ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/15
     2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠤᠷᠠᠯᠳᠤᠭᠤᠯᠵᠤ᠂ ᠳᠡᠭᠡᠳᠦ ᠱᠠᠳᠤ ᠨᠢ ᠲᠤᠤᠷᠠᠳᠦ ᠱᠠᠳᠤ ᠪᠠᠨ ᠳᠠᠭᠠᠭᠤᠯᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠥᠯᠥᠭᠡ᠂ 1 ᠰᠠᠷ᠎ᠠ ᠶᠢᠨ 13᠎ ᠤ ᠡᠳᠦᠷ᠂ ᠰᠢᠩ ᠡᡁᠧ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠡ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠳᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠪᠦᠬᠦ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠰᠢᠶᠤᠤ ᠬᠤᠩ ᠰᠢᠩ ᠡᡁᠧ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠭᠤᠯᠤᠯᠭ᠎ᠠ᠂ ᠰᠢᠩ ᠡᡁᠧ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠪᠢᠴᠢᠭ ᠮᠠᠲ᠋ᠧᠷᠢᠶᠠᠯ ᠳᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠢ ᠲᠣᠳᠣᠷᠬᠠᠶᠢᠯᠠᠪᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠦ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠠᠯ ᠠᠴᠠ  ᠱᠠᠭᠠᠷᠳᠠᠭᠰᠠᠨ ᠨᠢ᠂ ᠨᠢᠭᠡ ᠳᠤ᠂ ᠤᠨᠤᠯ ᠤᠨ ᠰᠤᠷᠤᠯᠴᠠᠯᠭ᠎ᠠ ᠶᠢ ᠪᠣᠳᠠᠲᠠᠢ ᠴᠢᠩᠭ᠎ᠠ ᠠᠳᠬᠤᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠰᠠᠶᠢᠲᠤᠷ ᠲᠠᠯᠪᠢᠬᠤ ᠬᠡᠷᠡᠭᠲᠡᠢ︔ ᠬᠤᠶᠠᠷ ᠲᠤ᠂ ᠠᠰᠠᠭᠤᠳᠠᠯ ᠢ ᠪᠠᠶᠢᠴᠠᠭᠠᠨ ᠳᠡᠯᠭᠡᠬᠦ ᠳᠡᠭᠡᠨ ᠣᠨᠣᠪᠴᠢᠲᠠᠢ ᠡᠷᠢᠵᠦ ᠪᠣᠳᠠᠲᠠᠢ ᠡᠷᠢᠵᠦ᠂ ︽ᠵᠢᠷᠭᠤᠭᠠᠨ ᠲᠦᠷᠦᠭᠦᠯᠡᠬᠦ︾ ᠱᠠᠭᠠᠷᠳᠠᠯᠭ᠎ᠠ ᠶᠣᠰᠣᠭᠠᠷ᠂ ᠨᠠᠷᠢᠨ ᠬᠢᠨᠠᠮᠠᠭᠠᠢ ᠪᠠᠶᠢᠴᠠᠭᠠᠨ ᠲᠤᠩᠭᠠᠨ ᠪᠣᠳᠣᠯᠬᠢᠯᠠᠬᠤ ᠬᠡᠷᠡᠭᠲᠡᠢ︔ ᠭᠤᠷᠪᠠ ᠳᠤ ᠰᠢᠭᠦᠮᠵᠢᠯᠡᠯ ᠥᠷᠨᠢᠭᠦᠯᠬᠦ ᠳᠡᠭᠡᠨ ᠦᠨᠡᠨ ᠰᠢᠭᠦᠮᠵᠢᠯᠡᠵᠦ ᠦᠨᠡᠨ ᠰᠢᠭᠦᠮᠵᠢᠯᠡᠵᠦ᠂ ︽ᠨᠢᠭᠤᠷ ᠤᠯᠠᠶᠢᠯᠭᠠᠨ ᠬᠥᠯᠥᠰᠥ ᠭᠠᠷᠭᠠᠬᠤ︾ ᠵᠠᠷᠴᠢᠮ ᠢ ᠪᠠᠷᠢᠮᠲᠠᠯᠠᠨ᠂ ᠠᠰᠠᠭᠤᠳᠠᠯ ᠳᠤ ᠰᠢᠭᠤᠳ ᠬᠠᠨᠳᠤᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠨᠥᠬᠦᠳ ᠢᠶᠠᠨ ᠬᠠᠪᠰᠤᠷᠴᠤ᠂ ᠲᠥᠪ ᠴᠢᠩᠭ᠎ᠠ ᠨᠠᠷᠢᠨ ᠬᠢᠨᠠᠮᠠᠭᠠᠶ ᠪᠠᠷ ᠰᠠᠨᠠᠯ ᠳᠤᠷᠠᠳᠬᠤ ᠬᠡᠷᠡᠭᠲᠡᠶ︔ ᠲᠦᠷᠪᠡ ᠳᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠡᠨᠬᠦ ᠬᠡᠷᠡᠭᠵᠢᠭᠦᠯᠵᠦ ᠪᠣᠯᠬᠤ ᠬᠡᠷᠡᠭᠲᠡᠢ᠂ ᠡᠭᠦᠳᠡ ᠪᠠᠨ ᠨᠡᠭᠡᠭᠡᠵᠦ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠨᠠᠷᠢᠯᠢᠬᠵᠢᠭᠤᠯᠵᠤ᠂ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ᠂ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠪᠠᠲᠤᠯᠠᠬᠤ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3