ᠰᠢᠩ ᠡᡁᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲᠧᠮ ᠤᠨ ᠨᠠᠮ ᠤᠨ ᠠᠵᠢᠯᠯᠠᠬᠤ | ᠬᠤᠷᠢᠶ᠎ᠡ ᠶᠢᠨ ᠨᠢᠭᠡᠳᠦᠯᠲᠡᠢ ᠳᠤᠬᠢᠷᠠᠭᠤᠯᠤᠯᠳᠠ ᠪᠠᠶᠢᠷᠢᠯᠠᠭᠤᠯᠤᠯᠲᠠ ᠶᠢ ᠦᠨᠳᠦᠰᠦᠯᠡᠨ᠂ 1 ᠰᠠᠷ᠎ᠠ ᠶᠢᠨ 11 ᠤ | ᠡᠳᠦᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠰᠬᠠᠢ ᠰᠡᠳᠦᠪᠲᠦ ᠨᠠᠮ ᠤᠨ ᠬᠢᠴᠢᠶᠡᠯ︾ ᠢ ᠵᠢᠭᠠᠵᠤ᠂ ᠲᠤᠪᠴᠢᠶ᠎ᠡ ᠶᠢᠨ ᠤᠳᠤᠷᠢᠳᠬᠤ ᠪᠠᠭ ᠤᠨ | ᠪᠦᠷᠢᠯᠳᠦᠬᠦᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠭᠰᠠᠨ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠤᠨ ᠬᠠᠷᠢᠭᠤᠴᠠᠯᠭᠠᠲᠠᠨ᠂ ᠨᠠᠮ ᠤᠨ ᠠᠵᠢᠯᠯᠠᠬᠤ ᠬᠤᠷᠢᠶ᠎ᠡ ᠶᠢᠨ ᠬᠠᠷᠢᠶᠠᠨ ᠳᠠᠬᠢ ᠡᠯ᠎ᠡ ᠨᠠᠮ ᠤᠨ | ᠶᠡᠷᠦᠩᠬᠡᠢ ᠡᠭᠦᠷ᠂ ᠨᠠᠮ ᠤᠨ ᠡᠭᠦᠷ ᠤᠨ ᠱᠦᠵᠢ ︵ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ︶ ᠨᠠᠮ ᠤᠨ | ᠬᠢᠴᠢᠶᠡᠯ ᠢ ᠰᠤᠨᠤᠰᠪᠠ᠃ | ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ | ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠢ ᠬᠡᠷᠬᠢᠨ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠰᠲ᠋ᠧᠮ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠵᠡᠷᠭᠡ ᠲᠠᠯ᠎ᠠ ᠪᠠᠷ ᠤᠯᠠᠨ ᠲᠠᠢ ᠬᠠᠮᠲᠤᠪᠠᠷ ᠭᠦᠨᠵᠡᠭᠡᠢ ᠰᠤᠷᠤᠯᠴᠠᠨ ᠰᠤᠳᠤᠯᠤᠨ | ᠶᠠᠷᠢᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠹᠷᠣᠨᠲ ᠤᠨ ᠥᠷᠭᠡᠨ ᠣᠯᠠᠨ ᠨᠠᠮ ᠤᠨ ᠭᠡᠰᠢᠭᠦᠨ ᠤᠬᠠᠮᠰᠠᠷ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠢᠮᠠᠭᠲᠠ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠡᠮᠵᠢᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠥᠪᠡᠷᠲᠡᠭᠡᠨ | ᠵᠠᠰᠠᠬᠤ ᠣᠷᠣᠨ᠂ ᠬᠤᠲᠠ᠂ ᠰᠢᠶᠠᠨ ᠤ ᠪᠣᠳᠠᠲᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ | ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠰᠤᠷᠭᠠᠨ ᠬᠥᠮᠦᠵᠢᠯ ᠭᠡᠬᠦ ᠡᠨᠡᠬᠦ ︽ᠤᠯᠤᠰ ᠤᠨ ᠶᠡᠭᠡ ᠪᠤᠳᠤᠯᠭ᠎ᠠ᠂ | ᠨᠠᠮ ᠤᠨ ᠶᠡᠭᠡ ᠪᠤᠳᠤᠯᠭ᠎ᠠ︾ ᠶᠢᠨ ᠲᠡᠦᠬᠡᠨ ᠬᠦᠨᠳᠦ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ | ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ | ᠬᠥᠮᠦᠵᠢᠯ ᠤᠨ ᠰᠢᠰᠲᠧᠮ ᠢ ᠲᠦᠷᠭᠡᠨ ᠪᠠᠶᠢᠭᠤᠯᠵᠤ᠂ ᠪᠦᠬᠦ ᠬᠤᠳᠠ ᠶᠢᠨ ᠲᠡᠷᠢᠭᠦᠨ ᠤ ᠨᠢᠭᠡ ᠪᠦᠯᠦᠭ ᠨᠡᠷᠡᠳᠦ | ᠰᠤᠷᠭᠠᠭᠤᠯᠢ ᠶᠢ ᠪᠠᠶᠢᠭᠤᠯᠵᠤ᠂ ᠪᠦᠬᠦ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ | ᠬᠤᠳᠠ ᠶᠢᠨ ᠡᠮᠦᠨ᠎ᠡ ᠡᠩᠨᠡᠭᠡᠨ ᠳᠤ ᠣᠷᠣᠭᠤᠯᠬᠤ ᠶᠢ ᠠᠬᠢᠭᠤᠯᠬᠤ ᠲᠠᠯ᠎ᠠ ᠪᠠᠷ ᠶᠡᠭᠡ ᠬᠦᠴᠦ ᠣᠷᠣᠭᠤᠯᠵᠤ᠂ ᠦᠬᠦᠨ | ᠪᠠᠶᠢᠯᠳᠤᠬᠤ ᠡᠷᠡᠰ ᠵᠣᠷᠢᠭ ᠪᠠ ᠰᠥᠰᠥ ᠵᠣᠷᠢᠭ ᠢᠶᠠᠷ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠮᠠᠨ ᠤ ᠰᠢᠶᠠᠨ ᠤ ᠪᠠᠭᠰᠢ ᠶᠢᠨ ᠡᠩᠨᠡᠭᠡᠨ ᠤ | ᠬᠠᠮᠢᠶᠠᠷᠤᠯᠲᠠ ᠶᠢᠨ ᠦᠵᠦ ᠲᠥᠯᠥᠪᠯᠡᠭᠡ ᠶᠢ ᠲᠥᠯᠥᠪᠵᠢᠭᠦᠯᠵᠦ᠂ ᠤᠷᠮᠠᠰᠢᠭᠤᠯᠤᠨ ᠵᠣᠷᠢᠭᠵᠢᠭᠤᠯᠬᠤ ᠶᠢ | ᠴᠢᠩᠭᠠᠳᠬᠠᠨ᠎ᠠ︔ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠭᠰᠢ᠂ ᠺᠠᠳ᠋ᠷ ᠢ ᠬᠥᠮᠦᠵᠢᠭᠦᠯᠬᠦ | ᠲᠣᠭᠲᠠᠴᠠ ᠶᠢ ᠪᠠᠶᠢᠭᠤᠯᠵᠤ᠂ ᠵᠥᠪ ᠣᠨᠣᠪᠴᠢᠲᠠᠢ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ | ᠪᠣᠯᠭᠠᠨ᠎ᠠ︔ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠵᠤ᠂ ᠨᠡᠩ | ᠭᠤᠣᠯᠴᠢ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠢ ᠲᠦᠷᠭᠡᠨ ᠬᠠᠩᠭᠠᠬᠤ ᠬᠡᠷᠡᠭᠲᠡᠢ᠃ ︵ᠨᠠᠶᠢᠷᠠᠭᠤᠯᠤᠭᠴᠢ᠄ | ᠸᠠᠩ ᠰᠢᠤᠸᠠᠢ ᠳ᠋ᠦᠩ︶ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |