ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/14
     ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 2022 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ 1 ᠰᠠᠷ᠎ᠠ ᠶᠢᠨ 11᠎ ᠤ ᠡᠳᠦᠷ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠢ ᠴᠢᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠬᠤᠷᠢᠶᠠᠨ ᠤ ᠪᠦᠬᠦ ᠤᠳᠤᠷᠢᠳᠬᠤ ᠺᠠᠳ᠋ᠷ ᠠᠵᠢᠯᠳᠠᠨ ᠠᠵᠢᠯᠴᠢᠨ ᠣᠷᠣᠯᠴᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠲᠤᠰᠬᠠᠢ ᠰᠡᠳᠦᠪ ᠢᠶᠠᠷ ᠰᠤᠷᠤᠯᠴᠠᠵᠠᠢ᠃ ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠵᠢᠢ ᠴᠢᠩ ᠨᠥᠬᠦᠷ ᠲᠦᠷᠦᠭᠦᠯᠡᠨ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠤᠰ ᠪᠡᠶ᠎ᠡ ᠶᠢᠨ ᠦᠵᠡᠯ ᠰᠠᠨᠠᠭᠠᠨ ᠤ ᠪᠣᠳᠠᠲᠤ ᠪᠠᠶᠢᠳᠠᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠭᠰᠠᠨ ᠣᠶᠢᠯᠠᠭᠠᠯᠲᠠ ᠪᠠᠨ ᠲᠤᠰ ᠲᠤᠰ ᠶᠠᠷᠢᠵᠤ᠂ ᠰᠤᠷᠤᠯᠴᠠᠬᠤ ᠶᠢ ᠪᠣᠳᠣᠯᠬᠢᠯᠠᠬᠤ᠂ ᠰᠤᠷᠤᠯᠴᠠᠬᠤ ᠶᠢ ᠤᠬᠠᠭᠠᠷᠠᠬᠤ᠂ ᠰᠤᠷᠤᠯᠴᠠᠬᠤ ᠶᠢ ᠣᠯᠤᠯᠲᠠ ᠲᠠᠢ ᠪᠣᠯᠭᠠᠬᠤ ᠶᠢ ᠪᠡᠶᠡᠯᠡᠭᠦᠯᠪᠡ᠃      ᠬᠤᠷᠠᠯ ᠠᠴᠠ ᠴᠢᠩᠭᠠᠳᠬᠠᠭᠰᠠᠨ ᠨᠢ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠠᠮᠠᠭᠠᠯᠠᠬᠤ ᠬᠡᠷᠡᠭᠲᠡᠢ᠃ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠭᠰᠠᠨ ᠨᠢ ᠲᠡᠦᠬᠡ ᠶᠢᠨ ᠰᠣᠩᠭᠤᠯᠲᠠ᠂ ᠴᠠᠭ ᠦᠶ᠎ᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠪᠣᠯᠤᠨ᠎ᠠ᠃ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠲᠦᠷᠪᠡᠨ ᠤᠬᠠᠮᠰᠠᠷ︾᠎ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ᠃ ᠪᠦᠬᠦ ᠭᠡᠰᠢᠭᠦᠳ ᠤᠨ ᠬᠤᠷᠠᠯ ᠳᠡᠭᠡᠷ᠎ᠡ ᠳᠣᠣᠷ᠎ᠠ ᠱᠠᠳᠤ ᠪᠠᠷ ᠢᠶᠠᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠬᠤ︾᠎ ᠶᠢ ᠦᠨᠡᠨᠬᠦ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠵᠤ᠂ ︽ᠬᠤᠶᠠᠷ ᠢ ᠲᠣᠭᠲᠠᠭᠠᠬᠤ︾᠎ ᠶᠢᠨ ᠦᠨᠡᠨᠴᠢ ᠰᠢᠳᠤᠷᠭᠤ ᠬᠠᠮᠠᠭᠠᠯᠠᠭᠴᠢ᠂ ︽ᠬᠤᠶᠠᠷ ᠢ ᠬᠠᠮᠠᠭᠠᠯᠠᠬᠤ︾᠎ ᠶᠢᠨ ᠵᠢᠱᠢᠶ᠎ᠡ ᠦᠵᠡᠭᠦᠯᠦᠨ ᠲᠠᠭᠠᠭᠤᠯᠤᠭᠴᠢ ᠪᠣᠯᠬᠤ ᠪᠠᠷ ᠴᠢᠷᠮᠠᠶᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨᠬᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠲᠥᠪᠯᠡᠷᠡᠭᠦᠯᠦᠨ ᠰᠤᠳᠤᠯᠤᠨ ᠶᠠᠷᠢᠯᠴᠠᠬᠤ ᠪᠠ ᠬᠤᠪᠢ ᠬᠥᠮᠦᠨ ᠤ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠪᠠᠨ ᠦᠨᠡᠨ ᠬᠦ ᠣᠷᠣᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠦᠨᠡᠨ ᠬᠦ ᠣᠷᠣᠭᠤᠯᠵᠤ᠂ ᠲᠣᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠳᠡᠯᠭᠡᠵᠦ᠂ ᠨᠠᠮ ᠤᠨ ᠭᠡᠰᠢᠭᠦᠨ᠂ ᠺᠠᠳ᠋ᠷ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠪᠠᠷ ᠰᠠᠶᠢᠲᠤᠷ ᠠᠳᠬᠤᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠵᠣᠬᠢᠶᠠᠯ︾᠎ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3