ᠰᠢᠩ ᠾᠧ ᠰᠢᠶᠠᠨ ᠤ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ︽ᠰᠢᠨ᠎ᠡ ᠲᠥᠯᠥᠪᠵᠢᠭᠦᠯᠭᠡ︾ ᠨᠡᠶᠢᠲᠡᠯᠡᠭᠳᠡᠪᠡ︕ ᠰᠤᠷᠭᠠᠨ ᠬᠥᠮᠦᠵᠢᠯ᠂ ᠡᠷᠡᠭᠦᠯ ᠮᠡᠨᠳᠦ᠂ ᠠᠵᠢᠯ ᠣᠯᠭᠤᠯᠲᠠ ᠳᠤ ᠬᠤᠯᠪᠣᠭᠳᠠᠨ᠎ᠠ ᠁
ᠨᠡᠶᠢᠲᠡᠯᠡᠭᠰᠡᠨ ᠴᠠᠭ᠄
2022/9/6
     2022 ᠣᠨ ᠤ 9 ᠰᠠᠷ᠎ᠠ ᠶᠢᠨ 5᠎ ᠤ ᠡᠳᠦᠷ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ︽ᠰᠢᠩ ᠾᠧ ᠰᠢᠶᠠᠨ ᠤ ᠡᠮᠡᠭᠲᠡᠶᠢᠴᠦᠳ ᠤᠨ ᠬᠥᠭᠵᠢᠯᠲᠡ ᠶᠢᠨ ᠲᠥᠯᠥᠪᠵᠢᠭᠦᠯᠭᠡ ︵2021 — 2030 ᠣᠨ︶︾ ᠪᠠ ︽ᠰᠢᠩ ᠾᠧ ᠰᠢᠶᠠᠨ ᠤ ᠬᠡᠤᠬᠡᠳ ᠤᠨ ᠬᠥᠭᠵᠢᠯᠲᠡ ᠶᠢᠨ ᠲᠥᠯᠥᠪᠵᠢᠭᠦᠯᠭᠡ ︵2021 — 2030 ᠣᠨ︶︾ ︵ᠰᠢᠨ᠎ᠡ ︽ᠬᠤᠶᠠᠷ ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠶᠢ ᠠᠯᠪᠠᠨ ᠶᠣᠰᠣᠭᠠᠷ ᠳᠠᠷᠤᠮᠠᠯᠯᠠᠨ ᠲᠠᠷᠬᠠᠭᠠᠵᠤ ᠨᠡᠶᠢᠲᠡᠯᠡᠪᠡ᠃      ᠰᠢᠨ᠎ᠡ ︽ᠬᠤᠶᠠᠷ ᠲᠣᠭᠲᠠᠭᠠᠯ︾᠎ ᠨᠢ ᠡᠮᠡᠭᠲᠡᠶᠢᠴᠦᠳ ᠬᠡᠤᠬᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠳᠡᠭᠡᠭᠰᠢᠯᠡᠭᠦᠯᠬᠦ ᠪᠠᠷ ᠶᠡᠷᠦᠩᠬᠡᠶ ᠬᠠᠷᠠᠯᠲᠠ ᠶᠢᠨ ᠲᠤᠰᠤᠯᠲᠠ ᠪᠣᠯᠭᠠᠵᠤ᠂ ᠡᠮᠡᠭᠲᠡᠶᠢᠴᠦᠳ ᠬᠡᠤᠬᠡᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠡᠯ᠎ᠡ ᠵᠦᠢᠯ ᠤᠨ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢᠨ ᠲᠥᠪᠯᠡᠷᠡᠯ ᠤᠨ ᠴᠡᠭ ᠪᠣᠯᠭᠠᠵᠤ᠂ ᠡᠮᠡᠭᠲᠡᠶᠢᠴᠦᠳ ᠬᠡᠤᠬᠡᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠭᠦᠶ᠋ᠴᠡᠳ ᠬᠦᠨᠳᠦᠳᠬᠡᠨ᠂ ᠡᠮᠡᠭᠲᠡᠶᠢᠴᠦᠳ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠶᠢ ᠴᠢᠬᠤᠯᠠᠴᠢᠯᠠᠵᠤ᠂ ᠡᠮᠡᠭᠲᠡᠶᠢᠴᠦᠳ ᠬᠡᠤᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃      ᠰᠢᠨ᠎ᠡ ︽ᠬᠤᠶᠠᠷ ᠲᠣᠭᠲᠠᠭᠠᠯ︾᠎ ᠳᠤ ᠢᠷᠡᠭᠡᠳᠦᠶ ᠶᠢᠨ ᠠᠷᠪᠠᠨ ᠵᠢᠯ ᠳᠠᠬᠢ ᠮᠠᠨ ᠤ ᠰᠢᠶᠠᠨ ᠤ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠶᠢ ᠲᠣᠳᠣᠷᠬᠠᠶ ᠲᠣᠭᠲᠠᠭᠠᠵᠠᠶ᠂ ᠠᠭᠤᠯᠭ᠎ᠠ ᠶᠢ ᠨᠢ ᠳᠥᠷᠪᠡᠨ ᠪᠦᠷᠢᠯᠳᠦᠬᠦᠨ ᠬᠡᠰᠡᠭ ᠲᠤ ᠬᠤᠪᠢᠶᠠᠨ᠎ᠠ᠄      ᠨᠢᠭᠡᠳᠦᠭᠡᠷ ᠬᠡᠰᠡᠭ ᠨᠢ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠶ ᠬᠠᠷᠠᠯᠲᠠ ᠪᠣᠯᠤᠨ᠎ᠠ      ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠭᠤᠣᠯ ᠠᠴᠢ ᠬᠤᠯᠪᠣᠭᠳᠠᠯ᠂ ᠨᠠᠶᠢᠷᠠᠭᠤᠯᠤᠨ ᠵᠣᠬᠢᠶᠠᠬᠤ ᠠᠷᠭ᠎ᠠ ᠵᠢᠴᠢ ᠵᠢᠱᠢᠭᠰᠡᠨ ᠦᠷ᠎ᠡ ᠪᠦᠲᠦᠮᠵᠢ ᠶᠢ ᠲᠣᠪᠴᠢ ᠲᠠᠨᠢᠯᠴᠠᠭᠤᠯᠪᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠮᠡᠭᠲᠡᠶᠢᠴᠦᠳ ᠬᠡᠦᠬᠡᠳ ᠢ ᠠᠵᠤ ᠠᠬᠤᠢ ᠨᠡᠶᠢᠭᠡᠮ ᠯᠦᠭᠡ ᠢᠵᠢᠯ ᠠᠯᠬᠤᠮ ᠢᠶᠠᠷ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠲᠣᠳᠣᠷᠬᠠᠶᠢᠯᠠᠪᠠ᠃      ᠬᠤᠶᠠᠳᠤᠭᠠᠷ ᠬᠡᠰᠡᠭ ᠨᠢ ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠤᠳᠤᠯᠭ᠎ᠠ ᠶᠢᠨ ᠠᠷᠭ᠎ᠠ ᠬᠡᠮᠵᠢᠶ᠎ᠡ ᠪᠣᠯᠤᠨ᠎ᠠ      ᠳᠡᠭᠡᠷ᠎ᠡ ᠦᠶ᠎ᠡ ᠶᠢᠨ ᠬᠤᠭᠤᠴᠠᠭᠠᠨ ᠤ ︽ᠬᠤᠶᠠᠷ ᠲᠣᠭᠲᠠᠭᠠᠯ︾᠎ ᠲᠠᠢ ᠬᠠᠷᠢᠴᠠᠭᠤᠯᠪᠠᠯ᠂ ᠰᠢᠨ᠎ᠡ ︽ᠬᠤᠶᠠᠷ ᠲᠣᠭᠲᠠᠭᠠᠯ︾᠎ ᠨᠢ ᠦᠷᠭᠦᠯᠵᠢᠯᠡᠬᠦ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠰᠢᠨ᠎ᠡ ᠣᠨᠴᠠᠯᠢᠭ ᠪᠠ ᠰᠢᠨ᠎ᠡ ᠰᠢᠪᠲᠤᠯᠤᠯᠲᠠ ᠶᠢ ᠬᠥᠭᠡᠭᠡᠴᠡᠯᠳᠦᠵᠦ᠂ ︽ᠡᠮᠡᠭᠲᠡᠶᠢᠴᠦᠳ ᠪᠠ ᠬᠡᠷ ᠪᠦᠯᠢ ᠶᠢᠨ ᠪᠥᠲᠥᠭᠡᠨ ᠪᠠᠶᠢᠭᠤᠯᠤᠯᠲᠠ︾᠂ ︽ᠬᠡᠤᠬᠡᠳ ᠪᠠ ᠬᠡᠷ ᠪᠦᠯᠢ︾᠂ ︽ᠬᠡᠤᠬᠡᠳ ᠪᠠ ᠠᠮᠤᠷ ᠲᠦᠪᠰᠢᠨ︾ ᠵᠡᠷᠭᠡ ᠭᠤᠷᠪᠠᠨ ᠶᠡᠭᠡ ᠬᠦᠷᠢᠶ᠎ᠡ ᠶᠢ ᠨᠡᠮᠡᠨ ᠪᠠᠶᠢᠭᠤᠯᠵᠤ᠂  ᠭᠦᠢᠴᠡᠳᠭᠡᠯ ᠲᠤᠭ᠎ᠠ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠪᠡᠶᠡᠯᠡᠭᠦᠯᠵᠦ ᠪᠣᠯᠬᠤᠶᠢᠴᠠ ᠴᠢᠨᠠᠷ ᠢ ᠨᠠᠩ ᠴᠢᠬᠤᠯᠠᠴᠢᠯᠠᠭᠰᠠᠨ ᠪᠠᠶᠢᠨ᠎ᠠ᠃ ᠡᠮᠡᠭᠲᠡᠶᠢᠴᠦᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠭᠤᠣᠯᠳᠠᠯᠭ᠎ᠠ ᠨᠢ ᠡᠮᠡᠭᠲᠡᠶᠢᠴᠦᠳ ᠬᠢᠭᠡᠳ ᠡᠷᠡᠭᠦᠯ ᠮᠡᠨᠳᠤ᠂ ᠰᠤᠷᠭᠠᠨ ᠬᠥᠮᠦᠵᠢᠯ᠂ ᠠᠵᠤ ᠠᠬᠤᠶ᠂ ᠰᠢᠢᠳᠪᠦᠷᠢᠳᠦ ᠪᠤᠳᠤᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠦᠳᠦᠭᠡᠨ ᠪᠠᠶᠢᠭᠤᠯᠤᠯᠲᠠ᠂ ᠣᠷᠴᠢᠨ ᠠᠬᠤᠶ᠂ ᠬᠠᠤᠯᠢ ᠴᠠᠭᠠᠵᠠ ᠵᠡᠷᠭᠡ 8 ᠬᠦᠷᠢᠶ᠎ᠡ ᠶᠢᠨ ᠲᠣᠭᠤᠷᠢᠨ ᠳᠤ 81 ᠵᠦᠢᠯ ᠤᠨ ᠭᠤᠣᠯ ᠬᠠᠷᠠᠯᠲᠠ ᠪᠠ 96 ᠵᠦᠢᠯ ᠤᠨ ᠠᠷᠭ᠎ᠠ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠠᠶ᠃ ᠬᠡᠤᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠳᠤ ᠭᠤᠤᠯᠳᠠᠭᠤ ᠬᠡᠤᠬᠡᠳ ᠬᠢᠭᠡᠳ ᠡᠷᠡᠭᠦᠯ ᠮᠡᠨᠳᠦ᠂ ᠠᠮᠤᠷ ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠬᠡᠷ ᠪᠦᠯᠢ᠂ ᠣᠷᠴᠢᠨ ᠲᠣᠭᠤᠷᠢᠨ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 72 ᠵᠦᠢᠯ ᠤᠨ ᠭᠤᠤᠯ ᠬᠠᠷᠠᠯᠲᠠ ᠪᠠ 91  ᠵᠦᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃      ᠭᠤᠷᠪᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ      ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠨ ᠤ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ ᠪᠠ ᠰᠠᠯᠠᠭ᠎ᠠ ᠮᠥᠴᠢᠷ ᠤᠨ ᠲᠤᠰᠬᠠᠶ ᠲᠥᠯᠥᠪᠵᠢᠭᠦᠯᠭᠡ ᠲᠠᠢ ᠵᠡᠷᠭᠡ ᠪᠠᠷ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠡᠷᠡᠭᠵᠢᠭᠦᠯᠬᠦ ᠲᠥᠰᠦᠯ ᠲᠣᠭᠲᠠᠭᠠᠬᠤ ᠶᠢ ᠲᠦᠯᠬᠢᠨ ᠠᠬᠢᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠥᠯᠥᠪᠵᠢᠭᠦᠯᠭᠡ ᠶᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢ ᠪᠠᠲᠤᠯᠠᠵᠤ᠂ ᠪᠠᠶᠢᠴᠠᠭᠠᠨ ᠰᠤᠳᠤᠯᠬᠤ ᠴᠢᠳᠠᠪᠤᠷᠢ ᠶᠢ ᠴᠢᠩᠭᠠᠳᠬᠠᠨ᠂ ᠲᠥᠯᠥᠪᠵᠢᠭᠦᠯᠭᠡ ᠶᠢ ᠬᠡᠷᠡᠭᠵᠢᠭᠦᠯᠬᠦ ᠠᠷᠭ᠎ᠠ ᠵᠠᠮ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠤᠬᠠᠭᠤᠯᠤᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠳᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠤᠨ᠎ᠠ᠃      ᠳᠥᠷᠪᠡᠳᠦᠭᠡᠷ ᠬᠡᠰᠡᠭ ᠨᠢ ᠬᠢᠨᠠᠨ ᠬᠡᠮᠵᠢᠵᠦ ᠦᠨᠡᠯᠡᠨ ᠵᠢᠱᠢᠬᠦ      ᠦᠨᠡᠯᠡᠨ ᠵᠢᠱᠢᠬᠦ ᠳᠤᠭᠤᠶᠢᠯᠠᠩ ᠪᠠ ᠬᠢᠨᠠᠨ ᠬᠡᠮᠵᠢᠬᠦ ᠳᠤᠭᠤᠶᠢᠯᠠᠩ ᠪᠠᠶᠢᠭᠤᠯᠬᠤ ᠪᠠᠷ ᠳᠠᠮᠵᠢᠭᠤᠯᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠵᠦ᠂ ᠰᠢᠨ᠎ᠡ ︽ᠬᠤᠶᠠᠷ ᠲᠥᠯᠥᠪᠵᠢᠭᠦᠯᠭᠡ︾᠎ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠠᠬᠢᠭᠤᠯᠤᠨ᠎ᠠ ᠭᠡᠵᠦ ᠲᠣᠳᠣᠷᠬᠠᠶ ᠲᠣᠭᠲᠠᠭᠠᠪᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢ ᠠᠰᠢᠭᠯᠠᠨ᠂ ᠵᠢᠱᠢᠯᠲᠡ ᠪᠠᠷ ᠪᠠᠷᠢᠮᠵᠢᠶ᠎ᠠ ᠳᠤ ᠬᠦᠷᠦᠭᠦᠯᠬᠦ ᠳᠤ ᠬᠦᠴᠢᠷᠲᠡᠶ᠂ ᠬᠡᠯᠪᠡᠯᠵᠡᠯ ᠢᠶᠠᠷ ᠨᠡᠯᠢᠶᠡᠳ ᠶᠡᠭᠡ ᠪᠠᠶᠢᠭ᠎ᠠ ᠬᠢᠨᠠᠨ ᠬᠡᠮᠵᠢᠬᠦ ᠭᠦᠢᠴᠡᠳᠭᠡᠯ ᠲᠤᠭ᠎ᠠ ᠶᠢ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ᠂ ᠦᠨᠡᠯᠡᠨ ᠵᠢᠱᠢᠬᠦ ᠶᠠᠪᠤᠴᠠ ᠳᠤ ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠳᠤ ᠴᠠᠭ ᠲᠤᠬᠠᠶ ᠳᠤᠨᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠰᠠᠶᠢᠨ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠠᠯᠪᠠᠨ ᠬᠡᠷ ᠰᠢᠨ᠎ᠡ ︽ᠬᠤᠶᠠᠷ ᠲᠣᠭᠲᠠᠭᠠᠯ︾᠎ ᠢ ᠤᠬᠠᠭᠤᠯᠬᠤ ᠡᠷᠴᠢᠮ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ︽ᠬᠤᠶᠠᠷ ᠲᠣᠭᠲᠠᠭᠠᠯ︾᠎ ᠢ ᠣᠶᠢᠯᠠᠭᠠᠬᠤ ᠨᠣᠷᠮ᠎ᠠ ᠪᠠ ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠡᠯ᠎ᠡ ᠪᠦᠷᠢᠯᠳᠦᠬᠦᠨ ᠨᠢᠭᠡᠴᠡ ᠶᠢ ᠢᠳᠡᠪᠬᠢᠲᠡᠢ ᠵᠣᠬᠢᠴᠠᠭᠤᠯᠵᠤ ᠪᠠᠶᠢᠭᠠᠳ ᠰᠢᠨ᠎ᠡ ︽ᠬᠤᠶᠠᠷ ᠲᠣᠭᠲᠠᠭᠠᠯ︾᠎ ᠤᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠠᠮᠲᠤᠪᠠᠷ ᠠᠬᠢᠭᠤᠯᠵᠤ᠂ ᠪᠦᠬᠦ ᠰᠢᠶᠠᠨ ᠤ ᠡᠮᠡᠭᠲᠡᠶᠢᠴᠦᠳ ᠬᠡᠦᠬᠡᠳ ᠲᠤ ᠬᠦᠷᠲᠡᠮᠵᠢ ᠶᠢᠨ ᠲᠦᠷᠦᠭᠳᠡᠯ ᠨᠡᠩ ᠭᠦᠢᠴᠡᠳ᠂ ᠵᠣᠯ ᠵᠢᠷᠭᠠᠯᠲᠤ ᠲᠦᠷᠦᠭᠳᠡᠯ ᠨᠡᠩ ᠦᠷᠭᠦᠯᠵᠢᠯᠡᠬᠦ᠂ ᠠᠮᠤᠷ ᠲᠦᠪᠰᠢᠨ ᠤ ᠲᠦᠷᠦᠭᠳᠡᠯ ᠨᠡᠩ ᠪᠠᠲᠤᠯᠠᠭ᠎ᠠ ᠲᠠᠢ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠪᠠᠷ ᠴᠢᠷᠮᠠᠶᠢᠨ᠎ᠠ᠃                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3