ᠣᠨ ᠳᠤ ᠵᠠᠰᠠᠪᠤᠷᠢ | ᠣᠷᠣᠭᠤᠯᠪᠠ︶︾ ᠢ ᠦᠨᠳᠦᠰᠦᠯᠡᠪᠡᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠠᠳᠠᠭᠠᠳᠤ | ᠬᠡᠯᠡᠨ ᠤ ᠵᠠᠪᠠᠯ ᠰᠤᠷᠬᠤ ᠰᠤᠷᠤᠯᠭ᠎ᠠ ᠶᠢᠨ ᠬᠤᠪᠢ ᠶᠢᠨ ᠬᠢᠴᠢᠶᠡᠯ ᠤᠨ ᠴᠠᠭ ᠤᠨ ᠬᠠᠷᠢᠴᠠᠯ ᠨᠢ ᠵᠠᠪᠠᠯ ᠰᠤᠷᠬᠤ | ᠶᠡᠷᠦᠩᠬᠡᠶ ᠰᠤᠷᠤᠯᠭ᠎ᠠ ᠶᠢᠨ ᠬᠤᠪᠢ ᠶᠢᠨ ᠬᠢᠴᠢᠶᠡᠯ ᠤᠨ ᠴᠠᠭ ᠤᠨ 7% ᠶᠢ ᠡᠵᠡᠯᠡᠨ᠎ᠡ᠃ ᠭᠠᠳᠠᠭᠠᠳᠤ ᠬᠡᠯᠡᠨ ᠤ | ᠬᠢᠴᠢᠶᠡᠯ ᠤᠨ ᠴᠠᠭ ᠨᠢ ᠬᠡᠯᠡ ᠪᠢᠴᠢᠭ᠂ ᠲᠣᠭᠠᠨ ᠤ ᠤᠬᠠᠭᠠᠨ᠂ ᠪᠡᠶ᠎ᠡ ᠲᠠᠮᠢᠷ᠂ ᠤᠷᠠᠯᠢᠭ ᠵᠡᠷᠭᠡ ᠬᠢᠴᠢᠶᠡᠯ | ᠲᠥᠷᠥᠯ ᠠᠴᠠ ᠢᠯᠡᠳᠲᠡ ᠳᠣᠤᠷ᠎ᠠ ᠪᠠᠶᠢᠳᠠᠭ᠃ | 2. ᠲᠥᠪ ᠤᠨ ᠱᠠᠭᠠᠷᠳᠠᠯᠭ᠎ᠠ ᠶᠣᠰᠣᠭᠠᠷ ᠭᠠᠳᠠᠭᠠᠳᠤ ᠬᠡᠯᠡᠨ ᠤ ᠰᠢᠯᠭᠠᠯᠲᠠ ᠶᠢᠨ ᠬᠤᠪᠢ ᠶᠢᠨ ᠵᠢᠩ ᠢ | ᠲᠣᠭᠲᠠᠭᠠᠨ᠎ᠠ᠃ 2014 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠰᠢᠯᠭᠠᠯᠲᠠ ᠬᠢᠵᠦ ᠰᠣᠷᠣᠭᠴᠢ | ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ | ᠲᠠᠷᠬᠠᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠡᠯᠡ ᠪᠢᠴᠢᠭ᠂ | ᠲᠣᠭᠠᠨ ᠤ ᠤᠬᠠᠭᠠᠨ᠂ ᠭᠠᠳᠠᠭᠠᠳᠤ ᠬᠡᠯᠡᠨ ᠤ ᠬᠢᠴᠢᠶᠡᠯ ᠲᠥᠷᠥᠯ ᠢ ᠬᠤᠪᠢᠷᠠᠭᠤᠯᠬᠤ ᠥᠬᠡᠶ᠂ ᠬᠤᠪᠢ ᠶᠢᠨ | ᠥᠷᠲᠡᠭ ᠢ ᠬᠤᠪᠢᠷᠠᠭᠤᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠣᠳᠣᠬᠢ ᠱᠠᠲᠤᠨ ᠤ ᠭᠠᠳᠠᠭᠠᠳᠤ ᠬᠡᠯᠡᠨ ᠤ | ᠨᠢᠭᠡᠳᠦᠯᠲᠡᠶ ᠰᠢᠯᠭᠠᠯᠲᠠ ᠶᠢᠨ ᠲᠣᠬᠢᠷᠠᠭᠤᠯᠤᠯᠲᠠ ᠶᠢ ᠪᠣᠯ ᠲᠥᠪ ᠠᠴᠠ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢᠨ ᠦᠵᠦ ᠲᠥᠯᠥᠪᠯᠡᠭᠡ ᠶᠣᠰᠣᠭᠠᠷ ᠲᠣᠭᠲᠠᠭᠠᠭᠰᠠᠨ ᠶᠤᠮ᠃ | | ᠳᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠶᠠᠮᠤᠨ ᠳᠤᠮᠳᠠᠳᠤ ᠪᠠᠭ᠎ᠠ ᠰᠤᠷᠭᠠᠭᠤᠯᠢ ᠶᠢᠨ | ᠬᠢᠴᠢᠶᠡᠯ ᠤᠨ ᠪᠣᠯᠪᠠᠰᠤᠷᠠᠯ ᠵᠢᠴᠢ ᠬᠡᠷᠡᠭᠵᠢᠭᠦᠯᠬᠦ ᠵᠢᠯᠣᠭᠤᠳᠣᠯᠭ᠎ᠠ ᠪᠠᠨ ᠴᠢᠩᠭᠠᠳᠬᠠᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ᠂ ᠶᠡᠭᠡ | ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠲᠥᠯᠥᠪᠵᠢᠭᠦᠯᠭᠡ | ᠪᠠ ᠶᠡᠭᠡ ᠳᠡᠭᠡᠳᠦ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠶᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠳᠡᠭᠡᠳᠦ ᠰᠤᠷᠭᠠᠭᠤᠯᠢ ᠳᠤ ᠡᠯᠰᠡᠬᠦ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠰᠣᠶᠣᠯ ᠤᠨ ᠢᠲᠡᠭᠡᠯ ᠢ ᠨᠢ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠤᠬᠠᠮᠰᠠᠷ ᠠᠴᠠ ᠪᠠᠨ ᠪᠠᠳᠠᠷᠠᠭᠤᠯᠤᠨ᠎ᠠ᠃ | ᠰᠤᠷᠭᠠᠨ ᠬᠥᠮᠦᠵᠢᠯ ᠤᠨ ᠠᠵᠢᠯ ᠢ ᠳᠡᠮᠵᠢᠵᠦ ᠬᠠᠯᠠᠮᠵᠢᠯᠠᠭᠰᠠᠨ ᠳᠤ ᠴᠢᠨᠢ ᠲᠠᠯᠠᠷᠬᠠᠵᠤ ᠪᠠᠶᠢᠨ᠎ᠠ︕ | | ᠰᠤᠷᠭᠠᠨ ᠬᠥᠮᠦᠵᠢᠯ ᠤᠨ ᠶᠠᠮᠤᠨ | 2022 ᠣᠨ ᠤ 8 ᠰᠠᠷ᠎ᠠ ᠶᠢᠨ 7 | | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |