2022 ᠣᠨ ᠤ 9 ᠰᠠᠷ᠎ᠠ ᠶᠢᠨ 5 ᠤ ᠡᠳᠦᠷ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | ︽ᠰᠢᠩ ᠾᠧ ᠰᠢᠶᠠᠨ ᠤ ᠡᠮᠡᠭᠲᠡᠶᠢᠴᠦᠳ ᠤᠨ ᠬᠥᠭᠵᠢᠯᠲᠡ ᠶᠢᠨ ᠲᠥᠯᠥᠪᠵᠢᠭᠦᠯᠭᠡ ︵2021 — 2030 | ᠣᠨ︶︾ ᠪᠠ ︽ᠰᠢᠩ ᠾᠧ ᠰᠢᠶᠠᠨ ᠤ ᠬᠡᠤᠬᠡᠳ ᠤᠨ ᠬᠥᠭᠵᠢᠯᠲᠡ ᠶᠢᠨ ᠲᠥᠯᠥᠪᠵᠢᠭᠦᠯᠭᠡ ︵2021 — | 2030 ᠣᠨ︶︾ ︵ᠰᠢᠨ᠎ᠡ ︽ᠬᠤᠶᠠᠷ ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠠᠯᠪᠠᠨ ᠶᠣᠰᠣᠭᠠᠷ | ᠳᠠᠷᠤᠮᠠᠯᠯᠠᠨ ᠲᠠᠷᠬᠠᠭᠠᠵᠤ ᠨᠡᠶᠢᠲᠡᠯᠡᠪᠡ᠃ | ᠰᠢᠨ᠎ᠡ ︽ᠬᠤᠶᠠᠷ ᠲᠣᠭᠲᠠᠭᠠᠯ︾ ᠨᠢ ᠡᠮᠡᠭᠲᠡᠶᠢᠴᠦᠳ ᠬᠡᠤᠬᠡᠳ ᠤᠨ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠳᠡᠭᠡᠭᠰᠢᠯᠡᠭᠦᠯᠬᠦ ᠪᠠᠷ ᠶᠡᠷᠦᠩᠬᠡᠶ | ᠬᠠᠷᠠᠯᠲᠠ ᠶᠢᠨ ᠲᠤᠰᠤᠯᠲᠠ ᠪᠣᠯᠭᠠᠵᠤ᠂ ᠡᠮᠡᠭᠲᠡᠶᠢᠴᠦᠳ ᠬᠡᠤᠬᠡᠳ ᠤᠨ ᠬᠠᠮᠤᠭ ᠠᠴᠠ ᠠᠩᠬᠠᠷᠴᠤ ᠪᠠᠶᠢᠭ᠎ᠠ᠂ | ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠡᠯ᠎ᠡ ᠵᠦᠢᠯ ᠤᠨ ᠠᠷᠭ᠎ᠠ | ᠪᠣᠳᠣᠯᠭ᠎ᠠ ᠠᠷᠭ᠎ᠠ ᠬᠡᠮᠵᠢᠶ᠎ᠡ ᠶᠢᠨ ᠲᠥᠪᠯᠡᠷᠡᠯ ᠤᠨ ᠴᠡᠭ ᠪᠣᠯᠭᠠᠵᠤ᠂ ᠡᠮᠡᠭᠲᠡᠶᠢᠴᠦᠳ ᠬᠡᠤᠬᠡᠳ ᠤᠨ ᠭᠤᠤᠯ | ᠴᠣᠭᠴᠠ ᠶᠢᠨ ᠪᠠᠶᠢᠷᠢ ᠰᠠᠭᠤᠷᠢ ᠶᠢ ᠭᠦᠶ᠋ᠴᠡᠳ ᠬᠦᠨᠳᠦᠳᠬᠡᠨ᠂ ᠡᠮᠡᠭᠲᠡᠶᠢᠴᠦᠳ ᠬᠡᠤᠬᠡᠳ ᠤᠨ ᠪᠡᠶ᠎ᠡ ᠰᠡᠳᠬᠢᠯ ᠤᠨ | ᠡᠷᠡᠭᠦᠯ ᠮᠡᠨᠳᠦ ᠶᠢ ᠪᠠᠲᠤᠯᠠᠬᠤ ᠶᠢ ᠴᠢᠬᠤᠯᠠᠴᠢᠯᠠᠵᠤ᠂ ᠡᠮᠡᠭᠲᠡᠶᠢᠴᠦᠳ ᠬᠡᠤᠬᠡᠳ ᠤᠨ ᠪᠥᠬᠦ ᠲᠠᠯ᠎ᠠ ᠶᠢᠨ | ᠬᠥᠭᠵᠢᠯᠲᠡ ᠶᠢ ᠠᠬᠢᠭᠤᠯᠤᠨ᠎ᠠ᠃ | ᠰᠢᠨ᠎ᠡ ︽ᠬᠤᠶᠠᠷ ᠲᠣᠭᠲᠠᠭᠠᠯ︾ ᠳᠤ ᠢᠷᠡᠭᠡᠳᠦᠶ ᠶᠢᠨ ᠠᠷᠪᠠᠨ ᠵᠢᠯ ᠳᠠᠬᠢ ᠮᠠᠨ ᠤ ᠰᠢᠶᠠᠨ ᠤ ᠡᠮᠡᠭᠲᠡᠶᠢᠴᠦᠳ | ᠬᠡᠤᠬᠡᠳ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠶᠢ ᠲᠣᠳᠣᠷᠬᠠᠶ ᠲᠣᠭᠲᠠᠭᠠᠵᠠᠶ᠂ ᠠᠭᠤᠯᠭ᠎ᠠ ᠶᠢ ᠨᠢ | ᠳᠥᠷᠪᠡᠨ ᠪᠦᠷᠢᠯᠳᠦᠬᠦᠨ ᠬᠡᠰᠡᠭ ᠲᠤ ᠬᠤᠪᠢᠶᠠᠨ᠎ᠠ᠄ | ᠨᠢᠭᠡᠳᠦᠭᠡᠷ ᠬᠡᠰᠡᠭ ᠨᠢ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠶ ᠬᠠᠷᠠᠯᠲᠠ | ᠪᠣᠯᠤᠨ᠎ᠠ | ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠭᠤᠣᠯ ᠠᠴᠢ ᠬᠤᠯᠪᠣᠭᠳᠠᠯ᠂ | ᠨᠠᠶᠢᠷᠠᠭᠤᠯᠤᠨ ᠵᠣᠬᠢᠶᠠᠬᠤ ᠠᠷᠭ᠎ᠠ ᠵᠢᠴᠢ ᠵᠢᠱᠢᠭᠰᠡᠨ ᠦᠷ᠎ᠡ ᠪᠦᠲᠦᠮᠵᠢ ᠶᠢ ᠲᠣᠪᠴᠢ ᠲᠠᠨᠢᠯᠴᠠᠭᠤᠯᠪᠠ᠃ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ | ᠡᠮᠡᠭᠲᠡᠶᠢᠴᠦᠳ ᠬᠡᠦᠬᠡᠳ ᠢ ᠠᠵᠤ ᠠᠬᠤᠢ ᠨᠡᠶᠢᠭᠡᠮ ᠯᠦᠭᠡ ᠢᠵᠢᠯ ᠠᠯᠬᠤᠮ ᠢᠶᠠᠷ ᠵᠣᠬᠢᠴᠠᠩᠭᠤᠢ ᠪᠠᠷ ᠬᠥᠭᠵᠢᠭᠦᠯᠬᠦ ᠶᠢ | ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ | ᠲᠣᠳᠣᠷᠬᠠᠶᠢᠯᠠᠪᠠ᠃ | ᠬᠤᠶᠠᠳᠤᠭᠠᠷ ᠬᠡᠰᠡᠭ ᠨᠢ ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠤᠳᠤᠯᠭ᠎ᠠ ᠶᠢᠨ ᠠᠷᠭ᠎ᠠ | ᠬᠡᠮᠵᠢᠶ᠎ᠡ ᠪᠣᠯᠤᠨ᠎ᠠ | ᠳᠡᠭᠡᠷ᠎ᠡ ᠦᠶ᠎ᠡ ᠶᠢᠨ ᠬᠤᠭᠤᠴᠠᠭᠠᠨ ᠤ ︽ᠬᠤᠶᠠᠷ ᠲᠣᠭᠲᠠᠭᠠᠯ︾ ᠲᠠᠢ ᠬᠠᠷᠢᠴᠠᠭᠤᠯᠪᠠᠯ᠂ ᠰᠢᠨ᠎ᠡ ︽ᠬᠤᠶᠠᠷ | ᠲᠣᠭᠲᠠᠭᠠᠯ︾ ᠨᠢ ᠦᠷᠭᠦᠯᠵᠢᠯᠡᠬᠦ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠰᠢᠨ᠎ᠡ ᠣᠨᠴᠠᠯᠢᠭ ᠪᠠ ᠰᠢᠨ᠎ᠡ | ᠰᠢᠪᠲᠤᠯᠤᠯᠲᠠ ᠶᠢ ᠬᠥᠭᠡᠭᠡᠴᠡᠯᠳᠦᠵᠦ᠂ ︽ᠡᠮᠡᠭᠲᠡᠶᠢᠴᠦᠳ ᠪᠠ ᠬᠡᠷ ᠪᠦᠯᠢ ᠶᠢᠨ ᠪᠥᠲᠥᠭᠡᠨ ᠪᠠᠶᠢᠭᠤᠯᠤᠯᠲᠠ︾᠂ ︽ | ᠬᠡᠤᠬᠡᠳ ᠪᠠ ᠬᠡᠷ ᠪᠦᠯᠢ︾᠂ ︽ᠬᠡᠤᠬᠡᠳ ᠪᠠ ᠠᠮᠤᠷ ᠲᠦᠪᠰᠢᠨ︾ ᠵᠡᠷᠭᠡ ᠭᠤᠷᠪᠠᠨ ᠶᠡᠭᠡ ᠬᠦᠷᠢᠶ᠎ᠡ ᠶᠢ ᠨᠡᠮᠡᠨ | ᠪᠠᠶᠢᠭᠤᠯᠵᠤ᠂ ᠭᠦᠢᠴᠡᠳᠭᠡᠯ ᠲᠤᠭ᠎ᠠ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠬᠡᠷᠡᠭᠵᠢᠭᠦᠯᠵᠦ ᠪᠣᠯᠬᠤᠶᠢᠴᠠ ᠴᠢᠨᠠᠷ | ᠪᠠ ᠪᠡᠶᠡᠯᠡᠭᠦᠯᠵᠦ ᠪᠣᠯᠬᠤᠶᠢᠴᠠ ᠴᠢᠨᠠᠷ ᠢ ᠨᠠᠩ ᠴᠢᠬᠤᠯᠠᠴᠢᠯᠠᠭᠰᠠᠨ ᠪᠠᠶᠢᠨ᠎ᠠ᠃ ᠡᠮᠡᠭᠲᠡᠶᠢᠴᠦᠳ ᠤᠨ ᠬᠥᠭᠵᠢᠯᠲᠡ ᠶᠢᠨ | ᠲᠥᠯᠥᠪᠵᠢᠭᠦᠯᠭᠡ ᠶᠢᠨ ᠭᠤᠣᠯᠳᠠᠯᠭ᠎ᠠ ᠨᠢ ᠡᠮᠡᠭᠲᠡᠶᠢᠴᠦᠳ ᠬᠢᠭᠡᠳ ᠡᠷᠡᠭᠦᠯ ᠮᠡᠨᠳᠤ᠂ ᠰᠤᠷᠭᠠᠨ ᠬᠥᠮᠦᠵᠢᠯ᠂ ᠠᠵᠤ | ᠠᠬᠤᠶ᠂ ᠰᠢᠢᠳᠪᠦᠷᠢᠳᠦ ᠪᠤᠳᠤᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠦᠳᠦᠭᠡᠨ | ᠪᠠᠶᠢᠭᠤᠯᠤᠯᠲᠠ᠂ ᠣᠷᠴᠢᠨ ᠠᠬᠤᠶ᠂ ᠬᠠᠤᠯᠢ ᠴᠠᠭᠠᠵᠠ ᠵᠡᠷᠭᠡ 8 ᠬᠦᠷᠢᠶ᠎ᠡ ᠶᠢᠨ ᠲᠣᠭᠤᠷᠢᠨ ᠳᠤ 81 ᠵᠦᠢᠯ ᠤᠨ | ᠭᠤᠣᠯ ᠬᠠᠷᠠᠯᠲᠠ ᠪᠠ 96 ᠵᠦᠢᠯ ᠤᠨ ᠠᠷᠭ᠎ᠠ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠠᠶ᠃ ᠬᠡᠤᠬᠡᠳ ᠤᠨ | ᠬᠥᠭᠵᠢᠯᠲᠡ ᠶᠢᠨ ᠲᠥᠯᠥᠪᠵᠢᠭᠦᠯᠭᠡ ᠳᠤ ᠭᠤᠤᠯᠳᠠᠭᠤ ᠬᠡᠤᠬᠡᠳ ᠬᠢᠭᠡᠳ ᠡᠷᠡᠭᠦᠯ ᠮᠡᠨᠳᠦ᠂ ᠠᠮᠤᠷ ᠲᠦᠪᠰᠢᠨ᠂ | ᠰᠤᠷᠭᠠᠨ ᠬᠥᠮᠦᠵᠢᠯ᠂ ᠠᠰᠠᠷᠠᠮᠵᠢ᠂ ᠬᠡᠷ ᠪᠦᠯᠢ᠂ ᠣᠷᠴᠢᠨ ᠲᠣᠭᠤᠷᠢᠨ᠂ ᠬᠠᠤᠯᠢ ᠴᠠᠭᠠᠵᠠ ᠶᠢᠨ ᠬᠠᠮᠠᠭᠠᠯᠠᠯᠲᠠ | ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 72 ᠵᠦᠢᠯ ᠤᠨ ᠭᠤᠤᠯ ᠬᠠᠷᠠᠯᠲᠠ ᠪᠠ 91 ᠵᠦᠢᠯ ᠤᠨ ᠠᠷᠭ᠎ᠠ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠭᠤᠷᠪᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠨ ᠤ ᠰᠢᠶᠠᠨ ᠤ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ ᠪᠠ ᠰᠠᠯᠠᠭ᠎ᠠ ᠮᠥᠴᠢᠷ ᠤᠨ ᠲᠤᠰᠬᠠᠶ ᠲᠥᠯᠥᠪᠵᠢᠭᠦᠯᠭᠡ ᠲᠠᠢ | ᠵᠡᠷᠭᠡ ᠪᠠᠷ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠡᠷᠡᠭᠵᠢᠭᠦᠯᠬᠦ ᠲᠥᠰᠦᠯ ᠲᠣᠭᠲᠠᠭᠠᠬᠤ ᠶᠢ ᠲᠦᠯᠬᠢᠨ | ᠠᠬᠢᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ | ᠲᠥᠯᠥᠪᠵᠢᠭᠦᠯᠭᠡ ᠶᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠡᠮᠡᠭᠲᠡᠶᠢᠴᠦᠳ | ᠬᠡᠦᠬᠡᠳ ᠤᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢ ᠪᠠᠲᠤᠯᠠᠵᠤ᠂ ᠪᠠᠶᠢᠴᠠᠭᠠᠨ ᠰᠤᠳᠤᠯᠬᠤ | ᠴᠢᠳᠠᠪᠤᠷᠢ ᠶᠢ ᠴᠢᠩᠭᠠᠳᠬᠠᠨ᠂ ᠲᠥᠯᠥᠪᠵᠢᠭᠦᠯᠭᠡ ᠶᠢ ᠬᠡᠷᠡᠭᠵᠢᠭᠦᠯᠬᠦ ᠠᠷᠭ᠎ᠠ ᠵᠠᠮ ᠪᠠ ᠠᠷᠭ᠎ᠠ ᠶᠢᠨ ᠲᠠᠯ᠎ᠠ ᠪᠠᠷ | ᠰᠢᠨ᠎ᠡ ᠶᠢ ᠡᠭᠦᠳᠦᠨ᠎ᠡ᠃ ᠤᠬᠠᠭᠤᠯᠤᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠡᠯ᠎ᠡ | ᠡᠲᠡᠭᠡᠳ ᠤᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠳᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠤᠨ᠎ᠠ᠃ | ᠳᠥᠷᠪᠡᠳᠦᠭᠡᠷ ᠬᠡᠰᠡᠭ ᠨᠢ ᠬᠢᠨᠠᠨ ᠬᠡᠮᠵᠢᠵᠦ ᠦᠨᠡᠯᠡᠨ ᠵᠢᠱᠢᠬᠦ | ᠦᠨᠡᠯᠡᠨ ᠵᠢᠱᠢᠬᠦ ᠳᠤᠭᠤᠶᠢᠯᠠᠩ ᠪᠠ ᠬᠢᠨᠠᠨ ᠬᠡᠮᠵᠢᠬᠦ ᠳᠤᠭᠤᠶᠢᠯᠠᠩ ᠪᠠᠶᠢᠭᠤᠯᠬᠤ ᠪᠠᠷ ᠳᠠᠮᠵᠢᠭᠤᠯᠤᠨ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ | ᠦᠨᠡᠯᠡᠨ ᠵᠢᠱᠢᠯᠲᠡ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠵᠦ᠂ ᠰᠢᠨ᠎ᠡ ︽ᠬᠤᠶᠠᠷ | ᠲᠥᠯᠥᠪᠵᠢᠭᠦᠯᠭᠡ︾ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠠᠬᠢᠭᠤᠯᠤᠨ᠎ᠠ ᠭᠡᠵᠦ ᠲᠣᠳᠣᠷᠬᠠᠶ ᠲᠣᠭᠲᠠᠭᠠᠪᠠ᠃ | ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢ ᠠᠰᠢᠭᠯᠠᠨ᠂ ᠵᠢᠱᠢᠯᠲᠡ ᠪᠠᠷ ᠪᠠᠷᠢᠮᠵᠢᠶ᠎ᠠ ᠳᠤ ᠬᠦᠷᠦᠭᠦᠯᠬᠦ ᠳᠤ | ᠬᠦᠴᠢᠷᠲᠡᠶ᠂ ᠬᠡᠯᠪᠡᠯᠵᠡᠯ ᠢᠶᠠᠷ ᠨᠡᠯᠢᠶᠡᠳ ᠶᠡᠭᠡ ᠪᠠᠶᠢᠭ᠎ᠠ ᠬᠢᠨᠠᠨ ᠬᠡᠮᠵᠢᠬᠦ ᠭᠦᠢᠴᠡᠳᠭᠡᠯ ᠲᠤᠭ᠎ᠠ ᠶᠢ ᠴᠠᠭ | ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ᠂ ᠦᠨᠡᠯᠡᠨ ᠵᠢᠱᠢᠬᠦ ᠶᠠᠪᠤᠴᠠ ᠳᠤ ᠢᠯᠡᠷᠡᠭᠦᠯᠦᠭᠰᠡᠨ ᠲᠣᠪᠤᠶᠢᠮ᠎ᠠ | ᠠᠰᠠᠭᠤᠳᠠᠯ ᠪᠠ ᠪᠠᠭᠤᠷᠠᠶ ᠭᠤᠭᠴᠤᠭ᠎ᠠ ᠳᠤ ᠴᠠᠭ ᠲᠤᠬᠠᠶ ᠳᠤᠨᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ | ᠳᠤᠷᠠᠳᠴᠤ᠂ ᠰᠠᠶᠢᠨ ᠠᠷᠭ᠎ᠠ ᠰᠠᠶᠢᠨ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠠᠯᠪᠠᠨ | ᠬᠡᠷ ᠰᠢᠨ᠎ᠡ ︽ᠬᠤᠶᠠᠷ ᠲᠣᠭᠲᠠᠭᠠᠯ︾ ᠢ ᠤᠬᠠᠭᠤᠯᠬᠤ ᠡᠷᠴᠢᠮ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠬᠢᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ︽ᠬᠤᠶᠠᠷ ᠲᠣᠭᠲᠠᠭᠠᠯ︾ ᠢ ᠣᠶᠢᠯᠠᠭᠠᠬᠤ ᠨᠣᠷᠮ᠎ᠠ ᠪᠠ | ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠡᠯ᠎ᠡ ᠪᠦᠷᠢᠯᠳᠦᠬᠦᠨ ᠨᠢᠭᠡᠴᠡ ᠶᠢ ᠢᠳᠡᠪᠬᠢᠲᠡᠢ | ᠵᠣᠬᠢᠴᠠᠭᠤᠯᠵᠤ ᠪᠠᠶᠢᠭᠠᠳ ᠰᠢᠨ᠎ᠡ ︽ᠬᠤᠶᠠᠷ ᠲᠣᠭᠲᠠᠭᠠᠯ︾ ᠤᠨ ᠡᠯ᠎ᠡ ᠵᠦᠢᠯ ᠤᠨ ᠡᠭᠦᠷᠭᠡ ᠬᠠᠷᠠᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠠᠮᠲᠤᠪᠠᠷ ᠠᠬᠢᠭᠤᠯᠵᠤ᠂ ᠪᠦᠬᠦ ᠰᠢᠶᠠᠨ ᠤ | ᠡᠮᠡᠭᠲᠡᠶᠢᠴᠦᠳ ᠬᠡᠦᠬᠡᠳ ᠲᠤ ᠬᠦᠷᠲᠡᠮᠵᠢ ᠶᠢᠨ ᠲᠦᠷᠦᠭᠳᠡᠯ ᠨᠡᠩ ᠭᠦᠢᠴᠡᠳ᠂ ᠵᠣᠯ ᠵᠢᠷᠭᠠᠯᠲᠤ ᠲᠦᠷᠦᠭᠳᠡᠯ ᠨᠡᠩ | ᠦᠷᠭᠦᠯᠵᠢᠯᠡᠬᠦ᠂ ᠠᠮᠤᠷ ᠲᠦᠪᠰᠢᠨ ᠤ ᠲᠦᠷᠦᠭᠳᠡᠯ ᠨᠡᠩ ᠪᠠᠲᠤᠯᠠᠭ᠎ᠠ ᠲᠠᠢ ᠰᠠᠶᠢᠨ ᠰᠠᠶᠢᠬᠠᠨ ᠢᠷᠡᠭᠡᠳᠦᠢ ᠶᠢ | ᠴᠣᠭᠴᠠᠯᠠᠬᠤ ᠪᠠᠷ ᠴᠢᠷᠮᠠᠶᠢᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |