︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/9/5
     ᠴᠢᠨᠠᠷ ᠰᠠᠶᠢᠲᠠᠶ ᠬᠥᠭᠵᠢᠯᠲᠡ ᠶᠢᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠪᠥᠬᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠤ ᠴᠢᠬᠤᠯᠠ ᠠᠵᠠ ᠲᠣᠬᠢᠶᠠᠯᠳᠤ ᠬᠤᠭᠤᠴᠠᠭ᠎ᠠ ᠤᠭᠲᠤᠨ ᠠᠪᠴᠢᠷᠠᠵᠤ᠂ ᠮᠡᠳᠡᠭᠡ ᠵᠠᠩᠭᠢᠵᠢᠯᠲᠠ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠪᠠᠳᠠᠷᠠᠭᠤᠯᠵᠤ ᠪᠠᠶᠢᠨ᠎ᠠ᠂ ᠡᠨᠡ ᠬᠦ ᠶᠠᠪᠤᠴᠠ ᠳᠤ ᠪᠣᠶ ᠪᠣᠯᠤᠭᠰᠠᠨ ᠡᠮᠴᠢᠯᠡᠭᠡ ᠡᠷᠡᠭᠦᠯ ᠮᠡᠨᠳᠦ ᠶᠢᠨ ᠲᠤᠭ᠎ᠠ ᠪᠠᠷᠢᠮᠲᠠ ᠨᠢ ᠴᠢᠬᠤᠯᠠ ᠦᠢᠯᠡᠳᠪᠦᠷᠢᠯᠡᠯ ᠤᠨ ᠬᠦᠴᠦᠨ ᠵᠦᠢᠯ ᠪᠣᠯᠬᠤ ᠪᠠᠷ ᠪᠠᠷᠠᠬᠤ ᠥᠬᠡᠶ᠂ ᠨᠠᠩ ᠴᠤ ᠤᠯᠤᠰ ᠤᠨ ᠰᠠᠭᠤᠷᠢ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠣᠯᠬᠤ ᠤᠴᠢᠷ ᠠᠴᠠ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠡᠳᠦᠷ ᠢᠷᠡᠬᠦᠶ᠎ᠡ ᠲᠣᠪᠤᠶᠢᠮ᠎ᠠ ᠪᠣᠯᠵᠣ ᠪᠠᠶᠢᠨ᠎ᠠ᠃ ᠡᠶᠢᠮᠦᠷᠬᠦ ᠠᠬᠤᠶ ᠪᠠᠶᠢᠳᠠᠯ ᠤᠨ ᠳᠣᠤᠷ᠎ᠠ᠂ ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ︽ᠢᠨᠲ᠋ᠤᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠬᠥᠭᠵᠢᠯᠲᠡ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠪᠠ᠃      ︽ᠠᠷᠭ᠎ᠠ︾ ᠳᠤ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠣᠣᠷ ᠰᠦᠯᠵᠢᠶ᠎ᠡ ᠵᠢᠴᠢ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠦᠨᠳᠦᠰᠦᠨ ᠵᠠᠷᠴᠢᠮ᠂ ᠬᠠᠮᠢᠶᠠᠷᠤᠯᠲᠠ ᠶᠢᠨ ᠠᠵᠢᠯ ᠤᠨ ᠬᠤᠪᠢᠶᠠᠷᠢᠯᠠᠯ᠂ ᠬᠡᠷᠡᠭᠵᠢᠭᠦᠯᠬᠦ ᠪᠠᠷᠢᠮᠵᠢᠶ᠎ᠠ᠂ ᠬᠢᠨᠠᠯᠲᠠ ᠲᠠᠯᠪᠢᠬᠤ ᠵᠢᠴᠢ ᠰᠢᠢᠳᠭᠡᠬᠦ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠵᠠᠶ᠃ ᠡᠨᠡ ᠨᠢ ᠠᠮᠤᠷ ᠲᠦᠪᠰᠢᠨ ᠬᠢᠭᠡᠳ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢᠨ ᠶᠡᠷᠦᠩᠬᠡᠶ ᠲᠡᠩᠴᠡᠭᠦᠷᠢ ᠶᠢ ᠬᠠᠷᠠᠭᠤᠯᠵᠤ᠂ ᠡᠭᠦᠨ ᠠᠴᠠ ᠡᠮᠦᠨ᠎ᠡ ᠨᠡᠶᠢᠲᠡᠯᠡᠭᠰᠡᠨ ᠠᠯᠢ ᠣᠯᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠲᠠᠢ ᠤᠳᠤᠮ ᠤᠯᠠᠮᠵᠢᠯᠠᠯ ᠨᠢᠭᠡᠲᠡᠶ ᠪᠠᠶᠢᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠶᠡᠷᠦᠩᠬᠡᠶ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ᠂ ᠡᠨᠡ ᠨᠢ ᠭᠤᠤᠯᠳᠠᠭᠤ ᠳᠣᠤᠷᠠᠬᠢ ᠳᠥᠷᠪᠡᠨ ᠲᠠᠯ᠎ᠠ ᠪᠠᠷ ᠢᠯᠡᠷᠡᠵᠦ ᠪᠠᠶᠢᠨ᠎ᠠ᠄      ᠨᠢᠭᠡ᠂ ᠨᠢᠭᠡ ᠦᠶᠡᠯᠡᠯ ᠤᠨ ᠬᠤᠭᠤᠴᠠᠭ᠎ᠠ ᠶᠢ ᠴᠢᠬᠤᠯᠠᠴᠢᠯᠠᠨ᠎ᠠ᠃ ︽ᠠᠷᠭ᠎ᠠ︾ ᠨᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠭᠤᠤᠯᠯᠠᠬᠤ ᠦᠵᠡᠯ ᠰᠠᠨᠠᠭ᠎ᠠ ᠶᠢ ᠪᠥᠬᠦ ᠠᠭᠤᠯᠭ᠎ᠠ ᠪᠠᠷ ᠨᠢ ᠲᠤᠤᠱᠯᠠᠭᠤᠯᠪᠠ᠃ ᠰᠦᠯᠵᠢᠶᠡᠨ ᠤ ᠠᠮᠤᠷ ᠲᠦᠪᠰᠢᠨ ᠤ ᠲᠠᠯ᠎ᠠ ᠪᠠᠷ᠂ ᠮᠡᠳᠡᠭᠡ ᠵᠠᠩᠭᠢ ᠶᠢᠨ ᠰᠢᠰᠲ᠋ᠧᠮ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ᠂ ᠵᠡᠷᠭᠡ ᠳᠡᠰ ᠢᠶᠠᠷ ᠬᠠᠮᠠᠭᠠᠯᠠᠬᠤ ᠳᠦᠷᠢᠮ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠪᠣᠳᠠᠲᠤ ᠳᠠᠶᠢᠨ᠂ ᠠᠮᠤᠷ ᠲᠦᠪᠰᠢᠨ ᠤ ᠴᠡᠭᠴᠡᠯᠡᠨ ᠰᠠᠶᠢᠵᠢᠷᠠᠭᠤᠯᠬᠤ᠂ ᠠᠵᠢᠯᠲᠠᠨ ᠤ ᠬᠠᠮᠢᠶᠠᠷᠤᠯᠲᠠ᠂ ᠰᠢᠨ᠎ᠡ ᠮᠡᠷᠭᠡᠵᠢᠯ ᠤᠨ ᠬᠡᠷᠡᠭᠯᠡᠯᠲᠡ᠂ ᠨᠢᠭᠤᠴᠠ ᠨᠣᠮᠧᠷ ᠤᠨ ᠠᠮᠤᠷ ᠲᠦᠪᠰᠢᠨ᠂ ᠡᠮᠴᠢᠯᠡᠭᠡᠨ ᠤ ᠲᠥᠬᠦᠭᠡᠷᠦᠮᠵᠢ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠳᠤᠷᠠᠳᠪᠠ︔ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠠᠯ᠎ᠠ ᠪᠠᠷ᠂ ᠲᠤᠭ᠎ᠠ ᠪᠠᠷᠢᠮᠲᠠ ᠶᠢᠨ ᠨᠢᠭᠤᠴᠠ ᠴᠢᠨᠠᠷ᠂ ᠪᠦᠷᠢᠨ ᠪᠦᠲᠦᠨ ᠴᠢᠨᠠᠷ᠂ ᠬᠡᠷᠡᠭᠯᠡᠵᠦ ᠪᠣᠯᠬᠤᠶᠢᠴᠠ ᠴᠢᠨᠠᠷ ᠢ ᠪᠠᠲᠤᠯᠠᠬᠤ ᠪᠠᠷ ᠬᠠᠷᠠᠯᠲᠠ ᠪᠣᠯᠭᠠᠵᠤ᠂ ᠲᠤᠭ᠎ᠠ ᠪᠠᠷᠢᠮᠲᠠ ᠶᠢ ᠨᠢᠭᠤᠴᠠᠯᠠᠬᠤ᠂ ᠲᠤᠭ᠎ᠠ ᠪᠠᠷᠢᠮᠲᠠ ᠶᠢ ᠨᠥᠭᠡᠴᠡᠯᠡᠬᠦ᠂ ᠲᠤᠭ᠎ᠠ ᠪᠠᠷᠢᠮᠲᠠ ᠶᠢᠨ ᠬᠠᠷᠰᠢᠮᠠᠲᠠᠭᠠᠶ ᠶᠢ ᠲᠠᠶᠢᠯᠬᠤ ᠵᠡᠷᠭᠡ ᠮᠡᠷᠭᠡᠵᠢᠯ ᠢ ᠬᠡᠷᠡᠭᠯᠡᠨ᠂ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ᠂ ᠬᠡᠷᠡᠭᠯᠡᠬᠦ᠂ ᠰᠣᠯᠢᠯᠴᠠᠬᠤ᠂ ᠤᠰᠠᠳᠬᠠᠬᠤ ᠵᠡᠷᠭᠡ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠪᠣᠳᠠᠲᠠᠶ ᠬᠡᠷᠡᠭᠯᠡᠬᠦ ᠶᠠᠪᠤᠴᠠ ᠳᠤ᠂ ᠰᠦᠯᠵᠢᠶ᠎ᠡ ᠪᠠ ᠲᠤᠭ᠎ᠠ ᠪᠠᠷᠢᠮᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠠᠷᠠᠭᠠᠰᠤ ᠳᠤ ᠰᠠᠭᠤᠷᠢᠯᠠᠨ᠂ ᠠᠮᠤᠷ ᠲᠦᠪᠰᠢᠨ ᠤ ᠠᠷᠭ᠎ᠠ ᠪᠣᠳᠣᠯᠭ᠎ᠠ ᠶᠢᠨ ᠪᠣᠷᠣ ᠲᠥᠯᠥᠪ ᠢ ᠡᠮᠬᠢᠯᠡᠵᠦ᠂ ᠪᠣᠳᠠᠲᠠᠶ ᠲᠤᠬᠠᠶᠢᠯᠠᠭᠰᠠᠨ ᠠᠵᠢᠯ ᠤᠨ ᠪᠠᠶᠢᠳᠠᠯ ᠢ ᠢᠯᠭᠠᠨ ᠲᠠᠨᠢᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠶ ᠪᠠᠷ ᠵᠢᠷᠤᠭᠯᠠᠨ ᠲᠥᠯᠥᠪᠯᠡᠵᠦ᠂ ᠠᠮᠤᠷ ᠲᠦᠪᠰᠢᠨ ᠤ ᠬᠠᠮᠠᠭᠠᠯᠠᠯᠲᠠ ᠶᠢ ᠪᠡᠶᠡᠯᠡᠭᠦᠯᠬᠦ ᠬᠡᠷᠡᠭᠲᠡᠶ᠃      ᠬᠤᠶᠠᠷ᠂ ᠬᠤᠶᠠᠷ ᠭᠤᠣᠯᠳᠠᠯᠭ᠎ᠠ ᠶᠢ ᠲᠤᠪᠤᠶᠢᠯᠭᠠᠪᠠ᠃ ︽ᠠᠷᠭ᠎ᠠ︾ ᠳᠤ ᠴᠢᠬᠤᠯᠠᠴᠢᠯᠠᠭᠰᠠᠨ ᠨᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ ᠲᠦᠷᠢᠮ ᠤᠨ ᠪᠠᠲᠤᠯᠠᠭ᠎ᠠ ᠭᠡᠬᠦ ᠬᠤᠶᠠᠷ ᠭᠤᠤᠯᠳᠠᠯᠭ᠎ᠠ ᠶᠢᠨ ᠲᠣᠭᠤᠷᠢᠨ ᠳᠤ ᠬᠦᠴᠦᠯᠡᠨ ᠠᠬᠢᠭᠤᠯᠬᠤ ᠬᠡᠷᠡᠭᠲᠡᠶ᠃ ᠦᠵᠦ ᠲᠥᠯᠥᠪᠯᠡᠭᠡ ᠶᠢᠨ ᠲᠠᠯ᠎ᠠ ᠪᠠᠷ᠂ ᠪᠦᠬᠦᠯᠢ ᠴᠣᠭᠴᠠ ᠶᠢᠨ ᠰᠦᠯᠵᠢᠶᠡᠨ ᠤ ᠠᠮᠤᠷ ᠲᠦᠪᠰᠢᠨ ᠤ ᠰᠢᠰᠲᠧᠮ ᠤᠨ ᠰᠠᠭᠤᠷᠢᠨ ᠳᠡᠭᠡᠷ᠎ᠡ᠂ ᠲᠤᠭ᠎ᠠ ᠪᠠᠷᠢᠮᠲᠠ ᠶᠢᠨ ᠣᠨᠴᠠᠯᠢᠭ ᠢ ᠦᠨᠳᠦᠰᠦᠯᠡᠨ ᠲᠣᠣᠷ ᠰᠦᠯᠵᠢᠶ᠎ᠡ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠦᠵᠦ ᠲᠥᠯᠥᠪᠯᠡᠭᠡ ᠶᠢ ᠪᠠᠶᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ᠂ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠨ ᠲᠣᠣᠷ ᠰᠦᠯᠵᠢᠶ᠎ᠡ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠠᠬᠢ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠲᠦᠷᠢᠮ ᠤᠨ ᠪᠠᠲᠤᠯᠠᠭ᠎ᠠ ᠶᠢᠨ ᠲᠠᠯ᠎ᠠ ᠪᠠᠷ᠂ ︽ᠠᠷᠭ᠎ᠠ︾ ᠳᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠠᠵᠢᠯᠯᠠᠬᠤ ᠲᠦᠷᠢᠮ ᠵᠢᠴᠢ ᠮᠡᠷᠭᠡᠵᠢᠯ ᠤᠨ ᠵᠢᠷᠤᠮᠵᠢᠯ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠬᠡᠷᠡᠭᠵᠢᠭᠦᠯᠬᠦ ᠶᠠᠪᠤᠴᠠ ᠳᠤ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠵᠠᠭᠪᠤᠷ ᠢᠶᠠᠨ ᠬᠤᠪᠢᠷᠠᠭᠤᠯᠬᠤ ᠲᠠᠢ ᠨᠢᠭᠲᠠ ᠤᠶᠠᠯᠳᠤᠭᠤᠯᠤᠨ᠂ ᠲᠦᠷᠢᠮ ᠤᠨ ᠱᠠᠭᠠᠷᠳᠠᠯᠭ᠎ᠠ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠤᠷ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠦᠷᠢᠮ ᠤᠨ ᠪᠦᠲᠦᠮᠵᠢᠲᠡᠶ ᠬᠡᠷᠡᠭᠵᠢᠭᠦᠯᠬᠦ ᠬᠦᠴᠦᠨ ᠵᠢᠴᠢ ᠭᠦᠢᠴᠡᠳ ᠬᠠᠮᠵᠢᠯᠴᠠᠬᠤ ᠶᠢ ᠪᠠᠲᠤᠯᠠᠬᠤ ᠬᠡᠷᠡᠭᠲᠡᠶ᠃      ᠭᠤᠷᠪᠠ᠂ ᠠᠭᠤᠰᠤᠯᠴᠠᠨ ᠨᠡᠶᠢᠯᠡᠯᠳᠦᠬᠦ ᠭᠤᠷᠮᠤᠰᠤᠨ ᠴᠣᠭᠴᠠ᠃ ︽ᠠᠷᠭ᠎ᠠ︾ ᠳᠤ᠂ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠢ ᠪᠠᠶᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠂ ᠬᠠᠮᠢᠶᠠᠷᠤᠯᠲᠠ ᠪᠠ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠪᠠ ᠲᠤᠭ᠎ᠠ ᠪᠠᠷᠢᠮᠲᠠ ᠶᠢᠨ ᠬᠡᠷᠡᠭᠯᠡᠯᠲᠡ ᠶᠢᠨ ᠪᠦᠲᠦᠮᠵᠢᠲᠡᠶ ᠲᠡᠩᠴᠡᠭᠦᠷᠢ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠪᠣᠳᠠᠲᠠᠢ ᠬᠡᠷᠡᠭᠯᠡᠬᠦ ᠶᠠᠪᠤᠴᠠ ᠳᠤ᠂ ᠶᠡᠷᠦᠩᠬᠡᠢ ᠠᠮᠤᠷ ᠲᠦᠪᠰᠢᠨ ᠤ ᠠᠷᠭ᠎ᠠ ᠪᠤᠳᠤᠯᠭ᠎ᠠ ᠶᠢ ᠪᠣᠳᠠᠲᠠᠢ ᠠᠮᠤᠷ ᠲᠦᠪᠰᠢᠨ ᠤ ᠬᠠᠮᠢᠶᠠᠷᠤᠯᠲᠠ ᠶᠢᠨ ᠱᠠᠭᠠᠷᠳᠠᠯᠭ᠎ᠠ ᠳᠤ ᠵᠠᠳᠠᠯᠬᠤ ᠶᠢᠨ ᠬᠠᠮᠲᠤ ᠠᠮᠤᠷ ᠲᠦᠪᠰᠢᠨ ᠤ ᠮᠡᠷᠭᠡᠵᠢᠯ ᠢᠶᠠᠷ ᠳᠠᠮᠵᠢᠭᠤᠯᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠵᠦ᠂ ᠬᠠᠮᠤᠭ ᠡᠴᠦᠰ ᠲᠤ ᠠᠮᠤᠷ ᠲᠦᠪᠰᠢᠨ ᠤ ᠡᠵᠡᠩᠨᠡᠯᠲᠡ ᠶᠢᠨ ᠰᠢᠰᠲ᠋ᠧᠮ ᠳᠤ ᠠᠭᠤᠰᠤᠯᠴᠠᠭᠤᠯᠵᠤ᠂ ᠠᠭᠤᠰᠤᠯᠴᠠᠭᠤᠯᠤᠨ ᠬᠠᠮᠢᠶᠠᠷᠬᠤ᠂ ᠮᠡᠷᠭᠡᠵᠢᠯ᠂ ᠡᠵᠡᠩᠨᠡᠯᠲᠡ ᠭᠤᠷᠪᠠ ᠶᠢ ᠨᠢᠭᠡ ᠴᠤᠬᠴᠠᠵᠢᠭᠤᠯᠤᠬᠰᠠᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠵᠠᠭᠪᠤᠷ ᠢ ᠪᠦᠷᠢᠯᠳᠦᠭᠦᠯᠬᠦ ᠬᠡᠷᠡᠭᠲᠡᠢ᠃      ᠲᠦᠷᠪᠡ᠂ ᠲᠦᠷᠪᠡᠨ ᠰᠢᠰᠲ᠋ᠧᠮ ᠢ ᠪᠠᠶᠢᠭᠤᠯᠤᠨ᠎ᠠ᠃ ︽ᠠᠷᠭ᠎ᠠ︾ ᠳᠤ᠂ ᠰᠡᠷᠭᠡᠶᠢᠯᠡᠨ ᠬᠠᠮᠠᠭᠠᠯᠠᠬᠤ᠂ ᠬᠢᠨᠠᠨ ᠬᠡᠮᠵᠢᠬᠦ᠂ ᠰᠢᠢᠳᠪᠦᠷᠢᠯᠡᠬᠦ᠂ ᠪᠠᠲᠤᠯᠠᠬᠤ ᠳᠥᠷᠪᠡᠨ ᠰᠢᠰᠲ᠋ᠧᠮ ᠤᠨ ᠬᠠᠮᠵᠢᠯᠴᠠᠭᠰᠠᠨ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠪᠠᠶᠢᠷᠢᠰᠢᠯ ᠢ ᠪᠠᠶᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠠᠮᠤᠷ ᠲᠦᠪᠰᠢᠨ ᠤ ᠬᠠᠮᠠᠭᠠᠯᠠᠯᠲᠠ ᠶᠢᠨ ᠲᠠᠯ᠎ᠠ ᠪᠠᠷ᠂ ︽ᠦᠨᠡᠨ ᠪᠠᠶᠢᠯᠳᠤᠭᠠᠨᠴᠢᠯᠠᠭᠰᠠᠨ᠂ ᠰᠢᠰᠲ᠋ᠧᠮᠵᠢᠭᠦᠯᠦᠭᠰᠡᠨ᠂ ᠪᠠᠶᠢᠩᠭᠤᠵᠢᠭᠰᠠᠨ︾ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠵᠤ᠂ ︽ᠬᠥᠳᠡᠯᠦᠩᠭᠦᠶ ᠰᠡᠷᠭᠡᠶᠢᠯᠡᠯᠲᠡ᠂ ᠰᠠᠨᠠᠭᠠᠴᠢᠯᠠᠭᠠᠲᠤ ᠰᠡᠷᠭᠡᠶᠢᠯᠡᠯᠲᠡ᠂ ᠭᠦᠨᠵᠡᠭᠡᠶᠢᠷᠡᠭᠰᠡᠨ ᠰᠡᠷᠭᠡᠶᠢᠯᠡᠯᠲᠡ᠂ ᠨᠠᠷᠢᠯᠢᠭ ᠣᠨᠣᠴᠠᠲᠠᠶ ᠰᠡᠷᠭᠡᠶᠢᠯᠡᠯᠲᠡ᠂ ᠪᠦᠬᠦᠯᠢ ᠴᠣᠭᠴᠠ ᠶᠢᠨ ᠰᠡᠷᠭᠡᠶᠢᠯᠡᠯᠲᠡ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ︾ ᠠᠮᠤᠷ ᠲᠦᠪᠰᠢᠨ ᠤ ᠬᠠᠮᠠᠭᠠᠯᠠᠯᠲᠠ ᠶᠢᠨ ᠪᠠᠶᠢᠳᠠᠯ ᠢ ᠪᠣᠶ ᠪᠣᠯᠭᠠᠬᠤ ᠬᠡᠷᠡᠭᠲᠡᠶ︔᠂ ᠠᠮᠤᠷ ᠲᠦᠪᠰᠢᠨ ᠤ ᠬᠠᠮᠠᠭᠠᠯᠠᠯᠲᠠ ᠶᠢᠨ ᠲᠠᠯ᠎ᠠ ᠪᠠᠷ᠂ ︽ᠪᠣᠳᠠᠲᠠᠶ ᠪᠠᠶᠢᠯᠳᠤᠭᠠᠨᠴᠢᠯᠠᠭᠰᠠᠨ᠂ ᠰᠢᠰᠲ᠋ᠧᠮᠵᠢᠭᠰᠡᠨ᠂ ᠪᠠᠶᠢᠩᠭᠤᠵᠢᠭᠰᠠᠨ︾ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ ︔ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠳᠠᠪᠬᠤᠷᠭ᠎ᠠ ᠳᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠪᠠᠶᠢᠳᠠᠯ ᠢ ᠰᠡᠷᠡᠵᠦ ᠮᠡᠳᠡᠬᠦ ᠲᠠᠪᠴᠠᠩ ᠤᠨ ᠪᠠᠶᠢᠭᠤᠯᠤᠯᠲᠠ ᠶᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠡᠯ᠎ᠡ ᠲᠠᠯ᠎ᠠ ᠶᠢᠨ ᠰᠦᠯᠵᠢᠶᠡᠨ ᠤ ᠠᠮᠤᠷ ᠲᠦᠪᠰᠢᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠬᠤᠷᠢᠶᠠᠩᠭᠤᠶᠢᠯᠠᠵᠤ᠂ ᠵᠠᠳᠠᠯᠬᠤ ᠶᠢᠨ ᠬᠠᠮᠲᠤ ᠤᠯᠤᠰ ᠵᠢᠴᠢ ᠠᠵᠢᠯ ᠲᠥᠷᠥᠯ ᠤᠨ ᠲᠠᠪᠴᠠᠩ ᠲᠠᠶᠠᠮᠤᠷ ᠲᠦᠪᠰᠢᠨ ᠤ ᠰᠢᠢᠳᠪᠦᠷᠢᠯᠡᠯᠲᠡ ᠶᠢᠨ ᠲᠠᠯ᠎ᠠ ᠪᠠᠷ᠂ ᠬᠢᠨᠠᠯᠲᠠ ᠬᠠᠮᠢᠶᠠᠷᠤᠯᠲᠠ᠂ ᠠᠮᠤᠷ ᠲᠦᠪᠰᠢᠨ ᠤ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠮᠵᠢᠯᠴᠠᠭᠠᠨ ᠤ ᠰᠢᠰᠲ᠋ᠧᠮᠵᠢ ᠶᠢ ᠪᠦᠷᠢᠯᠳᠦᠭᠦᠯᠬᠦ ᠬᠡᠷᠡᠭᠲᠡᠶ︔ ᠠᠮᠤᠷ ᠲᠦᠪᠰᠢᠨ ᠤ ᠪᠠᠲᠤᠯᠠᠭ᠎ᠠ ᠶᠢᠨ ᠲᠠᠯ᠎ᠠ ᠪᠠᠷ᠂ ᠨᠢᠭᠡᠳᠦᠯᠲᠡᠶ ᠲᠥᠯᠥᠪᠯᠡᠨ ᠤᠳᠤᠷᠢᠳᠬᠤ ᠪᠠ ᠲᠥᠯᠥᠪᠵᠢᠭᠦᠯᠦᠨ ᠵᠢᠷᠤᠵᠤ ᠲᠥᠯᠥᠪᠯᠡᠬᠦ ᠪᠠᠷ ᠳᠠᠮᠵᠢᠭᠤᠯᠤᠨ᠂ ᠴᠢᠳᠠᠪᠤᠷᠢᠲᠠᠨ ᠢ ᠬᠥᠮᠦᠵᠢᠭᠦᠯᠬᠦ᠂ ᠠᠮᠤᠷ ᠲᠦᠪᠰᠢᠨ ᠤ ᠪᠣᠯᠪᠠᠰᠤᠷᠠᠭᠤᠯᠤᠯ᠂ ᠵᠠᠷᠤᠳᠠᠯ ᠤᠨ ᠳᠡᠮᠵᠢᠯᠭᠡ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠲᠤᠯᠠᠭ᠎ᠠ ᠶᠢ ᠪᠡᠶᠡᠯᠡᠭᠦᠯᠦᠨ᠎ᠡ᠃      ᠶᠡᠷᠦᠩᠬᠡᠶ ᠳᠤᠨᠢ ᠠᠪᠴᠤ ᠬᠡᠯᠡᠪᠡᠯ᠂ ︽ᠠᠷᠭ᠎ᠠ︾ ᠨᠢ ᠠᠮᠤᠷ ᠲᠦᠪᠰᠢᠨ ᠢ ᠡᠵᠡᠮᠳᠡᠵᠦ ᠪᠣᠯᠬᠤ ᠪᠠ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠵᠡᠷᠭᠡᠪᠡᠷ ᠴᠢᠬᠤᠯᠠᠴᠢᠯᠠᠬᠤ ᠦᠨᠳᠦᠰᠦᠨ ᠵᠠᠷᠴᠢᠮ ᠢ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠳᠤ ᠠᠵᠢᠯ ᠤᠨ ᠵᠦᠭᠯᠡᠭᠦᠷ ᠬᠠᠩᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠤᠨ ᠰᠦᠯᠵᠢᠶᠡᠨ ᠤ ᠠᠮᠤᠷ ᠲᠦᠪᠰᠢᠨ ᠤ ᠬᠥᠭᠵᠢᠯᠲᠡ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃                                                        ᠵᠤᠬᠢᠶᠠᠭᠴᠢ᠄ ᠳᠤᠮᠳᠠᠳᠤ ᠤᠯᠤᠰ ᠠᠴᠠ ᠵᠠᠰᠠᠭ  ᠤᠨ ᠣᠷᠳᠣᠨ ᠤ ᠰᠦᠯᠵᠢᠶ᠎ᠡ                      ᠤᠷᠴᠢᠭᠤᠯᠤᠭᠴᠢ᠄ ᠨᠠᠷᠠᠰᠤ                      ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3