ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠤᠳᠤᠷᠢᠳᠬᠤ ᠺᠠᠳ᠋ᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/1/13
     ᠰᠢᠩ ᠡᡁᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲᠧᠮ ᠤᠨ ᠨᠠᠮ ᠤᠨ ᠠᠵᠢᠯᠯᠠᠬᠤ ᠬᠤᠷᠢᠶ᠎ᠡ ᠶᠢᠨ ᠨᠢᠭᠡᠳᠦᠯᠲᠡᠢ ᠳᠤᠬᠢᠷᠠᠭᠤᠯᠤᠯᠳᠠ ᠪᠠᠶᠢᠷᠢᠯᠠᠭᠤᠯᠤᠯᠲᠠ ᠶᠢ ᠦᠨᠳᠦᠰᠦᠯᠡᠨ᠂ 1 ᠰᠠᠷ᠎ᠠ ᠶᠢᠨ 11 ᠤ ᠡᠳᠦᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠨᠠᠮ ᠤᠨ ᠬᠢᠴᠢᠶᠡᠯ︾ ᠢ ᠵᠢᠭᠠᠵᠤ᠂  ᠲᠤᠪᠴᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠭᠰᠠᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠨᠠᠮ ᠤᠨ ᠠᠵᠢᠯᠯᠠᠬᠤ ᠬᠤᠷᠢᠶ᠎ᠡ ᠶᠢᠨ ᠬᠠᠷᠢᠶᠠᠨ ᠳᠠᠬᠢ ᠡᠯ᠎ᠡ ᠨᠠᠮ ᠤᠨ ᠶᠡᠷᠦᠩᠬᠡᠢ ᠡᠭᠦᠷ᠂ ᠨᠠᠮ ᠤᠨ ᠡᠭᠦᠷ ᠤᠨ ᠱᠦᠵᠢ ︵ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ︶ ᠨᠠᠮ ᠤᠨ  ᠬᠢᠴᠢᠶᠡᠯ ᠢ ᠰᠤᠨᠤᠰᠪᠠ᠃      ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠢ ᠬᠡᠷᠬᠢᠨ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠰᠲ᠋ᠧᠮ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠵᠡᠷᠭᠡ ᠲᠠᠯ᠎ᠠ ᠪᠠᠷ ᠤᠯᠠᠨ ᠲᠠᠢ ᠬᠠᠮᠲᠤᠪᠠᠷ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠹᠷᠣᠨᠲ ᠤᠨ ᠥᠷᠭᠡᠨ ᠣᠯᠠᠨ ᠨᠠᠮ ᠤᠨ ᠭᠡᠰᠢᠭᠦᠨ ᠤᠬᠠᠮᠰᠠᠷ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠡᠮᠵᠢᠶ᠎ᠡ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠪᠣᠳᠠᠲᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠰᠤᠷᠭᠠᠨ ᠬᠥᠮᠦᠵᠢᠯ ᠭᠡᠬᠦ ᠡᠨᠡᠬᠦ ︽ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ︾ ᠶᠢᠨ ᠲᠡᠦᠬᠡᠨ ᠬᠦᠨᠳᠦ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ ᠤᠨ ᠰᠢᠰᠲᠧᠮ ᠢ ᠲᠦᠷᠭᠡᠨ ᠪᠠᠶᠢᠭᠤᠯᠵᠤ᠂ ᠪᠦᠬᠦ ᠬᠤᠳᠠ ᠶᠢᠨ ᠲᠡᠷᠢᠭᠦᠨ ᠤ ᠨᠢᠭᠡ ᠪᠦᠯᠦᠭ ᠨᠡᠷᠡᠳᠦ ᠰᠤᠷᠭᠠᠭᠤᠯᠢ ᠶᠢ ᠪᠠᠶᠢᠭᠤᠯᠵᠤ᠂ ᠪᠦᠬᠦ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠭᠤᠯᠬᠤ ᠶᠢ ᠠᠬᠢᠭᠤᠯᠬᠤ ᠲᠠᠯ᠎ᠠ ᠪᠠᠷ ᠶᠡᠭᠡ ᠬᠦᠴᠦ ᠣᠷᠣᠭᠤᠯᠵᠤ᠂ ᠦᠬᠦᠨ ᠪᠠᠶᠢᠯᠳᠤᠬᠤ ᠡᠷᠡᠰ ᠵᠣᠷᠢᠭ ᠪᠠ ᠰᠥᠰᠥ ᠵᠣᠷᠢᠭ ᠢᠶᠠᠷ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠮᠠᠨ ᠤ ᠰᠢᠶᠠᠨ ᠤ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢᠨ ᠦᠵᠦ ᠲᠥᠯᠥᠪᠯᠡᠭᠡ ᠶᠢ ᠲᠥᠯᠥᠪᠵᠢᠭᠦᠯᠵᠦ᠂ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠨ᠎ᠠ︔ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠭᠰᠢ᠂ ᠺᠠᠳ᠋ᠷ ᠢ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠵᠥᠪ ᠣᠨᠣᠪᠴᠢᠲᠠᠢ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠨ᠎ᠠ︔ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠵᠤ᠂ ᠨᠡᠩ ᠭᠤᠣᠯᠴᠢ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠢ ᠲᠦᠷᠭᠡᠨ ᠬᠠᠩᠭᠠᠬᠤ ᠬᠡᠷᠡᠭᠲᠡᠢ᠃ ︵ᠨᠠᠶᠢᠷᠠᠭᠤᠯᠤᠭᠴᠢ᠄ ᠸᠠᠩ ᠰᠢᠤᠸᠠᠢ ᠳ᠋ᠦᠩ︶                                           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3