2023ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/1/15
ᠲᠥᠯᠥᠭᠡᠯᠡᠭᠴᠢᠳ ᠡ᠄      ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2022 ᠣᠨ ᠤ ᠠᠵᠢᠯ ᠤᠨ ᠡᠷᠭᠢᠴᠡᠭᠦᠯᠦᠯ      2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ ᠬᠢᠵᠢᠭ ᠤᠨ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠵᠡᠷᠭᠡ ᠣᠯᠠᠨ ᠳᠠᠪᠬᠤᠷ ᠠᠶᠤᠯ ᠲᠦᠭᠰᠢᠭᠦᠷᠢ ᠥᠷᠢᠰᠥᠯᠳᠦᠭᠡᠨ ᠪᠣᠯᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠪᠠᠶᠢᠳᠠᠯ ᠤᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ᠃      ᠨᠢᠭᠡ ᠵᠢᠯ ᠤᠨ ᠲᠤᠷᠰᠢ᠂ ᠪᠢᠳᠡ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ︾ ᠶᠢ ᠪᠠᠷᠢᠮᠲᠠᠯᠠᠵᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠬᠦᠴᠦᠯᠡᠨ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠵᠡᠢ᠃      — ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠨ᠎ᠠ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ  ᠦᠢᠯᠡᠳᠪᠦᠷᠢᠯᠡᠯ ᠤᠨ ᠪᠥᠬᠦ ᠥᠷᠲᠡᠭ 65.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ︔ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 20% ᠢᠶᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 23.78 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.5% ᠨᠡᠮᠡᠭᠳᠡᠪᠡ︔ ᠨᠡᠶᠢᠭᠡᠮ ᠤᠨ  ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 11.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 34905 ᠲᠥᠭᠦᠷᠢᠭ ᠪᠠ 14392 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.5% ᠪᠠ 9% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 1.79 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠪᠡ᠃ 14 ᠵᠦᠢᠯ ᠤᠨ ᠴᠢᠬᠤᠯᠠ ᠶᠡᠭᠡ ᠲᠥᠷᠥᠯ  ᠵᠦᠢᠯ ᠢ ᠬᠡᠷᠡᠭᠵᠢᠭᠦᠯᠵᠦ᠂ 22.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ 1.4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠨᠠᠶᠢᠳᠠᠪᠤᠷᠢᠵᠢᠭᠤᠯᠵᠤ᠂ 7 ᠲᠥᠷᠥᠯ ᠵᠦᠢᠯ ᠢ ᠬᠡᠷᠡᠭᠵᠢᠭᠦᠯᠪᠡ᠃ 37 ᠬᠤᠳᠠᠯᠳᠤᠭᠠᠴᠢᠨ ᠤᠷᠢᠬᠤ ᠳᠤᠭᠤᠶᠢᠯᠠᠩ᠂ 128 ᠠᠵᠤ ᠠᠬᠤᠶᠢᠯᠠᠯ ᠲᠠᠢ ᠵᠣᠯᠭᠠᠭᠤᠯᠵᠤ᠂ 38 ᠲᠥᠷᠥᠯ ᠵᠦᠢᠯ ᠳᠤ ᠭᠡᠷ᠎ᠡ ᠲᠣᠭᠲᠠᠪᠠ᠃ ᠰᠢᠨ᠎ᠡ ᠪᠠᠷ ᠨᠡᠮᠡᠭᠳᠡᠭᠰᠡᠨ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 4 ᠪᠣᠯᠵᠣ᠂ ᠨᠡᠶᠢᠲᠡ 24 ᠪᠣᠯᠪᠠ᠃      — ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ︽ᠨᠣᠭᠤᠭ᠎ᠠ ᠶᠢᠨ ᠲᠤᠮᠤ ᠬᠦᠷᠢᠶᠡᠯᠡᠩ︾ ᠤᠨ ᠪᠦᠳᠦᠭᠡᠨ ᠪᠠᠶᠢᠭᠤᠯᠤᠯᠲᠠ ᠶᠢᠨ ᠠᠩᠬᠠᠨ ᠤ ᠳᠦᠷᠰᠦ ᠪᠠᠶᠢᠳᠠᠯ ᠠᠩᠬ᠎ᠠ ᠪᠦᠷᠢᠯᠳᠦᠪᠡ᠃ ᠠᠮᠤ ᠪᠤᠳᠠᠭᠠᠨ ᠤ ᠤᠨᠠᠯᠲᠠ 2 ᠳ᠋ᠦᠩᠰᠢᠭᠤᠷ ᠵᠢᠩ ᠳᠤ ᠬᠦᠷᠴᠦ᠂ ᠮᠠᠯ ᠤᠨ ᠭᠠᠷᠭᠠᠯᠲᠠ ᠨᠡᠶᠢᠲᠡ 95.85 ᠲᠦᠮᠡᠨ ᠲᠣᠯᠣᠭᠠᠶ᠂ ᠮᠢᠬᠠᠨ ᠤ ᠲᠥᠷᠥᠯ ᠤᠨ ᠶᠡᠷᠦᠩᠬᠡᠶ ᠭᠠᠷᠤᠯᠲᠠ 2.8 ᠲᠦᠮᠡᠨ ᠲᠣᠨ ᠳᠤ ᠬᠦᠷᠴᠡᠶ᠃ 8.23 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃ ᠲᠥᠮᠥᠰᠥᠨ ᠤ ᠭᠠᠵᠠᠷ ᠵᠦᠶ ᠶᠢᠨ ᠪᠡᠯᠭᠡ ᠲᠡᠮᠳᠡᠭ ᠤᠨ ᠵᠢᠷᠤᠮᠵᠢᠭᠰᠠᠨ ᠳᠠᠷᠢᠬᠤ ᠰᠠᠭᠤᠷᠢᠨ ᠭᠠᠵᠠᠷ ᠢ 3 ᠪᠠᠶᠢᠭᠤᠯᠤᠨ᠎ᠠ᠃ ᠭᠡᠷᠡᠴᠢᠯᠡᠯ ᠤᠨ ᠣᠷᠭᠠᠨᠢᠭ᠂ ᠪᠣᠬᠢᠷᠲᠤᠯ ᠥᠬᠡᠶ᠂ ᠭᠠᠵᠠᠷ ᠵᠦᠶ ᠶᠢᠨ ᠲᠡᠮᠳᠡᠭ ᠲᠠᠢ ᠦᠢᠯᠡᠳᠭᠦᠨ ᠨᠡᠶᠢᠲᠡ 23 ᠪᠠᠶᠢᠵᠤ᠂ ᠭᠡᠷᠡᠴᠢᠯᠡᠯ ᠤᠨ ᠲᠠᠯᠠᠪᠠᠶ ᠨᠢ 2 ᠲᠦᠮᠡᠨ ᠮᠥ ᠪᠣᠯᠤᠨ᠎ᠠ᠃ ᠰᠢᠩ ᠡᡁᠧ ᠳ᠋ᠧᠦᠹᠦ᠋᠂ ᠰᠢᠩ ᠡᡁᠧ ᠠᠷᠪᠠᠢ᠂ ᠰᠢᠩ ᠡᡁᠧ ᠶᠠᠮᠠ ᠶᠢᠨ ᠦᠷ᠎ᠡ ᠶᠢᠨ ᠲᠤᠰᠤ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠵᠠᠢ᠃  ᠴᠠᠷ ᠨᠠᠭᠤᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠤᠯᠤᠰ ᠤᠨ ᠳᠡᠰ ᠤᠨ ᠠᠮᠢ ᠠᠬᠤᠶ ᠶᠢᠨ ᠲᠠᠷᠢᠶᠠᠯᠠᠩ  ᠤᠨ ᠤᠮᠠᠷᠠᠳᠤ ᠶᠢᠨ ᠲᠠᠷᠢᠶᠠᠯᠠᠩ ᠮᠠᠯ ᠠᠵᠤ ᠠᠬᠤᠶ ᠶᠢᠨ ᠢᠳᠡᠭᠡᠨ ᠤ ᠰᠢᠩ ᠾᠧ ᠬᠤᠪᠢᠶᠠᠷᠢ ᠺᠣᠮᠫᠠᠨᠢ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠭ᠋ᠠᠶ ᠶᠢᠨ ᠭᠤᠤᠯ ᠡᠭᠦᠯᠳᠡᠷ ᠪᠤᠶᠢᠵᠢᠭᠤᠯᠬᠤ ᠲᠠᠯᠠᠪᠠᠶ ᠪᠠᠷ ᠮᠠᠭᠠᠳᠯᠠᠨ ᠲᠣᠭᠲᠠᠭᠠᠪᠠ᠃ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠵᠦᠢᠯᠡᠰ ᠢ ᠡᠬᠢᠯᠡᠨ ᠪᠦᠳᠦᠭᠡᠨ ᠪᠠᠶᠢᠭᠤᠯᠪᠠ᠃ 60 ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠵᠦ ᠨᠢᠲᠤᠯᠬᠤ ᠲᠦᠷᠦᠯ ᠵᠦᠢᠯ᠂ ᠤᠮᠠᠷᠠᠲᠤ ᠶᠢᠨ ᠠᠳᠠᠷ ᠭᠠᠵᠠᠷ ᠤᠨ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠵᠢᠴᠢ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠡᠩᠬᠡ ᠲᠠᠶᠢᠪᠤᠩ ᠢ ᠬᠥᠭᠵᠢᠭᠦᠯᠪᠡ᠃ ︽ᠠᠷᠤ ᠴᠡᠴᠡᠷᠯᠢᠭ︾ ᠤᠨ ᠪᠦᠳᠦᠭᠡᠨ ᠪᠠᠶᠢᠭᠤᠯᠤᠯᠲᠠ ᠲᠦᠷᠭᠡᠨ ᠢᠶᠠᠷ ᠪᠦᠷᠢᠯᠳᠦᠪᠡ᠃ ᠰᠤᠮᠤᠨ ᠤ ᠠᠭᠤᠯᠠ᠂ ᠴᠠᠷ ᠨᠠᠭᠤᠷ ᠤᠨ ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠠᠬᠠᠷ ᠨᠠᠭᠤᠷ ᠤᠨ ᠵᠢᠭᠤᠯᠴᠢᠯᠠᠯ ᠤᠨ ᠵᠠᠰᠠᠮᠠᠯ ᠵᠠᠮ ᠢ ᠪᠥᠬᠦ ᠱᠤᠭᠤᠮ ᠢᠶᠠᠷ ᠨᠡᠪᠲᠡᠷᠡᠭᠦᠯᠪᠡ᠃ ︽ᠳ᠋ᠠ ᠮᠧᠢ ᠰᠤᠮᠤᠨ ᠠᠭᠤᠯᠠ · ᠭᠦᠨ ᠰᠡᠳᠬᠢᠯᠭᠡ ᠲᠠᠢ ᠯᠦ ᠵᠢᠶᠠ ᠶᠢᠩ︾ ᠰᠢᠷᠢᠰ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠵᠤ᠂ ᠬᠤᠪᠢᠰᠬᠠᠯ ᠤᠨ ᠦᠵᠡᠯ ᠤᠨ ᠰᠤᠳᠤᠯᠭᠠᠨ ᠤ ᠦᠢᠯᠡᠳᠦᠯᠭᠡ ᠶᠢᠨ ᠠᠵᠢᠯᠯᠠᠭ᠎ᠠ ᠶᠢ 37 ᠲᠠᠯᠠᠪᠠᠢ ᠠᠮᠵᠢᠯᠲᠠ ᠲᠠᠢ ᠶᠠᠪᠤᠭᠳᠠᠭᠤᠯᠵᠠᠢ᠃ ᠥᠪᠥᠷ ᠮᠣᠩᠭᠤᠯ ᠤᠨ ᠠᠩᠬᠠᠳᠠᠭᠴᠢ ︽ᠪᠠᠶ ᠮᠧᠶ ᠲᠣᠰᠬᠤᠨ︾ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠭᠤᠤᠯ ᠴᠣᠭᠴᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ᠯᠦᠩ ᠰᠢᠩ ᠤᠨ ᠬᠠᠰ ᠱᠠᠭᠠᠵᠠᠩ ᠤᠨ ᠠᠯᠪᠠᠨ ᠴᠣᠮᠣ 2022 ᠣᠨ ᠤ ︽ᠥᠪᠥᠷ ᠮᠣᠩᠭᠤᠯ ᠤᠨ ᠪᠡᠯᠡᠭ︾ ᠤᠨ ᠲᠠᠸᠠᠷ ᠤᠨ ᠭᠡᠷᠡᠴᠢᠯᠡᠯ ᠤᠨ ᠨᠡᠷᠡᠰ ᠲᠤ ᠰᠣᠩᠭᠤᠭᠳᠠᠪᠠ᠃ ︽ᠲᠥᠪᠯᠡᠷᠡᠭᠰᠡᠨ ᠣᠷᠣᠨ︾ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠲᠢᠶᠠᠨ ᠵᠢᠶᠧ ᠶᠢᠨ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ ᠠᠩᠬᠠᠨ ᠤ ᠪᠦᠯᠦᠭ ᠤᠨ ᠮᠠᠰᠢᠨ ᠴᠣᠭᠴᠠᠯᠠᠪᠤᠷᠢ ᠶᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠪᠧᠷᠦᠢ ᠶᠢᠨ ᠵᠢᠯ ᠳᠤ 10 ᠲᠦᠮᠡᠨ ᠲᠣᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠤᠨ ᠬᠤᠶᠠᠷ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ᠃ ᠴᠢᠩ ᠮᠤᠩ ᠤᠨ 2000 ᠲᠣᠨ ᠭᠠᠷ ᠤᠲᠠᠰᠤᠨ ᠤ ᠢᠯᠴᠢ ᠲᠠᠷᠬᠠᠭᠠᠬᠤ ᠪᠦᠷᠬᠦᠭᠦᠯ ᠤᠨ ᠪᠠᠯ ᠴᠢᠯᠠᠭᠤᠨ ᠠᠯᠺᠧᠨ ᠤ ᠢᠰᠦᠮᠡᠭ ᠤᠨ ᠴᠠᠷᠳᠠᠭᠤᠯ ᠤᠨ ᠦᠢᠯᠡᠳᠪᠦᠷᠢᠯᠡᠯ ᠤᠨ ᠲᠦᠷᠦᠯ ᠵᠦᠢᠯ᠂ ᠷᠦᠢ ᠱᠧᠩ ᠵᠢᠯ ᠳᠤ 2 ᠲᠦᠮᠡᠨ ᠲᠣᠨ ᠯᠢᠲ᠋ᠢ ᠢᠶᠣᠨ ᠤ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠱᠠᠨ ᠾᠧ ᠶᠢᠨ ᠣᠨᠴᠠ ᠪᠤᠯᠤᠳ ᠲᠡᠮᠦᠷ ᠤᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠵᠦᠢᠯᠡᠰ ᠪᠠ 21 ᠰᠠᠶ᠎ᠠ ᠸᠠᠲ ᠤᠨ ᠰᠡᠭᠦᠯ ᠤᠨ ᠬᠡᠢ ᠶᠢ ᠶᠡᠷᠦᠩᠬᠡᠶᠢᠯᠡᠨ ᠠᠰᠢᠭᠯᠠᠵᠤ ᠴᠠᠬᠢᠯᠭᠠᠨ ᠭᠠᠷᠭᠠᠬᠤ ᠵᠦᠢᠯᠡᠰ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳ᠋ᠦᠦ᠋ᠢᠴᠤᠩ ᠤᠨ ᠭᠤᠣᠯᠢᠩ ᠰᠢᠷᠣᠶ ᠶᠢᠨ ᠳᠡᠭᠡᠳᠦ ᠲᠡᠰ ᠤᠨ ᠸᠠᠭᠠᠷ ᠱᠠᠭᠠᠵᠠᠩ᠂ ᠯᠦᠡᠭᠰᠢᠩ ᠤᠨ ᠸᠠᠭᠠᠷ ᠱᠠᠭᠠᠵᠠᠩ ᠤᠨ ᠰᠣᠶᠣᠯ ᠵᠢᠭᠤᠯᠴᠢᠯᠠᠯ ᠤᠨ ᠤᠷᠠᠯᠢᠭ ᠤᠨ ᠪᠦᠲᠦᠭᠡᠯᠴᠢ ᠲᠥᠰᠦᠪᠯᠡᠯ ᠤᠨ ᠲᠥᠪ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠤᠷᠤᠭᠰᠢᠲᠠᠶ ᠲᠦᠯᠬᠢᠨ ᠠᠬᠢᠭᠤᠯᠪᠠ᠃ ︽ᠠᠴᠢᠶᠠᠯᠠᠪᠤᠷᠢ ᠶᠢᠨ ᠣᠷᠣᠨ︾ ᠤ ᠪᠦᠳᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠪᠡ᠃ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠰᠠᠭᠤᠷᠢ ᠪᠡᠯᠡᠳᠬᠡᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠦᠨ᠂ ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠳᠤᠮᠳᠠᠳᠤ ᠮᠣᠩᠭᠤᠯ ᠤᠨ ᠡᠭᠡᠯᠵᠢᠨ ᠤ ᠭᠠᠯᠲᠤ ᠲᠡᠷᠭᠡᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠦᠷᠡᠰᠦᠨ ᠨᠡᠭᠦᠷᠡᠰᠦ ᠶᠢ ᠤᠬᠢᠶᠠᠨ ᠰᠢᠯᠢᠬᠦ ᠦᠢᠯᠡᠳᠭᠦᠨ ᠤ ᠥᠷᠲᠡᠭ ᠢ 200 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠤᠸᠠ ᠲᠦᠩ᠂ ᠪᠥᠸᠧ ᠶᠤᠸᠠᠨ᠂ ᠶᠢᠨ ᠰᠢᠩ ᠭᠠᠷᠠᠮ ᠤᠨ ᠠᠵᠢᠯᠯᠠᠭᠠᠨ ᠮᠠᠰᠢ ᠰᠠᠶᠢᠨ ᠪᠠᠶᠢᠵᠤ᠂ 1000 ᠲᠦᠮᠡᠨ ᠲᠣᠨ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠵᠤ ᠪᠠᠶᠢᠨ᠎ᠠ᠃ ᠳ᠋ᠠ ᠱᠧᠩ᠂ ᠰᠢᠨ ᠢ᠂ ᠮᠦ ᠽᠢ ᠭᠤᠷᠪᠠᠨ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠠᠷᠠᠯᠵᠢᠶᠠᠨ ᠤ ᠶᠡᠷᠦᠩᠬᠡᠢ ᠬᠡᠮᠵᠢᠶ᠎ᠡ 545 ᠲᠦᠮᠡᠨ ᠳ᠋ᠣᠯᠯᠠᠷ ᠲᠤ ᠬᠦᠷᠴᠡᠢ᠃ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠶᠢ ᠰᠢᠯᠵᠢᠭᠦᠯᠦᠨ ᠲᠡᠭᠡᠭᠡᠪᠦᠷᠢᠯᠡᠬᠦ ᠲᠥᠪ ᠲᠤ ᠬᠤᠪᠢᠶᠠᠷᠢᠯᠠᠨ ᠥᠭᠴᠦ᠂ ︽ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ · ᠰᠢᠩ ᠾᠧ ᠥᠷᠲᠡᠭᠡ︾ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃      ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠬᠦᠴᠦᠯᠡᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠢ ᠪᠦᠲᠦᠮᠵᠢᠲᠡᠢ ᠪᠣᠯᠪᠠ᠃      — ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠬᠢᠪᠡ᠃ ᠬᠤᠷᠢᠨ ᠵᠤᠷᠪᠤᠰ ᠪᠠ ᠰᠢᠨ᠎ᠡ ᠠᠷᠪᠠᠨ ᠵᠤᠷᠪᠤᠰ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠲᠡᠶᠢᠨ ᠢ ᠡᠷᠡᠰ ᠰᠠᠶᠢᠲᠤᠷ ᠬᠢᠵᠦ ᠢᠯᠠᠯᠲᠠ ᠣᠯᠵᠤ ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠦᠴᠦᠲᠡᠶ ᠪᠠᠲᠤᠯᠠᠬᠤ ᠬᠡᠷᠡᠭᠲᠡᠶ᠃ ᠴᠥᠮ᠎ᠡ ᠶᠢᠨ ᠬᠦᠴᠢᠯ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ 4 ᠪᠠᠶᠢᠭᠤᠯᠵᠤ᠂ ᠳᠥᠷᠪᠡᠯᠵᠢᠨ ᠥᠷᠥᠭᠡ ᠶᠢᠨ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠂ ᠴᠢᠬ ᠲᠣᠭᠲᠠᠭᠠᠨ ᠠᠪᠤᠷᠠᠨ ᠡᠮᠨᠡᠬᠦ ᠡᠮᠨᠡᠯᠭᠡ ᠶᠢᠨ ᠬᠤᠷᠢᠶ᠎ᠠ ᠶᠢ ᠦᠭᠡᠷᠡᠴᠢᠯᠡᠨ ᠲᠤᠰᠠᠭᠠᠷᠯᠠᠬᠤ ᠲᠠᠯᠠᠪᠤᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠰᠠᠭᠠᠷᠯᠠᠭᠰᠠᠳ ᠢ ᠨᠡᠶᠢᠳᠡ 2732 ᠬᠥᠮᠦᠨ ᠬᠦᠯᠢᠶᠡᠨ ᠠᠪᠴᠤ᠂ ᠰᠢᠯᠵᠢᠭᠦᠯᠦᠨ ᠵᠥᠭᠡᠭᠡᠪᠦᠷᠢᠯᠡᠭᠰᠡᠳ ᠢ 1954 ᠬᠥᠮᠦᠨ ᠬᠦᠯᠢᠶᠡᠨ ᠠᠪᠤᠪᠠ᠃ ᠣᠯᠠᠨ ᠲᠦᠮᠡᠨ ᠤ ᠪᠣᠳᠠᠲᠠᠶ ᠬᠦᠴᠢᠷᠳᠡᠯ ᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠬᠦᠴᠢᠷᠳᠡᠯᠲᠡᠶ ᠣᠯᠠᠨ ᠲᠦᠮᠡᠨ ᠢ 1500 ᠬᠥᠮᠦᠨ ᠤᠳᠠᠭ᠎ᠠ ᠠᠪᠤᠷᠠᠨ ᠲᠤᠰᠠᠯᠠᠵᠤ᠂ 420 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠪᠠᠯᠠ ᠮᠥᠩᠭᠦ᠂ 20 ᠭᠠᠷᠤᠶ ᠲᠣᠨ ᠠᠮᠢᠳᠤᠷᠠᠯ ᠤᠨ ᠡᠳ᠋ ᠪᠣᠳᠠᠰ ᠲᠠᠷᠬᠠᠭᠠᠪᠠ᠃ ᠨᠥᠬᠦᠴᠡᠯ ᠳᠤ ᠨᠡᠶᠢᠴᠡᠬᠦ ᠬᠠᠷᠠᠯᠲᠠᠲᠤ ᠬᠥᠮᠦᠰ ᠤᠨ ᠪᠥᠬᠦ ᠶᠠᠪᠤᠴᠠ ᠶᠢᠨ ᠲᠠᠷᠢᠯᠭ᠎ᠠ ᠶᠢᠨ ᠨᠣᠷᠮ᠎ᠠ ᠪᠠ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠨᠣᠷᠮ᠎ᠠ ᠶᠢ ᠴᠥᠮ 90% ᠳᠤ ᠬᠦᠷᠦᠭᠦᠯᠦᠨ᠎ᠡ᠃      — ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠥᠨᠳᠥᠷ ᠪᠦᠲᠦᠮᠵᠢᠲᠡᠢ ᠪᠠᠷ ᠵᠣᠯᠭᠠᠭᠤᠯᠤᠨ᠎ᠠ ᠃ ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠮᠥᠷᠳᠡᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠲᠠᠬᠢᠨ ᠶᠠᠳᠠᠭᠤᠷᠠᠬᠤ ᠲᠦᠭᠰᠢᠭᠦᠷᠢ ᠶᠢ 1005 ᠡᠷᠦᠬᠡ ᠶᠢᠨ 2092 ᠬᠥᠮᠦᠨ ᠢ ᠲᠣᠭᠲᠠᠭᠤᠨ ᠢᠶᠠᠷ ᠠᠷᠢᠯᠭᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 13728 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ᠂ ᠬᠤᠯᠪᠣᠭᠠᠯᠠᠨ ᠪᠠᠲᠤᠯᠠᠵᠤ ᠬᠤᠯᠪᠣᠭᠠᠯᠠᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 100% ᠳᠤ ᠬᠦᠷᠦᠭᠦᠯᠦᠨ᠎ᠡ᠃ ᠬᠥᠳᠡᠭᠡ ᠲᠣᠰᠬᠤᠨ ᠤ 131 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠬᠦ ᠳᠤ 330 ᠲᠦᠮᠡᠨ ᠲᠥᠭᠦᠷᠢᠭ ᠤᠨ ᠨᠥᠬᠦᠪᠥᠷᠢ ᠶᠢᠨ ᠪᠠᠯᠠ ᠮᠥᠩᠭᠦ ᠣᠯᠭᠤᠪᠠ᠃ ᠣᠨᠳᠣᠣ ᠭᠠᠵᠠᠷ ᠲᠤ ᠨᠡᠭᠦᠯᠭᠡᠵᠦ ᠲᠥᠪᠬᠢᠨᠡᠭᠦᠯᠬᠦ ᠴᠡᠭ ᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠰᠠᠭᠤᠴᠠ ᠶᠢᠨ ᠦᠯᠦ ᠬᠥᠳᠡᠯᠬᠦ ᠬᠦᠷᠦᠩᠭᠡ ᠶᠢᠨ ᠦᠨᠡᠮᠯᠡᠯ ᠢ 1739 ᠳᠡᠪᠲᠡᠷ ᠣᠯᠭᠤᠪᠠ᠃ ︽ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠪᠠᠲᠤᠯᠠᠪᠤᠷᠢ︾ ᠡᠩ ᠤᠨ 26506 ᠡᠷᠦᠬᠡ ᠶᠢ ᠬᠠᠮᠤᠷᠪᠠ᠃ ᠪᠥᠬᠦ ᠵᠢᠯ ᠳᠤ ᠵᠣᠯᠭᠠᠭᠤᠯᠬᠤ ᠪᠠᠯᠠ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ ᠪᠠ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠬᠠᠨᠳᠢᠪᠯᠠᠬᠤ ᠪᠠᠯᠠ ᠮᠥᠩᠭᠦ ᠶᠢ 2 ᠳ᠋ᠦᠩᠰᠢᠭᠤᠷ ᠲᠥᠭᠦᠷᠢᠭ ᠳᠣᠭᠢᠷᠠᠭᠤᠯᠵᠤ᠂ 100 ᠲᠥᠷᠥᠯ ᠵᠦᠢᠯ ᠢ ᠬᠡᠷᠡᠭᠵᠢᠭᠦᠯᠦᠨ᠎ᠡ᠃ ᠤᠯᠤᠰ ᠤᠨ ᠬᠡᠷᠡᠭᠯᠡᠭᠡᠨ ᠤ ᠶᠠᠳᠠᠭᠤ ᠶᠢ ᠲᠡᠳᠬᠦᠬᠦ 15 ᠵᠦᠢᠯ ᠤᠨ ᠦᠢᠯᠡᠳᠭᠦᠨ ᠢ ᠮᠠᠭᠠᠳᠯᠠᠨ ᠲᠣᠭᠲᠠᠭᠠᠵᠤ᠂ 1.75 ᠳ᠋ᠦᠩᠰᠢᠭᠤᠷ ᠲᠥᠭᠦᠷᠢᠭ ᠤᠨ ᠥᠷᠲᠡᠭ ᠢ ᠮᠠᠭᠠᠳᠯᠠᠨ ᠲᠣᠭᠲᠠᠭᠠᠵᠤ᠂ 5022 ᠲᠦᠮᠡᠨ ᠲᠥᠭᠦᠷᠢᠭ ᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠶᠢ ᠪᠡᠶᠡᠯᠡᠭᠦᠯᠪᠡ᠃ ᠰᠢᠶᠠᠨ ᠤ ᠱᠠᠲᠤᠨ ᠤ ᠵᠢᠱᠢᠶ᠎ᠡ ᠦᠵᠡᠭᠦᠯᠬᠦ ᠲᠣᠰᠬᠤᠨ ᠲᠣᠰᠬᠤᠨ ᠤ 21 ᠲᠥᠯᠥᠪᠵᠢᠭᠦᠯᠭᠡ ᠶᠢ ᠨᠠᠶᠢᠷᠠᠭᠤᠯᠤᠨ ᠪᠡᠶᠡᠯᠡᠭᠦᠯᠵᠦ᠂ ︽ᠰᠢᠩ ᠾᠧ ᠰᠢᠶᠠᠨ ᠤ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠣᠷᠣᠨ ᠰᠠᠭᠤᠴᠠ ᠶᠢᠨ ᠬᠦᠷᠢᠶ᠎ᠡ ᠬᠠᠰᠢᠶ᠎ᠠ ᠶᠢᠨ ᠵᠢᠷᠤᠭ ᠲᠥᠯᠥᠪᠯᠡᠭᠡ ᠶᠢᠨ ᠵᠢᠯᠣᠭᠤᠳᠤᠮᠵᠢ ᠵᠢᠷᠤᠭ︾ ᠤᠨ ᠵᠢᠷᠤᠭ ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ ᠶᠢ ᠪᠡᠶᠡᠯᠡᠭᠦᠯᠪᠡ᠃ ᠬᠥᠳᠡᠭᠡ ᠲᠣᠰᠬᠤᠨ ᠤ ᠵᠠᠰᠠᠮᠠᠯ ᠵᠠᠮ ᠢ 103 ᠺᠢᠯᠣᠮᠧᠲᠷ ᠪᠦᠳᠦᠭᠡᠨ ᠪᠠᠶᠢᠭᠤᠯᠵᠤ᠂ ᠬᠥᠳᠡᠭᠡ ᠲᠣᠰᠬᠤᠨ ᠤ 202 ᠤᠰᠤᠨ ᠵᠣᠷᠯᠣᠩ ᠢ ᠥᠭᠡᠷᠡᠴᠢᠯᠡᠨ ᠵᠠᠰᠠᠵᠤ᠂ 9 ᠬᠤᠣᠷ ᠦᠭᠡᠶᠢᠵᠢᠬᠦᠯᠦᠨ ᠰᠢᠢᠳᠪᠦᠷᠢᠯᠡᠬᠦ ᠰᠢᠲᠠᠭᠠᠬᠤ ᠵᠤᠤᠬ᠎ᠠ ᠶᠢ ᠪᠦᠳᠦᠭᠡᠨ ᠪᠠᠶᠢᠭᠤᠯᠪᠠ᠃ 336 ᠮᠦ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠲᠥᠷᠥᠯ ᠵᠦᠢᠯ ᠢ ᠬᠡᠷᠡᠭᠵᠢᠭᠦᠯᠵᠦ᠂ 2265 ᠮᠦ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢ ᠨᠥᠬᠦᠪᠥᠷᠢᠯᠡᠬᠦ ᠲᠥᠷᠥᠯ  ᠵᠦᠢᠯ ᠢ ᠰᠢᠯᠭᠠᠨ ᠬᠤᠷᠢᠶᠠᠵᠤ ᠳᠠᠭᠤᠰᠬᠠᠪᠠ᠃      — ᠬᠤᠳᠠ ᠪᠠᠯᠭᠠᠰᠤᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠠᠭᠤᠴᠢᠨ ᠬᠤᠳᠠ ᠶᠢᠨ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠣᠷ ᠢ 20 ᠺᠢᠯᠣᠮᠧᠲᠷ ᠰᠢᠨ᠎ᠡ ᠪᠠᠷ ᠪᠠᠶᠢᠭᠤᠯᠵᠤ ᠂ 23 ᠰᠠᠭᠤᠭᠠᠯᠢ ᠠᠷᠠᠳ ᠤᠨ ᠲᠣᠭᠤᠷᠢᠭ ᠲᠤ ᠲᠥᠪᠯᠡᠷᠡᠭᠦᠯᠦᠨ ᠢᠯᠴᠢ ᠬᠠᠩᠭᠠᠬᠤ ᠶᠢ ᠪᠡᠶᠡᠯᠡᠭᠦᠯᠪᠡ᠃ ᠰᠢᠨ᠎ᠡ ᠬᠤᠳᠠ ᠲᠣᠭᠤᠷᠢᠭ ᠤᠨ ᠤᠰᠤ ᠬᠠᠩᠭᠠᠬᠤ᠂ ᠪᠣᠬᠢᠷ ᠤᠰᠤ᠂ ᠢᠯᠴᠢ ᠬᠠᠩᠭᠠᠬᠤ ᠬᠤᠭᠤᠯᠠᠶ ᠶᠢᠨ ᠲᠣᠣᠷ ᠢ 22 ᠺᠢᠯᠣᠮᠧᠲᠷ ᠰᠢᠨ᠎ᠡ ᠪᠠᠷ ᠪᠠᠶᠢᠭᠤᠯᠪᠠ᠃ 7 ᠤᠰᠤ ᠪᠠᠷ ᠤᠬᠢᠶᠠᠬᠤ ᠵᠣᠷᠯᠣᠩ᠂ 50 ᠬᠠᠭᠤᠷᠠᠶ ᠵᠣᠷᠯᠣᠩ ᠢ ᠥᠭᠡᠷᠡᠴᠢᠯᠡᠨ᠎ᠡ᠃ 20 ᠲᠦᠮᠡᠨ ᠲᠡᠭᠰᠢ ᠳᠥᠷᠪᠡᠯᠵᠢᠨ ᠮᠧᠲᠷ ᠤᠨ ᠢᠵᠢ ᠪᠦᠷᠢᠨ ᠪᠤᠰᠤ ᠣᠷᠣᠨ ᠰᠠᠭᠤᠴᠠ ᠵᠢᠴᠢ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠵᠠᠰᠠᠵᠤ᠂ 1922 ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠪᠤᠴᠠᠭᠠᠨ ᠨᠡᠭᠦᠯᠭᠡᠬᠦ ᠠᠰᠠᠷ ᠤᠨ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠪᠡᠶ᠎ᠡ ᠴᠢᠭᠢᠷᠠᠭᠵᠢᠭᠤᠯᠬᠤ ᠰᠢᠨ᠎ᠡ ᠣᠷᠣᠨ ᠵᠠᠶ ᠶᠢ ᠥᠷᠭᠡᠳᠬᠡᠵᠦ᠂ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠮ ᠢ 7784 ᠮᠧᠲᠷ ᠲᠤ ᠰᠢᠨ᠎ᠡ ᠪᠠᠷ ᠪᠠᠶᠢᠭᠤᠯᠤᠨ᠎ᠠ᠃ 7100 ᠲᠡᠷᠭᠡᠨ ᠵᠣᠭᠰᠣᠭᠠᠯ ᠢ ᠵᠠᠭᠠᠭᠯᠠᠨ ᠲᠣᠭᠲᠠᠭᠠᠵᠤ᠂ ᠬᠤᠳᠠ ᠶᠢᠨ ᠲᠣᠭᠤᠷᠢᠭ ᠤᠨ ᠲᠡᠷᠭᠡᠨ ᠵᠣᠭᠰᠣᠭᠠᠯ ᠤᠨ ᠡᠮᠬᠢ ᠵᠢᠷᠤᠮ ᠲᠦᠢᠯ ᠤᠨ ᠶᠡᠭᠡ ᠪᠠᠷ ᠰᠠᠶᠢᠵᠢᠷᠠᠪᠠ᠃ 2.75 ᠲᠦᠮᠡᠨ ᠮᠥ ᠶᠢ ᠨᠣᠭᠤᠭᠠᠷᠠᠭᠤᠯᠤᠨ ᠣᠶᠢᠵᠢᠭᠤᠯᠵᠤ᠂ 8062 ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠦᠨ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 35.45% ᠳᠤ ᠬᠦᠷᠦᠭᠦᠯᠵᠦ᠂ ᠬᠥᠮᠦᠨ ᠪᠦᠷᠢ ᠶᠢᠨ ᠳᠤᠮᠳᠠᠴᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ 13.64 ᠲᠡᠭᠰᠢ ᠳᠥᠷᠪᠡᠯᠵᠢᠨ ᠮᠧᠲᠷ ᠲᠤ ᠬᠦᠷᠦᠭᠦᠯᠦᠨ᠎ᠡ᠃      — ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠢᠯᠡᠳᠲᠡ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ 2579 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.2% ᠤᠨ ᠳᠣᠲᠣᠷ᠎ᠠ ᠬᠢᠵᠠᠭᠠᠷᠯᠠᠪᠠ᠃ ᠠᠳᠠᠯ ᠦᠢᠯᠡᠰ ᠴᠣᠭᠴᠠᠯᠠᠬᠤ ᠵᠢᠭᠡᠯᠡᠯᠭᠡ᠂ ᠱᠠᠩᠨᠠᠯ ᠨᠥᠬᠦᠪᠥᠷᠢ ᠶᠢᠨ ᠪᠠᠯᠠ ᠮᠥᠩᠭᠦ 774 ᠲᠦᠮᠡᠨ ᠲᠥᠭᠦᠷᠢᠭ ᠲᠠᠷᠬᠠᠭᠠᠪᠠ᠃ DIP ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠢᠯᠳᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠡᠭᠦᠳᠡᠨ ᠡᠮᠨᠡᠯᠭᠡ ᠶᠢ ᠬᠠᠮᠲᠤ ᠪᠠᠷ ᠬᠠᠷᠠᠭᠠᠯᠵᠠᠬᠤ ᠪᠠᠲᠤᠯᠠᠭ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦᠬᠤᠳᠠ ᠬᠥᠳᠡᠭᠡ ᠶᠢᠨ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠵᠤ᠂ 52496 ᠬᠥᠮᠦᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠦᠷᠳᠡᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠶᠢ 1.4 ᠳ᠋ᠦᠩᠰᠢᠭᠤᠷ ᠲᠥᠭᠦᠷᠢᠭ ᠲᠠᠷᠬᠠᠭᠠᠪᠠ᠃ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ 17 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ 516 ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠰᠠᠶᠢᠵᠢᠷᠠᠭᠤᠯᠤᠨ ᠳᠡᠭᠡᠭᠰᠢᠯᠡᠭᠦᠯᠵᠦ᠂ 1467 ᠡᠷᠦᠬᠡ ᠲᠠᠷᠢᠶᠠᠴᠢᠨ ᠡᠷᠦᠬᠡ ᠶᠢᠨ ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠤᠯᠵᠤ᠂ 4860 ᠡᠷᠦᠬᠡ ᠰᠠᠭᠤᠭᠠᠯᠢ ᠠᠷᠠᠳ ᠤᠨ ᠡᠪᠦᠯ ᠤᠨ ᠤᠯᠠᠷᠢᠯ ᠳᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠪᠡ᠃ 7 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠡᠭᠡ ᠰᠤᠷᠭᠠᠭᠤᠯᠢ ᠲᠡᠭᠦᠰᠦᠭᠰᠡᠨ 71 ᠰᠢᠯᠢᠳᠡᠭ ᠤᠶᠤᠲᠠᠳ ᠢ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠲᠡᠭᠦᠯᠳᠡᠷᠵᠢᠭᠦᠯᠪᠡ᠃ ᠰᠢᠶᠠᠨ ᠤ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠲᠤᠮᠤ ᠠᠰᠠᠷ ᠢ ᠠᠰᠢᠭᠯᠠᠯᠲᠠ ᠳᠤ ᠣᠷᠣᠭᠤᠯᠵᠤ᠂ 9 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠢᠲᠠᠳ ᠡᠮᠨᠡᠯᠭᠡ ᠶᠢᠨ ᠣᠷᠳᠣᠨ ᠤ ᠪᠦᠳᠦᠭᠡᠨᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠮᠦᠽᠧᠶ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠤᠯᠠᠨ ᠵᠦᠢᠯ ᠤᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠲᠥᠪ ᠢ ᠪᠠᠶᠢᠭᠤᠯᠪᠠ᠃ ︽ᠰᠤᠮᠤ ᠠᠭᠤᠯᠠ︾ ︽ᠴᠡᠷᠢᠭ ᠠᠷᠠᠳ ᠤᠨ ᠵᠢᠭᠠᠰᠤ ᠤᠰᠤᠨ ᠤ ᠪᠠᠶᠢᠳᠠᠯ︾ ᠵᠡᠷᠭᠡ ᠨᠢᠭᠡ ᠪᠦᠯᠦᠭ ᠰᠢᠯᠢᠳᠡᠭ ᠵᠦᠴᠦᠭᠡ ᠶᠢᠨ ᠪᠦᠲᠦᠭᠡᠯ ᠤᠳ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠰᠠᠶᠢᠰᠢᠶᠠᠯ ᠢ ᠭᠥᠷᠳᠡᠪᠡ᠃ ᠣᠷᠣᠰᠢᠭᠤᠯᠭ᠎ᠠ ᠶᠢᠨ ᠭᠠᠵᠠᠷ ᠢ ᠠᠰᠢᠭᠯᠠᠯᠲᠠ ᠳᠤ ᠣᠷᠣᠭᠤᠯᠵᠤ᠂ ᠰᠢᠶᠠᠨ ᠰᠢᠶᠠᠩ ᠭᠠᠴᠠᠭᠠᠨ ᠤ ᠭᠤᠷᠪᠠᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ 14 ᠨᠡᠶᠢᠲᠡ ᠶᠢᠨ ᠤᠩᠭᠤᠨ ᠢ ᠪᠠᠶᠢᠭᠤᠯᠵᠤ ᠳᠠᠭᠤᠰᠬᠠᠪᠠ᠃      ᠨᠢᠭᠡ ᠵᠢᠯ ᠤᠨ ᠲᠤᠷᠰᠢ᠂ ᠪᠢᠳᠡ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢ ᠨᠡᠩ ᠲᠣᠭᠲᠠᠭᠤᠨ ᠪᠣᠯᠭᠠᠪᠠ᠃      — ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠪᠠ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠲᠣᠭᠲᠠᠭᠤᠨ ᠪᠠᠶᠢᠨ᠎ᠠ᠃ ᠰᠤᠮᠤᠨ ᠠᠭᠤᠯᠠ ᠶᠢᠨ ᠣᠶ ᠰᠢᠭᠤᠶ ᠶᠢᠨ ᠴᠡᠴᠡᠷᠯᠢᠭ ᠤᠨ ᠭᠠᠯ ᠰᠡᠷᠭᠡᠶᠢᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠥᠪᠡᠷ ᠲᠡᠭᠡᠨ ᠬᠡᠷ ᠪᠠᠶᠢᠰᠢᠩ ᠪᠠᠷᠢᠬᠤ ᠪᠠ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ᠂ ᠬᠠᠮᠲᠤᠯᠢᠭ ᠤᠨ ᠰᠤᠷᠪᠤᠯᠵᠢᠯᠠᠭ᠎ᠠ᠂ ᠱᠠᠳᠤ ᠠᠯᠤᠰᠯᠠᠨ ᠰᠤᠷᠪᠤᠯᠵᠢᠯᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ︽ᠭᠤᠷᠪᠠ ᠶᠢ ᠪᠠᠭᠤᠷᠠᠭᠤᠯᠵᠤ ᠨᠢᠭᠡ ᠶᠢ ᠰᠠᠶᠢᠵᠢᠷᠠᠭᠤᠯᠬᠤ︾ ᠶᠢ ᠪᠡᠶᠡᠯᠡᠭᠦᠯᠪᠡ᠃ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠶᠡᠭᠡ ᠰᠤᠷᠭᠠᠭᠤᠯᠢ ᠲᠡᠭᠦᠰᠦᠭᠰᠡᠨ 98 ᠰᠢᠯᠢᠳᠡᠭ ᠤᠶᠤᠲᠠᠳ ᠢ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠲᠤ ᠲᠡᠭᠦᠯᠳᠡᠷᠵᠢᠭᠦᠯᠵᠦ᠂ ᠰᠢᠩ ᠬᠤᠸᠠ ᠨᠡᠶᠢᠭᠡᠮ ᠲᠣᠭᠤᠷᠢᠭ ᠢ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠲᠤ ᠰᠣᠩᠭᠤᠪᠠ᠃ ︽ᠤᠯᠠᠭᠠᠨ ᠠᠨᠠᠷ ᠤᠨ ᠬᠡᠷ ᠣᠷᠣᠨ︾ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠵᠤ᠂ ᠰᠢᠩ ᠬᠤᠸᠠ ᠨᠡᠶᠢᠭᠡᠮ ᠲᠣᠭᠤᠷᠢᠭ ᠨᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠᠷ ᠦᠨᠡᠯᠡᠭᠳᠡᠵᠦ᠂ ᠤᠯᠠᠭᠠᠨᠮᠥ᠋ᠴᠢᠷ ᠨᠢ ᠨᠠᠢᠮᠠᠳᠤᠭᠠᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠲᠦᠯᠬᠢᠨ ᠠᠬᠢᠭᠤᠯᠵᠤ᠂ ᠪᠦᠬᠦ ᠵᠢᠯ ᠳᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 2 ᠳ᠋ᠦᠩᠰᠢᠭᠤᠷ ᠭᠠᠷᠤᠶ ᠲᠥᠭᠦᠷᠢᠭ ᠠᠷᠢᠯᠭᠠᠪᠠ᠃ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠠᠵᠢᠯ ᠢ ᠲᠦᠯᠬᠢᠨ ᠠᠬᠢᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠷᠠᠭᠠᠯᠵᠠᠯ ᠤᠨ ᠦᠨᠡᠮᠯᠡᠯ ᠢ 4100 ᠣᠯᠭᠤᠪᠠ᠃ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠪᠠ ᠬᠠᠯᠠᠮᠵᠢᠯᠠᠨ ᠬᠠᠶᠢᠷᠠᠯᠠᠬᠤ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠵᠢᠱᠢᠶ᠎ᠡ ᠦᠵᠡᠭᠦᠯᠬᠦ ᠰᠢᠶᠠᠨ ᠢ ᠬᠢᠨᠠᠨ ᠪᠤᠳᠤᠬᠤ᠂ ᠪᠦᠷᠢᠳᠬᠡᠬᠦ᠂ ᠲᠠᠩᠰᠠ ᠡᠪᠬᠡᠮᠡᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠲᠡᠤᠬᠡ ᠣᠶᠢᠯᠠᠯᠭ᠎ᠠ᠂ ᠱᠠᠰᠢᠨ ᠰᠤᠷᠲᠠᠬᠤᠨ᠂ ᠰᠣᠨᠢᠨ ᠮᠡᠳᠡᠭᠡ ᠷᠠᠳᠢᠣ᠋ ᠲᠧᠯᠸᠢᠰ ᠵᠡᠷᠭᠡ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠬᠡᠤᠬᠡᠳ᠂ ᠨᠠᠰᠤᠲᠠᠶᠢᠴᠤᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ᠂ ᠡᠷᠲᠡ ᠴᠢᠯᠥᠭᠡᠯᠡᠭᠳᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢᠨ ᠦᠢᠯᠡᠰ ᠢ ᠡᠷᠡᠭᠦᠯ ᠢᠶᠠᠷ ᠬᠥᠭᠵᠢᠭᠦᠯᠪᠡ᠃      — ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠪᠠᠬᠢᠵᠢᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠬᠢᠷᠲᠤᠭᠤᠯᠤᠯ ᠶᠡᠬᠡᠲᠡᠶ ᠵᠦᠢᠯᠡᠰ ᠤᠨ ᠣᠷᠣᠬᠤ ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠠᠳᠬᠤᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠰᠢᠯᠵᠢᠭᠦᠯᠦᠨ ᠰᠢᠢᠳᠪᠦᠷᠢᠯᠡᠭᠦᠯᠬᠦ ᠬᠡᠷᠡᠭ ᠢ ᠪᠦᠬᠦᠨ ᠢ ᠰᠢᠢᠳᠪᠦᠷᠢᠯᠡᠨ ᠳᠠᠭᠤᠰᠬᠠᠵᠤ᠂ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠥᠭᠡᠷᠡᠴᠢᠯᠡᠬᠦ ᠡᠭᠦᠷᠭᠡ ᠶᠢ ᠪᠦᠬᠦᠨ ᠢ ᠪᠡᠶᠡᠯᠡᠭᠦᠯᠪᠡ᠃ ᠡᠪᠦᠯ ᠤᠨ ᠣᠯᠧᠮᠫᠢᠺ ᠴᠤᠭᠯᠠᠭᠠᠨ᠂ ᠡᠪᠦᠯ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠪᠠᠲᠤᠯᠠᠬᠤ ᠡᠭᠦᠷᠭᠡ ᠶᠢ ᠤᠷᠤᠭᠰᠢᠲᠠᠶ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 97% ᠠᠴᠠ ᠳᠡᠭᠡᠭᠰᠢ ᠳᠤ ᠬᠥᠷᠪᠡ᠃ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠠᠯᠤᠰ ᠡᠵᠡᠮᠰᠢᠯᠲᠦ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠵᠦᠢᠯᠡᠰ ᠢ ᠲᠦᠷᠭᠡᠪᠴᠢᠯᠡᠨ ᠲᠦᠯᠬᠢᠨ ᠠᠬᠢᠭᠤᠯᠪᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠬᠡᠮᠵᠢᠯᠲᠡ ᠶᠢᠨ 2380 ᠢᠵᠢ ᠲᠥᠬᠦᠭᠡᠷᠦᠮᠵᠢ ᠶᠢ ᠤᠭᠰᠠᠷᠠᠪᠠ᠃ ᠰᠦᠯᠢᠶᠣᠣ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠴᠥᠮ 85% ᠠᠴᠠ ᠳᠡᠭᠡᠭᠰᠢ ᠳᠤ ᠬᠦᠷᠦᠭᠦᠯᠦᠨ᠎ᠡ᠃ 41 ᠡᠾᠤᠺᠲ᠋ᠠᠷ ᠠᠭᠤᠷᠬᠠᠶ ᠶᠢ ᠰᠡᠷᠭᠦᠭᠡᠨ ᠵᠠᠰᠠᠬᠤ ᠶᠢ ᠪᠡᠶᠡᠯᠡᠭᠦᠯᠪᠡ᠃      ᠨᠢᠭᠡ ᠵᠢᠯ ᠤᠨ ᠲᠤᠷᠰᠢ᠂ ᠪᠢᠳᠡ ᠰᠤᠷᠲᠠᠯ ᠢᠶᠠᠨ ᠬᠤᠪᠢᠷᠠᠭᠤᠯᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠲᠠᠢ ᠤᠶᠠᠯᠳᠤᠭᠤᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠲᠦᠯᠬᠢᠨ ᠠᠬᠢᠭᠤᠯᠤᠨ᠎ᠠ᠃ ︽ᠲᠠᠪᠤ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠠᠵᠢᠯᠯᠠᠭ᠎ᠠ ᠶᠢ ᠲᠦᠯᠬᠢᠨ ᠠᠬᠢᠭᠤᠯᠵᠤ᠂ ᠦᠯᠦ ᠬᠥᠳᠡᠯᠬᠦ ᠬᠦᠷᠦᠩᠭᠡ ᠶᠢᠨ ᠠᠷᠠᠯᠵᠢᠶ᠎ᠠ ᠬᠢᠭᠡᠳ ᠤᠰᠤ ᠴᠠᠬᠢᠯᠭᠠᠨ ᠬᠡᠢ ᠳᠤᠯᠠᠭᠠᠯᠠᠭ᠎ᠠ ᠶᠢ ᠡᠷᠦᠬᠡ ᠰᠢᠯᠵᠢᠭᠦᠯᠬᠦ ᠵᠡᠷᠭᠡ 6 ᠰᠣᠳᠣᠨ ᠪᠦᠲᠦᠭᠡᠯ ᠢ ᠨᠢᠭᠡ ᠶᠠᠪᠤᠳᠠᠯ ᠢᠶᠠᠷ ︽ᠠᠯᠠᠭᠠᠨ ᠳᠡᠭᠡᠷ᠎ᠡ ᠪᠠᠨ ᠰᠢᠢᠳᠪᠦᠷᠢᠯᠡᠬᠦ︾ ᠶᠢ ᠪᠡᠶᠡᠯᠡᠭᠦᠯᠪᠡ᠃ ︽ᠰᠡᠳᠬᠢᠯ ᠢ ᠳᠤᠯᠠᠭᠠᠴᠠᠭᠤᠯᠬᠤ ᠵᠠᠰᠠᠭ ᠤᠨ ᠶᠠᠪᠤᠳᠠᠯ︾ ᠭᠡᠬᠦ ᠸᠢᠴᠠᠲ ᠤᠨ ᠣᠯᠠᠨ ᠨᠡᠶᠢᠲᠡ ᠶᠢᠨ ᠲᠠᠪᠴᠠᠩ᠂ 7212345 ᠦᠢᠯᠡᠴᠢᠯᠡᠭᠡᠨ ᠤ ᠬᠠᠯᠠᠭᠤᠨ ᠤᠲᠠᠰᠤ ᠵᠢᠩᠬᠢᠨᠢ ᠪᠠᠷ ᠠᠰᠢᠭᠯᠠᠯᠲᠠ ᠳᠤ ᠣᠷᠣᠪᠠ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 1114 ᠮᠥ ᠭᠠᠵᠠᠷ ᠰᠢᠷᠣᠶ ᠶᠢ ᠰᠢᠩᠭᠡᠭᠡᠨ ᠠᠮᠢᠳᠤᠯᠢᠭ ᠪᠣᠯᠭᠠᠵᠤ᠂ 3200 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠢᠯᠭᠠᠷᠠᠭᠤᠯᠤᠨ ᠲᠤᠰᠢᠶᠠᠪᠠ᠃ ᠠᠷᠠᠳᠴᠢᠯᠠᠯ ᠲᠥᠪᠯᠡᠷᠡᠯ ᠤᠨ ᠶᠣᠰᠣ ᠶᠢ ᠬᠢᠨᠠᠮᠠᠭᠠᠶ ᠲᠤᠤᠱᠯᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠪᠠᠷ ᠰᠢᠢᠳᠪᠦᠷᠢᠳᠦ ᠪᠤᠳᠤᠯᠭ᠎ᠠ ᠲᠣᠭᠲᠠᠭᠠᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠢᠷᠤᠮᠵᠢᠭᠰᠠᠨ ᠤᠶᠤᠨᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠢ ᠬᠤᠷᠢᠶᠠᠪᠠ᠃      ᠡᠳᠡᠭᠡᠷ ᠠᠮᠵᠢᠯᠲᠠ ᠶᠢ ᠤᠯᠬᠤ ᠳᠤ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ  ᠰᠢᠢᠳᠪᠦᠷᠢᠳᠦ ᠪᠤᠳᠤᠯᠭ᠎ᠠ ᠲᠣᠭᠲᠠᠭᠠᠬᠤ ᠠᠴᠠ ᠰᠠᠯᠵᠤ ᠴᠢᠳᠠᠬᠤ ᠦᠭᠡᠢ ᠶᠤᠮ︕ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠦᠴᠦᠲᠡᠶ ᠬᠢᠨᠠᠯᠲᠠ᠂ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠪᠦᠬᠦ ᠰᠢᠶᠠᠨ ᠤ ᠠᠷᠠᠳ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠴᠢᠩ ᠦᠨᠡᠨᠴᠢ ᠪᠠᠷ ᠪᠦᠯᠬᠦᠮᠳᠡᠵᠦ᠂ ᠬᠦᠴᠦ ᠪᠠᠨ ᠬᠠᠮᠲᠤᠳᠬᠠᠨ ᠪᠡᠷᠬᠡ ᠰᠡᠳᠦᠪ ᠢ  ᠰᠢᠢᠳᠪᠦᠷᠢᠯᠡᠬᠦ  ᠠᠴᠠ ᠰᠠᠯᠵᠤ ᠴᠢᠳᠠᠬᠤ ᠦᠭᠡᠢ ᠶᠤᠮ︕ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠶ ᠪᠠᠷ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ᠂ ᠵᠠᠰᠠᠭ ᠤᠨ ᠣᠷᠳᠣᠨ ᠤ ᠠᠵᠢᠯ ᠳᠤ ᠬᠢᠨᠠᠯᠲᠠ ᠳᠡᠮᠵᠢᠯᠭᠡ ᠦᠵᠡᠭᠦᠯᠵᠦ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠪᠠ ᠮᠠᠨ ᠤ ᠰᠢᠶᠠᠨ ᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠳᠤ ᠣᠷᠣᠯᠴᠠᠵᠤ ᠴᠢᠷᠮᠠᠶᠢᠨ ᠲᠡᠮᠡᠴᠡᠭᠰᠡᠳ᠂ ᠬᠦᠰᠡᠯ ᠵᠡᠭᠦᠳᠦ ᠪᠠᠨ ᠬᠥᠭᠡᠭᠡᠴᠡᠯᠳᠦᠭᠴᠢᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠡ᠂ ᠤᠷᠤᠭᠰᠢᠯᠠᠯᠲᠠ ᠶᠢᠨ ᠵᠠᠮ ᠳᠡᠭᠡᠷ᠎ᠡ᠂ ᠣᠳᠣᠬᠠᠨ ᠳᠤ ᠮᠠᠨ ᠤ ᠰᠢᠶᠠᠨ ᠤ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠤᠪᠤᠶᠢᠮ᠎ᠠ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠵᠠᠶ᠂ ᠡᠭᠦᠨ ᠤ ᠭᠤᠣᠯ ᠢᠯᠡᠷᠡᠯ ᠭᠡᠪᠡᠯ᠄ ᠬᠥᠭᠵᠢᠯᠲᠡ ᠶᠢᠨ ᠰᠠᠭᠤᠷᠢ ᠪᠠᠰᠠ ᠪᠠᠲᠤ ᠪᠠᠬᠢ ᠪᠢᠰᠢ᠂ ᠰᠢᠨ᠎ᠡ ᠪᠠᠷ ᠬᠥᠭᠵᠢᠭᠰᠡᠨ ᠠᠵᠤ ᠦᠢᠯᠡᠰ ᠬᠠᠷᠠᠬᠠᠨ ᠬᠦᠴᠦᠷᠬᠡᠭ ᠲᠤᠯᠭᠠᠭᠤᠷᠢᠯᠠᠯ ᠪᠤᠯᠵᠤ ᠪᠦᠷᠢᠯᠳᠦᠭᠡᠳᠦᠶ︔ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠭᠰᠠᠨ ᠦᠭᠡᠢ᠂ ᠪᠡᠯᠡ ᠣᠷᠣᠭᠤᠯᠤᠯᠲᠠ ᠶᠢᠨ ᠨᠡᠮᠡᠭᠳᠡᠯ ᠳᠤ ᠮᠥᠨ ᠯᠡ ᠬᠦᠴᠦ ᠨᠡᠮᠡᠬᠦ ᠴᠢᠬᠤᠯᠠᠲᠠᠶ ᠪᠠᠶᠢᠨ᠎ᠠ︔ ᠬᠤᠳᠠ ᠶᠢᠨ ᠰᠢᠨᠡᠳᠬᠡᠯ ᠤᠳᠠᠭᠠᠨ᠂ ᠬᠠᠮᠢᠶᠠᠷᠤᠯᠲᠠ ᠨᠠᠷᠢᠯᠢᠭ ᠪᠢᠰᠢ᠂ ᠬᠤᠳᠠ ᠶᠢᠨ ᠠᠮᠢᠵᠢᠷᠠᠯ ᠤᠨ ᠬᠦᠴᠦᠨ᠂ ᠲᠠᠲᠠᠬᠤ ᠬᠦᠴᠦᠨ ᠴᠢᠩᠭ᠎ᠠ ᠪᠢᠰᠢ︔ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠥᠷᠭᠡᠨ ᠪᠢᠰᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠳᠤᠲᠠᠭᠤᠳᠠᠯ ᠪᠠᠭᠤᠷᠠᠢ ᠵᠦᠢᠯ ᠣᠷᠣᠰᠢᠵᠤ᠂ ᠤᠯᠠᠨ ᠲᠦᠮᠡᠨ ᠤ ᠵᠠᠷᠢᠮ ︽ᠪᠠᠴᠢᠮᠳᠠᠬᠤ ᠳᠤ ᠬᠦᠴᠢᠷᠳᠡᠬᠦ ᠳᠤ ᠵᠣᠪᠠᠭ᠋ᠤ︾ ᠠᠰᠠᠭᠤᠳᠠᠯ ᠢ ᠪᠠᠰᠠ ᠦᠨᠳᠦᠰᠦᠨ ᠠᠴᠠ ᠨᠢ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠭᠠᠷ︔ ᠬᠡᠰᠡᠭ ᠺᠠᠳ᠋ᠷᠴᠤᠳ ᠤᠨ ᠰᠤᠷᠲᠠᠯ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠯᠡ ᠰᠠᠶᠢᠵᠢᠷᠠᠭᠤᠯᠤᠨ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠪᠥᠬᠦ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ ᠨᠡᠮᠡᠭᠳᠡᠯ ᠤᠨ ᠬᠤᠷᠳᠤᠴᠠ ᠨᠢ ᠵᠢᠱᠢᠭᠰᠡᠨ ᠬᠠᠷᠠᠯᠲᠠ ᠲᠠᠢ ᠪᠠᠨ ᠪᠠᠰᠠᠡᠭᠦᠨ ᠳᠤ ᠪᠢᠳᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠠᠶᠠᠨ ᠵᠠᠮ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃      ᠬᠤᠶᠠᠷ᠂ 2023 ᠣᠨ ᠤ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ      ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠲᠡᠷᠡ ᠨᠢ ᠲᠦᠢᠯ ᠤᠨ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢ ᠡᠭᠦᠷᠭᠡᠯᠡᠵᠦ᠂ ᠰᠠᠶᠢᠨ ᠡᠬᠢᠯᠡᠯᠲᠡ ᠲᠠᠢ ᠰᠠᠶᠢᠨ ᠠᠯᠬᠤᠴᠠ ᠲᠠᠢ ᠪᠣᠯᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠳᠤ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠨᠡᠮᠡᠭᠳᠡᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠤᠪᠤᠶᠢᠮ᠎ᠠ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠲᠤᠪᠤᠶᠢᠯᠭᠠᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠶᠡᠭᠡ ᠠᠵᠤ ᠠᠬᠤᠶ︾ ᠶᠢ ᠬᠦᠴᠦᠯᠡᠨ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠶ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠨᠡᠩ ᠶᠡᠭᠡ ᠬᠥᠭᠵᠢᠯ ᠪᠠ ᠬᠤᠪᠢ ᠨᠡᠮᠡᠷᠢ ᠦᠵᠡᠭᠦᠯᠦᠨ᠎ᠡ᠃      ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6% ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 7% ᠣᠷᠴᠢᠮ ᠢᠶᠠᠷ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6% ᠣᠷᠴᠢᠮ ᠢᠶᠠᠷ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 9% ᠣᠷᠴᠢᠮ ᠢᠶᠠᠷ ᠨᠡᠮᠡᠭᠳᠡᠭᠦᠯᠦᠨ᠎ᠡ᠃ ᠤᠯᠠᠭᠠᠨᠴᠠᠪ ᠬᠤᠲᠠ ᠶᠢᠨ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃      ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠤᠷᠠᠬᠢ ᠵᠢᠷᠭᠤᠭᠠᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠨ᠎ᠠ᠄      ︵ᠨᠢᠭᠡ︶ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠲᠣᠭᠤᠷᠢᠭ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠥᠬᠡᠶ ᠳᠣᠭᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ ᠮᠠᠨ ᠤ ᠰᠢᠶᠠᠨ ᠤ ᠳᠠᠪᠠᠭᠤᠯᠢᠭ ᠣᠷᠣᠨ ᠪᠠᠶᠢᠷᠢ ᠂ ᠰᠢᠯᠢᠳᠡᠭ ᠠᠭᠤᠷ ᠠᠮᠢᠰᠬᠤᠯ᠂ ᠰᠢᠯᠢᠳᠡᠭ ᠡᠬᠢ ᠪᠠᠶᠠᠯᠢᠭ ᠲᠤ ᠰᠠᠭᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠬᠦ ᠶᠢᠨ ᠲᠣᠭᠤᠷᠢᠨ ᠳᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃      ︽ᠢᠳᠡᠰᠢᠨ ᠨᠣᠭᠤᠭ᠎ᠠ ᠶᠢᠨ ᠲᠣᠮᠣ ᠬᠦᠷᠢᠶᠡᠯᠡᠩ︾ ᠤᠨ ᠪᠥᠲᠥᠭᠡᠨ ᠪᠠᠶᠢᠭᠤᠯᠤᠯᠲᠠ ᠶᠢ ᠣᠨᠴᠠᠯᠢᠬᠵᠢᠭᠤᠯᠬᠤ ᠬᠡᠪᠴᠢᠶᠡᠵᠢᠭᠦᠯᠬᠦ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠠᠬᠢᠵᠢᠭᠦᠯᠵᠦ᠂ ᠲᠠᠷᠢᠶᠠᠯᠠᠩ ᠤᠨ ᠪᠤᠰᠤ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠ ᠠᠲᠠᠷᠰᠢᠭᠤᠯᠤᠭᠰᠠᠨ ᠭᠠᠵᠠᠷ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠠᠮᠤ ᠪᠤᠳᠠᠭ᠎ᠠ ᠳᠠᠷᠢᠬᠤ ᠲᠠᠯᠠᠪᠠᠶ ᠶᠢ 90 ᠲᠦᠮᠡᠨ ᠮᠥ ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠶᠡᠷᠦᠩᠬᠡᠶ ᠤᠨᠠᠯᠲᠠ ᠶᠢ 2.5 ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ ᠠᠵᠢᠯᠯᠠᠭ᠎ᠠ︾ ᠶᠢ ᠬᠡᠷᠡᠭᠵᠢᠭᠦᠯᠵᠦ᠂ ᠨᠢᠭᠡ ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠡᠭᠡᠵᠢᠩ ᠲᠢᠶᠠᠨᠵᠢᠨ ᠾᠧᠪᠧᠶ ᠶᠢᠨ ᠳᠡᠭᠡᠳᠦ ᠲᠠᠰ ᠤᠨ ᠵᠠᠬ᠎ᠠ ᠳᠡᠯᠭᠡᠭᠦᠷ ᠲᠠᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ︽ᠲᠥᠪ ᠲᠣᠭᠤᠭᠠᠨ ᠬᠡᠷ︾ ᠢ ᠪᠥᠲᠥᠭᠡᠨ ᠪᠠᠶᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠵᠤ᠂ ᠵᠢᠯ ᠤᠨ ᠳᠣᠲᠣᠷ᠎ᠠ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠬᠦᠶ᠋ᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠪᠠᠶᠢᠭᠤᠯᠤᠨ ᠪᠦᠲᠦᠭᠡᠬᠦ ᠶᠢᠨ ᠬᠠᠮᠲᠤ 60 ᠲᠦᠮᠡᠨ ᠠᠯᠠᠰᠢᠨ ᠬᠤᠨᠢ ᠶᠢ ᠲᠡᠵᠢᠭᠡᠨ ᠦᠷᠡᠵᠢᠭᠦᠯᠵᠦ ᠨᠢᠲᠤᠯᠬᠤ ᠶᠢ ᠠᠬᠢᠭᠤᠯᠵᠤ᠂ ᠤᠮᠠᠷᠠᠲᠤ ᠶᠢᠨ ᠠᠲᠠᠷ ᠭᠠᠵᠠᠷ ᠤᠨ ᠵᠢᠯ ᠳᠤ 3 ᠲᠦᠮᠡᠨ ᠲᠣᠨ ᠲᠥᠮᠥᠰᠥ ᠶᠢᠨ ᠴᠠᠷᠳᠠᠭᠤᠯ ᠦᠢᠯᠡᠳᠪᠦᠷᠢᠯᠡᠬᠦ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠭᠤᠸᠠᠩ ᠾᠧᠩ ᠤᠨ 1.5 ᠲᠦᠮᠡᠨ ᠰᠠᠭᠠᠯᠢ ᠶᠢᠨ ᠦᠨᠢᠶ᠎ᠡ ᠶᠢᠨ ᠬᠡᠪᠴᠢᠶᠡᠵᠢᠭᠦᠯᠦᠭᠰᠡᠨ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠱᠸᠤ ᠨᠦᠩ ᠪᠦᠯᠦᠭᠯᠡᠯ ᠤᠨ ᠤᠷᠢᠳᠴᠢᠯᠠᠨ ᠬᠢᠭᠰᠡᠨ ᠨᠣᠭᠤᠭ᠎ᠠ ᠶᠢᠨ ᠲᠥᠷᠥᠯ ᠵᠦᠢᠯ ᠲᠠᠢ ᠢᠳᠡᠪᠬᠢᠲᠡᠶ ᠵᠣᠯᠭᠠᠭᠤᠯᠵᠤ᠂ ᠳᠤᠮᠳᠠᠳᠤ ᠤᠯᠤᠰ ᠤᠨ ᠬᠠᠩᠭᠠᠨ ᠪᠣᠷᠣᠯᠠᠭᠤᠯᠬᠤ ᠪᠦᠯᠦᠭᠯᠡᠯ ᠤᠨ ᠤᠮᠠᠷᠠᠲᠤ ᠶᠢᠨ ᠴᠤᠭᠯᠠᠭᠤᠯᠭ᠎ᠠ ᠶᠢᠨ ᠲᠥᠪ ᠲᠤ ᠡᠷᠦᠬᠡ ᠠᠮᠠ ᠣᠷᠣᠭᠤᠯᠵᠤ ᠰᠢᠩ ᠾᠧ ᠳᠤ ᠡᠷᠦᠬᠡ ᠠᠮᠠ ᠣᠷᠣᠭᠤᠯᠬᠤ ᠪᠠᠷ ᠴᠢᠷᠮᠠᠶᠢᠵᠤ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡ ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠴᠠᠬᠠᠷ ᠨᠠᠭᠤᠷ ᠤᠨ ᠤᠯᠤᠰ ᠤᠨ ᠲᠠᠰ ᠤᠨ ᠤᠰᠤᠨ ᠤ ᠭᠠᠷᠤᠯᠲᠠ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠮᠢᠩ ᠰᠢᠩ᠂ ᠰᠢᠶᠦ᠋ᠩ ᠹᠤᠩ᠂ ᠳ᠋ᠠ ᠪᠸᠢ ᠨᠦᠩ᠂ ᠴᠠᠷ ᠨᠠᠭᠤᠷ᠂ ᠾᠧ ᠣᠪᠣᠭᠲᠤ ᠶᠢᠨ ᠠᠮᠤ ᠲᠣᠰᠣ᠂ ᠲᠦᠩ ᠾᠧᠩ ᠠᠮᠤ ᠲᠣᠰᠣ ᠶᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠵᠤ  ᠦᠢᠯᠡᠰᠵᠢᠯᠲᠡ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠡᠭᠦᠳᠦᠨ ᠪᠠᠶᠢᠭᠤᠯᠵᠤ᠂ ᠫᠦ ᠢᠦᠶ᠂ ᠴᠤᠸᠠᠨ ᠱᠦᠨ᠂ ᠬᠤᠸᠠ ᠬᠤᠸᠠ᠂ ᠵᠢᠤᠢ ᠬᠤᠩ ᠶᠤᠸᠠᠨ ᠤ ᠬᠤᠲᠠ ᠶᠢᠨ ᠲᠠᠷᠢᠶᠠᠯᠠᠩ ᠤᠨ ᠠᠵᠤ  ᠦᠢᠯᠡᠰᠵᠢᠯᠲᠡ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠪᠠᠷ ᠭᠡᠷᠡᠴᠢᠯᠡᠬᠦ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠢ ᠤᠯᠬᠤ ᠪᠠᠷ ᠴᠢᠷᠮᠠᠶᠢᠵᠤ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 7 ᠠᠴᠠ ᠳᠡᠭᠡᠭᠰᠢ ᠪᠣᠯᠭᠠᠨ᠎ᠠ᠃ ᠲᠣᠭᠠᠴᠢᠯᠠᠭᠰᠠᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠩ ᠳ᠋ᠦᠩ᠂ ᠴᠢᠶᠠᠨ ᠰᠢ ᠾᠧ ᠵᠡᠷᠭᠡ ᠨᠠᠷᠠᠲᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠶᠤᠨᠲᠤ ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠶᠡᠭᠡ ᠬᠦᠷᠢᠶ᠎ᠡ ᠰᠢᠶᠠᠩ᠂  ᠪᠦᠯᠬᠦᠮᠳᠡᠯ ᠰᠢᠶᠠᠩ ᠳᠤ ᠲᠥᠮᠥᠰᠥ ᠶᠢᠨ ᠦᠷ᠎ᠡ ᠶᠢᠨ ᠦᠢᠯᠡᠰ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠦᠷ᠎ᠡ ᠪᠠ ᠵᠤᠯᠵᠠᠭ᠎ᠠ ᠮᠣᠳᠣᠨ ᠤ ᠰᠠᠶᠢᠨ ᠦᠷᠡᠵᠢᠯᠲᠡ ᠶᠢᠨ ᠰᠠᠭᠤᠷᠢᠨ ᠭᠠᠵᠠᠷ ᠢ 5000 ᠮᠦ ᠪᠤᠶᠢᠵᠢᠭᠤᠯᠤᠨ᠎ᠠ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠲᠠᠰᠤᠷᠠᠯᠲᠠ ᠥᠬᠡᠶ ᠴᠢᠩᠭᠠᠷᠠᠭᠤᠯᠵᠤ᠂ ᠭᠠᠵᠠᠷ ᠰᠢᠷᠣᠶ ᠶᠢ ᠭᠦᠨ ᠰᠤᠯᠠᠷᠠᠭᠤᠯᠤᠨ ᠲᠡᠭᠰᠢᠯᠡᠬᠦ ᠲᠥᠷᠥᠯ ᠵᠦᠢᠯ ᠪᠠ ᠪᠦᠷᠬᠦᠭᠦᠯ ᠪᠦᠷᠬᠦᠬᠦ᠂ ᠳᠤᠰᠤᠯᠭᠠᠨ ᠤᠰᠤᠯᠠᠬᠤ ᠮᠡᠷᠭᠡᠵᠢᠯ ᠢ ᠳᠡᠯᠭᠡᠷᠡᠭᠦᠯᠬᠦ ᠶᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃      ︽ᠠᠷᠤ ᠴᠡᠴᠡᠷᠯᠢᠭ︾ ᠤᠨ ᠪᠥᠲᠥᠭᠡᠨ ᠪᠠᠶᠢᠭᠤᠯᠤᠯᠲᠠ ᠶᠢ ᠶᠠᠰᠤ ᠴᠢᠨᠠᠷᠵᠢᠭᠤᠯᠤᠨ ᠨᠢᠭᠡ ᠴᠤᠭᠴᠠᠵᠢᠭᠤᠯᠬᠤ ᠶᠢ ᠠᠬᠢᠭᠤᠯᠤᠨ᠎ᠠ᠃ ᠰᠢᠩ ᠾᠧ ᠰᠢᠶᠠᠨ ᠤ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠵᠢᠭᠤᠯᠴᠢᠯᠠᠯ ᠤᠨ ᠤᠬᠠᠭᠤᠯᠭ᠎ᠠ᠂ ᠵᠢᠭᠤᠯᠴᠢᠯᠠᠯ ᠤᠨ ᠬᠡᠷᠡᠭᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠳᠠᠯᠠᠨ ᠬᠠᠷ᠎ᠠ ᠠᠭᠤᠯᠠ᠂  ᠴᠠᠷ ᠨᠠᠭᠤᠷ᠂ ᠭᠤᠤ ᠮᠢᠶᠣᠣ ᠽᠢ ᠬᠡᠷ ᠲᠡᠷᠭᠡᠨ ᠤ ᠬᠤᠸᠠᠷᠠᠨ᠂  ᠰᠤᠮᠤᠨ ᠠᠭᠤᠯᠠ᠂ ᠵᠠᠩ ᠭᠤᠤ ᠪᠠᠯᠭᠠᠰᠤ᠂ ᠲᠤᠤ ᠵᠢᠤ ᠬᠤᠸᠠ ᠯᠢᠩ ᠳᠠᠪᠠᠭ᠎ᠠ᠂ ᠱᠦᠶ ᠯᠢ ᠬᠠᠶ ᠪᠠᠷ ᠲᠡᠩᠭᠡᠯᠢᠭ ᠱᠤᠭᠤᠮ ᠪᠣᠯᠭᠠᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ᠃  ᠰᠤᠮᠤᠨ ᠠᠭᠤᠯᠠ᠂  ᠴᠠᠷ ᠨᠠᠭᠤᠷ ᠤᠨ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠪᠠ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂  ᠰᠤᠮᠤᠨ ᠠᠭᠤᠯᠠ ᠶᠢᠨ ᠤᠯᠤᠰ ᠤᠨ ᠪᠡᠶ᠎ᠡ ᠶᠢᠨ ᠲᠠᠮᠢᠷ ᠤᠨ ᠴᠡᠴᠡᠷᠯᠢᠭ᠂ ᠥᠪᠡᠷᠲᠡᠭᠡᠨ ᠵᠠᠰᠠᠬᠤ ᠣᠷᠣᠨ ᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠪᠠ ᠬᠥᠳᠡᠯᠮᠦᠷᠢ ᠶᠢᠨ ᠬᠥᠮᠦᠵᠢᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠯᠦ ᠵᠢᠶᠠ ᠶᠢᠩ ᠤᠨ ᠤᠨᠴᠠᠯᠢᠬᠳᠤ ᠬᠥᠳᠡᠭᠡ ᠲᠣᠰᠬᠤᠨ᠂  ᠯᠤᠤ ᠯᠢ ᠬᠠᠶ ᠶᠢᠨ ︽ᠪᠠᠶ ᠮᠧᠶ ᠲᠣᠰᠬᠤᠨ︾ ᠵᠡᠷᠭᠡ ᠡᠬᠢ ᠪᠠᠶᠠᠯᠢᠭ ᠲᠤ ᠲᠦᠰᠢᠭᠯᠡᠨ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠯᠦ ᠵᠢᠶᠠ ᠶᠢᠩ᠂  ᠯᠤᠤ ᠯᠢ ᠬᠠᠶ ᠶᠢᠨ ᠰᠣᠳᠣᠨ ᠠᠷᠠᠳ ᠤᠨ ᠣᠷᠣᠨ ᠰᠠᠭᠤᠴᠠ ᠶᠢᠨ ᠰᠦᠷᠦᠭᠵᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂  ᠯᠤᠤ ᠯᠢ ᠬᠠᠶ ᠶᠢᠨ ︽ᠪᠠᠶ ᠮᠧᠶ ᠲᠣᠰᠬᠤᠨ︾ ᠤ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠡᠵᠡᠩᠨᠡᠬᠦ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠪᠥᠬᠦ ᠤᠯᠤᠰ ᠤᠨ ᠬᠥᠬᠡ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠴᠢᠷᠮᠠᠶᠢᠨ ᠪᠠᠶᠢᠭᠤᠯᠤᠨ᠎ᠠ᠃ ᠵᠤᠰᠠᠯᠠᠩ ᠤᠨ ᠡᠷᠡᠭᠦᠯᠵᠢᠯ ᠰᠤᠪᠢᠯᠠᠯᠲᠠ᠂ ᠣᠶ ᠰᠢᠭᠤᠶ ᠶᠢᠨ ᠡᠷᠡᠭᠦᠯᠵᠢᠯ ᠰᠤᠪᠢᠯᠠᠯᠲᠠ᠂ ᠬᠥᠳᠡᠭᠡ ᠲᠣᠰᠬᠤᠨ ᠤ ᠡᠷᠡᠭᠦᠯᠵᠢᠯ ᠰᠤᠪᠢᠯᠠᠯᠲᠠ᠂ ᠡᠮ ᠡᠮᠨᠡᠯᠭᠡ ᠡᠷᠡᠭᠦᠯᠵᠢᠯ ᠰᠤᠪᠢᠯᠠᠯᠲᠠ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠣᠬᠢᠴᠠᠯᠳᠤᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠮᠤᠨ ᠠᠭᠤᠯᠠ ᠶᠢᠨ ᠪᠣᠬᠢᠷᠲᠤᠯ ᠥᠬᠡᠶ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠢ 9 ᠳ᠋ᠦᠭᠡᠷ ᠰᠠᠷ᠎ᠠ ᠳᠤ ᠪᠠᠶᠢᠭᠤᠯᠤᠨ ᠳᠠᠭᠤᠰᠬᠠᠬᠤ ᠪᠠᠷ ᠴᠢᠷᠮᠠᠶᠢᠵᠤ᠂ ᠡᠮᠴᠢᠯᠡᠭᠡ ᠰᠤᠪᠢᠯᠠᠯᠲᠠ ᠶᠢ ᠨᠢᠭᠡ ᠴᠤᠭᠴᠠᠵᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ︽ᠠᠮᠢ ᠠᠬᠤᠶ ᠶᠢᠨ ᠮᠠᠨᠳᠤᠯ · ᠡᠷᠡᠭᠦᠯᠵᠢᠯ ᠰᠤᠪᠢᠯᠠᠯᠲᠠ ᠶᠢᠨ ᠦᠵᠡᠮᠵᠢᠲᠦ ᠣᠷᠣᠨ︾ ᠤ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠥᠬᠦ ᠤᠯᠤᠰ ᠤᠨ ︽ᠵᠤᠰᠠᠯᠠᠩ ᠵᠢᠭᠤᠯᠴᠢᠯᠠᠯ ᠤᠨ ᠵᠣᠷᠢᠭᠰᠠᠨ ᠭᠠᠵᠠᠷ︾ ᠢ ᠡᠭᠦᠳᠬᠦ ᠪᠠᠷ ᠴᠢᠷᠮᠠᠶᠢᠨ᠎ᠠ᠃ ᠱᠠᠨ ᠰᠢ ᠮᠤᠵᠢ ᠶᠢᠨ ᠲᠢᠶᠠᠨ ᠵᠧᠨ ᠰᠢᠶᠠᠨ ᠤ ᠣᠷᠳᠣ ᠴᠠᠭᠠᠨ ᠬᠡᠷᠡᠮ ᠤᠨ ᠵᠢᠭᠤᠯᠴᠢᠯᠠᠯ ᠤᠨ ᠨᠢᠭᠡᠳᠦᠭᠡᠷ ᠱᠤᠭᠤᠮ ᠳᠤ ᠲᠦᠰᠢᠭᠯᠡᠨ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠪᠠ ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠵᠤ᠂ ᠣᠷᠳᠣ ᠴᠠᠭᠠᠨ ᠬᠡᠷᠡᠮ ᠤᠨ ᠰᠣᠶᠣᠯ ᠤᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︽ᠢᠳᠡᠵᠦ ᠤᠤᠭᠤᠬᠤ ᠬᠤᠨᠣᠵᠤ ᠬᠡᠪᠲᠡᠬᠦ᠂ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾ ᠤᠨ ᠪᠥᠬᠦ ᠬᠦᠴᠦᠨ  ᠵᠦᠢᠯ ᠤᠨ ᠬᠡᠯᠬᠢᠶ᠎ᠡ ᠶᠢ ᠨᠡᠪᠲᠡᠷᠡᠭᠦᠯᠬᠦ ᠶᠢᠨ ᠲᠣᠭᠤᠷᠢᠨ ᠳᠤ᠂ ᠤᠷᠠᠨ ᠰᠠᠶᠢᠬᠠᠨ ᠤ ᠲᠣᠭᠯᠠᠯᠲᠠ᠂ ᠪᠠᠶᠠᠷ ᠳᠤᠷᠠᠰᠬᠠᠯ ᠤᠨ ᠴᠤᠭᠯᠠᠭᠠᠨ ᠦᠵᠡᠰᠬᠦᠯᠡᠩ ᠵᠡᠷᠭᠡ ᠢᠵᠢ ᠪᠥᠷᠢᠳᠦᠭᠰᠡᠨ ᠦᠢᠯᠡᠴᠢᠯᠡᠭᠡ ᠶᠢ ᠤᠷᠲᠤᠳᠬᠠᠨ ᠥᠷᠭᠡᠳᠬᠡᠵᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠨ᠎ᠡ᠃ ᠵᠢᠭᠤᠯᠴᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠡᠭᠡᠵᠢᠩ᠂ ᠲᠢᠶᠠᠨᠵᠢᠨ᠂ ᠾᠧᠪᠧᠢ᠂ ᠱᠠᠨ ᠰᠢ ᠵᠡᠷᠭᠡ ᠬᠥᠷᠰᠢ ᠵᠡᠷᠭᠡᠯᠡᠳᠡᠭᠡ ᠮᠤᠵᠢ ᠬᠤᠲᠠ ᠵᠢᠴᠢ ᠡᠷᠬᠢᠨ ᠲᠣᠭᠤᠷᠢᠨ ᠤ ᠲᠣᠭᠤᠷᠢᠭ ᠰᠢᠶᠠᠨ ᠯᠤᠭ᠎ᠠ ᠶᠢᠨ ᠭᠦᠨ ᠭᠦᠨᠵᠡᠭᠡᠶ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠪᠡᠭᠡᠵᠢᠩ ᠴᠢᠭᠤᠯᠤᠯᠲᠤ ᠬᠠᠭᠠᠯᠭ᠎ᠠ ᠶᠢᠨ ᠪᠡᠶ᠎ᠡ ᠶᠢᠨ ᠲᠠᠮᠢᠷ ᠰᠣᠶᠣᠯ ᠵᠢᠭᠤᠯᠴᠢᠯᠠᠯ ᠤᠨ ᠪᠦᠰᠡ ᠶᠢᠨ ᠪᠥᠲᠥᠭᠡᠨ ᠪᠠᠶᠢᠭᠤᠯᠤᠯᠲᠠ ᠳᠤ ᠠᠭᠤᠰᠤᠯᠴᠠᠬᠤ ᠶᠢ ᠲᠦᠷᠭᠡᠳᠬᠡᠨ᠎ᠡ᠃      ︽ᠲᠥᠪᠯᠡᠷᠡᠭᠰᠡᠨ ᠣᠷᠣᠨ︾ ᠤ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨ ᠮᠡᠷᠭᠡᠵᠢᠯᠵᠢᠭᠦᠯᠬᠦ ᠠᠵᠤ ᠦᠢᠯᠡᠰᠵᠢᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠰᠠᠯᠬᠢ ᠦᠵᠡᠮᠵᠢ ᠤᠰᠤᠨ ᠴᠠᠬᠢᠯᠭᠠᠨ ᠤ  ᠭᠦᠢᠴᠡᠳ ᠳᠠᠪᠠᠭᠤᠯᠢᠭ ᠢ ᠠᠰᠢᠭᠯᠠᠨ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ᠂ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 10 ᠲᠦᠮᠡᠨ ᠲᠣᠨ ᠪᠣᠬᠢᠷᠲᠤᠯ ᠥᠬᠡᠶ ᠴᠠᠬᠢᠯᠭᠠᠨ ᠢᠶᠠᠷ ᠤᠰᠤᠲᠥ᠋ᠷᠥᠭᠴᠢ ᠦᠶ᠋ᠯᠡᠳᠬᠦ ᠲᠥᠷᠥᠯ  ᠵᠦᠢᠯ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ ᠶᠢᠨ ᠵᠢᠯ ᠳᠤ 3.5 ᠲᠦᠮᠡᠨ ᠲᠣᠨ ᠤᠰᠤᠲᠥ᠋ᠷᠥᠭᠴᠢ ᠶᠢᠨ ᠨᠡᠶᠢᠯᠡᠯᠭᠡ ᠰᠢᠪᠲᠦᠷ  ᠦᠢᠯᠡᠳᠬᠦ ᠶᠢ ᠨᠢᠭᠡ ᠴᠤᠭᠴᠠᠵᠢᠭᠤᠯᠬᠤ ᠲᠥᠷᠥᠯ ᠵᠦᠶ᠋ᠯ᠂ 14 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢᠨ ᠠᠤᠭ᠎ᠠ ᠶᠡᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠳᠤᠮᠳᠠᠳᠤ ᠤᠯᠤᠰ ᠤᠨ ᠴᠥᠮ᠎ᠡ ᠶᠢᠨ ᠠᠵᠤ  ᠦᠢᠯᠡᠳᠪᠦᠷᠢ ᠶᠢᠨ ᠪᠦᠯᠦᠭᠯᠡᠯ ᠺᠣᠮᠫᠠᠨᠢ ᠶᠢᠨ 10 ᠲᠦᠮᠡᠨ ᠺᠢᠯᠣᠸᠠᠲ ᠤᠨ ᠴᠠᠭ ᠤᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠡᠨᠧᠷᠭᠢ ᠬᠠᠳᠠᠭᠠᠯᠠᠬᠤ ᠲᠥᠷᠥᠯ ᠵᠦᠢᠯ ᠢ ᠪᠠᠶᠢᠭᠤᠯᠬᠤ ᠪᠠᠷ ᠴᠢᠷᠮᠠᠶᠢᠨ᠎ᠠ᠃ ᠵᠢᠩ ᠰᠢᠩ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠴᠢᠷᠮᠠᠶᠢᠨ ᠠᠬᠢᠭᠤᠯᠤᠨ᠎ᠠ᠃ ᠥᠪᠥᠷ ᠮᠣᠩᠭᠤᠯ ᠤᠨ ᠪᠠᠯ ᠴᠢᠯᠠᠭᠤᠨ ︵ᠠᠯᠺᠤᠨ︶ ᠤ ᠰᠢᠨ᠎ᠡ ᠶᠢ ᠡᠭᠦᠳᠬᠦ ᠲᠥᠪ ᠢᠶᠠᠷ ᠲᠠᠪᠴᠠᠩ ᠪᠣᠯᠭᠠᠵᠤ᠂ ᠷᠦᠢ ᠱᠧᠩ ᠵᠡᠷᠭᠡ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠶᠢᠨ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠬᠤ ᠶᠢ ᠬᠥᠲᠥᠯᠦᠨ ᠵᠢᠯᠣᠭᠤᠳᠴᠤ᠂ ᠪᠠᠯ ᠴᠢᠯᠠᠭᠤᠨ ︵ᠠᠯᠺᠤᠨ︶ ᠤ ᠳᠣᠤᠷᠠᠳᠤ ᠤᠷᠤᠰᠬᠠᠯ ᠤᠨ ᠦᠢᠯᠡᠳᠭᠦᠨ ᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠦᠷᠭᠡᠳᠬᠡᠨ᠂ ᠪᠠᠯ ᠴᠢᠯᠠᠭᠤᠨ ᠠᠯᠺᠤᠨ ᠰᠢᠷᠯᠢᠭ ᠡᠳ᠋᠂ ᠲᠡᠮᠲᠡᠷᠢᠭᠳᠡᠬᠦ ᠬᠠᠪᠲᠠᠰᠤ᠂ ᠬᠡᠲᠦ ᠴᠠᠬᠢᠯᠭᠠᠨ ᠪᠠᠭᠲᠠᠭᠠᠮᠵᠢ᠂ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ ᠲᠦᠢᠯ ᠤᠨ ᠮᠠᠲ᠋ᠧᠷᠢᠶᠠᠯ᠂ ᠨᠦᠯᠦᠭᠡᠯᠡᠬᠦᠷ ᠵᠡᠷᠭᠡ ᠰᠤᠳᠤᠯᠤᠨ ᠨᠡᠭᠡᠭᠡᠬᠦ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠨ᠎ᠠ᠃ ︽ᠭᠤᠷᠪᠠᠨ ᠨᠢᠭᠡ ᠪᠦᠯᠦᠭ︾ ᠪᠠ ︽ᠲᠠᠪᠤᠨ ᠣᠳᠣᠬᠢᠴᠢᠯᠠᠯᠲᠠ ᠶᠢᠨ ᠥᠭᠡᠷᠡᠴᠢᠯᠡᠯᠲᠡ︾ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠠᠯ ᠴᠢᠯᠠᠭᠤ ᠶᠢᠨ ᠨᠡᠭᠦᠷᠡᠰᠦᠲᠥ᠋ᠷᠥᠭᠴᠢ ᠡᠳ᠋ ᠤᠨ ᠠᠵᠢᠯ ᠲᠦᠷᠦᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠪᠸᠢᠢᠷᠦᠢ ᠶᠢᠨ ᠯᠢᠲ᠋ᠢ ᠶᠢᠨ ᠴᠠᠬᠢᠯᠭᠠᠨ ᠤ ᠵᠢᠯ ᠳᠤ 10 ᠲᠦᠮᠡᠨ ᠲᠣᠨ ᠯᠢᠲ᠋ᠢ ᠶᠢᠨ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠢ ᠦᠢᠯᠡᠳᠪᠦᠷᠢᠯᠡᠬᠦ ᠶᠢ ᠪᠦᠬᠦ ᠱᠤᠭᠤᠮ ᠢᠶᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠾᠧᠩ ᠴᠢᠶᠠᠩ ᠤᠨ ᠵᠢᠯ ᠳᠤ 2.5 ᠲᠦᠮᠡᠨ ᠲᠣᠨ ᠰᠢᠨ᠎ᠡ ᠬᠡᠯᠪᠡᠷᠢ ᠶᠢᠨ ᠣᠨᠴᠠ ᠲᠥᠷᠥᠯ ᠤᠨ ᠨᠡᠭᠦᠷᠡᠰᠦᠲᠥ᠋ᠷᠥᠭᠴᠢ ᠡᠯᠧᠮᠧᠨ᠋ᠲ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠥᠷᠥᠯ ᠵᠦᠢᠯ᠂ ᠰᠢᠨ ᠢᠦᠶ ᠵᠢᠯ ᠳᠤ 1 ᠲᠦᠮᠡᠨ ᠲᠣᠨ ᠪᠢᠯᠢᠭ ᠲᠦᠢᠯ ᠤᠨ ᠮᠠᠲ᠋ᠧᠷᠢᠶᠠᠯ᠂ ᠬᠤᠸᠠ ᠷᠦᠢ ᠵᠢᠯ ᠳᠤ 2.5 ᠲᠦᠮᠡᠨ ᠲᠣᠨ ᠬᠡᠲᠦ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ ᠵᠢᠴᠢ 1 ᠲᠦᠮᠡᠨ ᠲᠣᠨ ᠪᠢᠯᠢᠭ ᠲᠦᠢᠯ ᠤᠨ ᠮᠠᠲ᠋ᠧᠷᠢᠶᠠᠯ᠂ ᠲᠢᠶᠠᠨ ᠾᠧ ᠨᠡᠭᠦᠷᠡᠰᠦᠲᠥ᠋ᠷᠥᠭᠴᠢᠲᠦ 2 ᠲᠦᠮᠡᠨ ᠲᠣᠨ ᠶᠡᠭᠡ ᠬᠡᠮᠵᠢᠶᠡᠨ ᠤ ᠬᠡᠲᠦ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ᠂ ᠳᠤᠮᠳᠠ ᠲᠢᠲ᠋ᠠᠨ ᠤ ᠵᠢᠯ ᠳᠤ 1.5 ᠲᠦᠮᠡᠨ ᠲᠣᠨ ᠬᠠᠶᠢᠮᠢᠶᠠᠨ ᠲᠢᠲ᠋ᠠᠨ ᠤ ᠶᠡᠷᠦᠩᠬᠡᠶᠢᠯᠡᠭᠰᠡᠨ ᠡᠷᠭᠢᠯᠲᠡ ᠶᠢᠨ ᠲᠥᠷᠥᠯ ᠵᠦᠶ᠋ᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠬᠦᠴᠦᠯᠡᠨ ᠠᠬᠢᠭᠤᠯᠤᠨ᠎ᠠ᠃ ᠭᠤᠣᠯᠢᠩ ᠰᠢᠷᠣᠶ᠂ ᠬᠥᠭᠡᠯᠭᠡᠭᠰᠡᠨ ᠰᠢᠷᠣᠶ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠵᠤ᠂ ᠢᠦ᠋ᠢᠴᠤᠩ ᠤᠨ ᠭᠤᠣᠯᠢᠩ ᠰᠢᠷᠣᠶ ᠶᠢᠨ ᠵᠢᠯ ᠳᠤ 20 ᠲᠦᠮᠡᠨ ᠲᠣᠨ ᠸᠠᠭᠠᠷ ᠱᠠᠭᠠᠵᠠᠩ ᠤᠨ ᠲᠦᠭᠦᠬᠡᠶ ᠮᠠᠲ᠋ᠧᠷᠢᠶᠠᠯ ᠪᠣᠯᠪᠠᠰᠤᠷᠠᠭᠤᠯᠬᠤ ᠵᠦᠢᠯᠡᠰ᠂ ᠯᠦᠩ ᠰᠢᠩ ᠤᠨ ᠸᠠᠭᠠᠷ ᠱᠠᠭᠠᠵᠠᠩ ᠤᠨ ᠰᠣᠶᠣᠯ ᠤᠨ ᠵᠢᠭᠤᠯᠴᠢᠯᠠᠯ ᠤᠨ ᠤᠷᠠᠯᠢᠭ ᠤᠨ ᠲᠥᠪ ᠤᠨ ᠵᠦᠢᠯᠡᠰ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠤᠷᠠᠯᠢᠭ ᠤᠨ ᠸᠠᠭᠠᠷ ᠱᠠᠭᠠᠵᠠᠩ ᠢ ᠰᠤᠳᠤᠯᠤᠨ ᠰᠤᠳᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠰᠢᠩ ᠾᠧ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠶᠤᠨᠲᠤ ᠬᠦᠷᠢᠶᠡᠯᠡᠩ ᠲᠣᠭᠤᠷᠢᠭ ᠤᠨ ᠲᠥᠷᠥᠯ ᠵᠦᠢᠯ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠦᠨ᠎ᠡ᠃      ︽ᠠᠴᠢᠶᠠᠯᠠᠪᠤᠷᠢ ᠶᠢᠨ ᠣᠷᠣᠨ︾ ᠤ ᠪᠦᠳᠦᠭᠡᠨ ᠪᠠᠶᠢᠭᠤᠯᠤᠯᠲᠠ ᠶᠢᠨ ᠵᠠᠭᠪᠤᠷᠴᠢᠯᠠᠭᠰᠠᠨ ᠲᠣᠭᠠᠴᠢᠯᠠᠯᠲᠠ ᠶᠢ ᠲᠦᠯᠬᠢᠨ ᠠᠬᠢᠭᠤᠯᠤᠨ᠎ᠠ᠃ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ  ᠦᠢᠯᠡᠰ ᠤᠨ ᠬᠦᠷᠢᠶᠡᠯᠡᠩ ᠢ ᠰᠠᠶᠢᠲᠤᠷ ᠠᠰᠢᠭᠯᠠᠨ ᠰᠠᠶᠢᠲᠤᠷ ᠦᠢᠯᠡᠴᠢᠯᠡᠵᠦ᠂ ︽ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ︾ ᠶᠢ ᠶᠡᠬᠡᠪᠡᠷ ᠬᠥᠭᠵᠢᠭᠦᠯᠦᠨ᠂ ᠤᠯᠠᠭᠠᠨᠴᠠᠪ ᠬᠤᠲᠠ ᠶᠢᠨ ᠨᠡᠭᠦᠷᠡᠰᠦ ᠬᠠᠳᠠᠭᠠᠯᠠᠵᠤ ᠲᠡᠭᠡᠭᠡᠪᠦᠷᠢᠯᠡᠨ ᠪᠣᠷᠣᠯᠠᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠣᠷᠣᠨ ᠪᠦᠰᠡ ᠶᠢᠨ ︽ᠵᠠᠰᠠᠮᠠᠯ ᠵᠠᠮ ᠢᠶᠠᠷ ᠰᠢᠯᠵᠢᠭᠦᠯᠬᠦ ᠲᠡᠮᠦᠷ ᠵᠠᠮ︾ ᠤᠨ ᠲᠡᠭᠡᠭᠡᠪᠦᠷᠢ ᠶᠢᠨ ᠵᠠᠭᠪᠤᠷ ᠢ ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ᠃ ᠬᠦᠷᠢᠶᠡᠯᠡᠩ ᠲᠣᠭᠤᠷᠢᠭ ᠤᠨ ᠬᠡᠦᠷᠡᠰᠦ ᠤᠬᠢᠶᠠᠵᠤ ᠰᠢᠯᠢᠵᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠲᠠᠩᠰᠠ ᠡᠪᠬᠡᠮᠡᠯ ᠢᠶᠠᠨ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠳᠡᠮᠵᠢᠨ᠎ᠡ᠃ ᠬᠦᠷᠢᠶᠡᠯᠡᠩ ᠲᠣᠭᠤᠷᠢᠭ ᠤᠨ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠤ ᠲᠣᠭᠠᠵᠢᠭᠤᠯᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠭᠡᠵᠢᠩ ᠤᠨ ᠶᠢᠨ ᠢᠦᠶ ᠪᠦᠯᠦᠭᠯᠡᠯ ᠤᠨ ᠤᠬᠢᠶᠠᠵᠤ ᠰᠣᠩᠭᠤᠨ ᠳᠣᠭᠢᠷᠠᠭᠤᠯᠬᠤ ᠶᠢ ᠨᠢᠭᠡ ᠴᠤᠭᠴᠠᠵᠢᠭᠤᠯᠤᠭᠰᠠᠨ ᠲᠣᠭᠠᠵᠢᠭᠤᠯᠤᠭᠰᠠᠨ ᠬᠠᠳᠠᠭᠠᠯᠠᠨ ᠳᠣᠭᠢᠷᠠᠭᠤᠯᠬᠤ ᠰᠠᠭᠤᠷᠢᠨ ᠭᠠᠵᠠᠷ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠵᠢᠩ ᠳ᠋ᠦᠩ ᠪᠠᠷᠠᠭᠠᠨ ᠤ ᠭᠦᠢᠯᠭᠡᠭᠡ ᠯᠦᠭᠡ ᠶᠢᠨ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠬᠠᠵᠤ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠳ᠋ᠰᠢᠭᠦᠯᠬᠦ ᠲᠣᠭᠤᠷᠢᠭ ᠤᠨ ᠣᠶᠤᠨᠴᠢᠯᠠᠭᠰᠠᠨ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠵᠢᠩ ᠳ᠋ᠦᠩ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠶᠢᠨ ᠬᠡᠯᠬᠢᠶᠡᠰᠦ ᠶᠢᠨ ︽ᠬᠤᠷᠳᠤᠨ ᠲᠡᠷᠭᠡ︾ ᠳᠤ ᠰᠠᠭᠤᠵᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠭᠠᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ︽ᠬᠤᠩᠭᠢᠯ ᠤᠨ ᠠᠵᠤ ᠠᠬᠤᠶ︾ ᠶᠢ ︽ᠪᠣᠳᠠᠲᠠᠶᠢᠵᠢᠭᠤᠯᠤᠭᠰᠠᠨ ᠠᠵᠤ ᠠᠬᠤᠶ︾ ᠳᠠᠰᠢ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠨᠢᠰᠦᠮᠡᠯ ᠠᠵᠤ ᠠᠬᠤᠶ︾ ᠶᠢ ᠶᠡᠬᠡᠪᠡᠷ ᠬᠥᠭᠵᠢᠭᠦᠯᠦᠨ᠂ ᠨᠢᠭᠡ ᠪᠦᠯᠦᠭ ᠲᠣᠭᠠᠵᠢᠭᠤᠯᠤᠭᠰᠠᠨ᠂ ᠵᠠᠭᠪᠤᠷᠴᠢᠯᠠᠭᠰᠠᠨ ᠬᠡᠮᠵᠢᠶ᠎ᠡ ᠪᠠᠷ ᠥᠨᠳᠥᠷ ᠪᠠᠷᠠᠭᠠᠨ ᠤ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠎ᠠ᠃  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 20 % ᠨᠡᠮᠡᠭᠳᠡᠭᠦᠯᠬᠦ ᠪᠠᠷ ᠴᠢᠷᠮᠠᠶᠢᠨ᠎ᠠ᠃      ︵ᠬᠤᠶᠠᠷ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠ ᠠᠷᠭ᠎ᠠ ᠪᠠᠷᠢᠯ ᠢᠶᠠᠷ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠨᠡᠭᠡᠭᠡᠯᠳᠡ ᠶᠢ ᠥᠷᠭᠡᠳᠬᠡᠬᠦ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠦᠢᠯᠡᠰ ᠤᠨ ᠪᠦᠳᠦᠭᠡᠨ ᠪᠠᠶᠢᠭᠤᠯᠤᠯᠲᠠ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠬᠤ ᠶᠢ ᠴᠢᠩᠭ᠎ᠠ ᠠᠩᠬᠠᠷᠴᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠬᠥᠭᠵᠢᠯᠲᠡ ᠶᠢᠨ ᠠᠮᠢᠳᠤᠯᠢᠭ ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ᠃      ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠬᠦᠴᠦᠯᠡᠨ ᠠᠬᠢᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠪᠤᠴᠠᠭᠠᠨ ᠭᠠᠷᠭᠠᠬᠤ ᠠᠭᠤᠵᠢᠭᠤ ᠪᠥᠭᠡᠳ ᠳᠥᠭᠦᠮ ᠳᠥᠲᠡ ᠲᠣᠭᠲᠠᠴᠠ ᠶᠢ ᠪᠣᠶ ᠪᠣᠯᠭᠠᠨ᠎ᠠ᠃ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠲᠦᠷᠢᠮ ᠢ ᠪᠠᠷᠢᠮᠲᠠᠯᠠᠨ᠂ ᠬᠢᠨᠠᠨ ᠵᠥᠪᠰᠢᠶᠡᠷᠡᠬᠦ ᠵᠢᠷᠤᠮ ᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠵᠠᠷ ᠰᠢᠷᠣᠶ ᠶᠢ ᠲᠠᠲᠠᠪᠤᠷᠢᠯᠠᠨ ᠨᠥᠭᠡᠴᠡᠯᠡᠬᠦ ᠲᠣᠭᠲᠠᠴᠠ ᠶᠢ ᠪᠦᠷᠢᠨᠰᠢᠬᠦᠯᠦᠨ᠂ ︽ᠵᠦᠢᠯᠡᠰ ᠵᠡᠷᠭᠡ ᠭᠠᠵᠠᠷ ᠰᠢᠷᠣᠶ︾ ᠶᠢ ︽ᠭᠠᠵᠠᠷ ᠰᠢᠷᠣᠶ ᠵᠡᠷᠭᠡ ᠵᠦᠢᠯᠡᠰ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ ᠬᠢᠵᠠᠭᠠᠷᠯᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠶᠠᠨ ᠰᠢᠶᠠᠩ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠵᠦᠢ ᠵᠣᠬᠢᠰᠲᠠᠶ ᠬᠤᠪᠢᠶᠠᠷᠢᠯᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠪᠠ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠳᠤ ᠨᠡᠩ ᠰᠠᠶᠢᠲᠤᠷ ᠦᠢᠯᠡᠴᠢᠯᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ︽ᠰᠡᠭᠦᠯᠴᠢ ᠶᠢᠨ ᠬᠠᠭᠠᠰ ᠠᠩᠬᠢ︾ ᠶᠢ ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠣᠳᠠᠲᠤ ᠴᠣᠭᠴᠠᠴᠢᠯᠠᠬᠤ᠂ ᠵᠠᠬ᠎ᠠ ᠳᠡᠯᠭᠡᠭᠦᠷᠴᠢᠯᠡᠬᠦ᠂ ᠵᠢᠷᠤᠮᠵᠢᠭᠰᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ᠎ᠡ᠃  ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠪᠡ᠃      ᠰᠠᠨᠠᠭ᠎ᠠ ᠠᠮᠤᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠨ᠎ᠠ᠃ ︽ᠢᠨᠲ᠋ᠤᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠬᠤᠷᠤᠭᠤᠨ ᠦᠵᠦᠭᠦᠷ ᠤᠨ ᠰᠢᠩ ᠾᠧ︾ ᠰᠦᠯᠵᠢᠶ᠎ᠡ ᠪᠠᠷ ᠠᠵᠢᠯ ᠶᠠᠪᠤᠳᠠᠯ ᠭᠦᠢᠴᠡᠳᠭᠡᠬᠦ ᠲᠠᠪᠴᠠᠩ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠬᠢᠨᠠᠨ ᠬᠠᠷᠭᠤᠭᠤᠯᠬᠤ ᠲᠦᠷᠢᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠭ᠎ᠠ ᠪᠠᠷᠢᠮᠲᠠ ᠶᠢ ᠠᠳᠠᠯᠢ ᠢᠷᠡᠯᠲᠡ ᠲᠠᠢ ᠪᠠᠶᠢᠯᠭᠠᠬᠤ᠂ ᠬᠥᠳᠡᠯᠦᠩᠭᠦᠶ ᠪᠠᠷ ᠰᠢᠨᠡᠳᠬᠡᠬᠦ᠂ ᠬᠤᠯᠪᠣᠭᠠᠯᠠᠨ ᠬᠥᠳᠡᠯᠦᠯᠴᠡᠵᠦ ᠬᠠᠮᠢᠶᠠᠷᠬᠤ ᠶᠢ ᠦᠨᠡᠨᠬᠦ ᠪᠠᠲᠤᠯᠠᠵᠤ᠂ ᠰᠠᠭᠤᠭᠠᠯᠢ ᠠᠷᠠᠳ ᠪᠠ ᠠᠵᠤ ᠠᠬᠤᠶᠢᠯᠠᠯ ᠢ ᠳᠤᠲᠠᠭᠤ ᠭᠦᠶᠦᠯᠭᠡᠵᠦ᠂ ᠠᠵᠢᠯ ᠶᠠᠪᠤᠳᠠᠯ ᠭᠦᠢᠴᠡᠳᠭᠡᠬᠦ ᠳᠤ ᠠᠮᠠᠷ ᠪᠣᠯᠭᠠᠨ᠎ᠠ᠃ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢ ᠥᠷᠨᠢᠭᠦᠯᠵᠦ ᠂ ᠠᠵᠤ ᠠᠬᠤᠶᠢᠯᠠᠯ ᠤᠨ ᠣᠷᠣᠯᠠᠨ ᠭᠦᠢᠴᠡᠳᠭᠡᠭᠴᠢ ᠶᠢᠨ ᠲᠦᠷᠢᠮ ᠢ ᠬᠡᠷᠡᠭᠵᠢᠭᠦᠯᠦᠨ᠂ ︽ᠨᠢᠭᠤᠷ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠭᠦᠯᠬᠦ︾ ᠪᠠ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠯᠭᠡᠬᠦ︾ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠵᠦ᠂ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠯᠭᠡᠬᠦ︾ ᠵᠦᠢᠯᠡᠰ ᠤᠨ ᠬᠠᠷᠢᠴᠠᠯ ᠢ 99% ᠠᠴᠠ ᠳᠡᠭᠡᠭᠰᠢ ᠳᠤ ᠬᠦᠷᠦᠭᠦᠯᠦᠨ᠎ᠡ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤᠨ ᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠬᠢᠷᠢ ᠬᠡᠮᠵᠢᠶ᠎ᠡ ᠪᠠ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠲᠦᠷᠭᠡᠪᠴᠢᠯᠡᠨ ᠲᠡᠰ ᠳᠡᠪᠰᠢᠭᠦᠯᠦᠨ ᠥᠭᠡᠷᠡᠴᠢᠯᠡᠵᠦ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠶᠠᠰᠤ ᠴᠢᠨᠠᠷ ᠪᠠ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ︽ᠮᠤᠵᠢ ᠠᠯᠤᠰᠯᠠᠨ ᠨᠡᠶᠢᠳᠡᠮ  ᠰᠢᠢᠳᠪᠦᠷᠢᠯᠡᠬᠦ︾ ᠵᠦᠢᠯᠡᠰ ᠤᠨ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠦᠢᠯᠡᠴᠢᠯᠡᠭᠡ ᠶᠢ ᠦᠨᠳᠦᠰᠦᠨ ᠱᠠᠳᠤ ᠲᠡᠶᠢᠰᠢ ᠥᠷᠭᠡᠳᠬᠡᠬᠦ ᠶᠢ ᠲᠦᠯᠬᠢᠨ ᠠᠬᠢᠭᠤᠯᠤᠨ᠎ᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠦᠴᠦᠯᠡᠨ ᠰᠠᠶᠢᠲᠤᠷ ᠠᠳᠬᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠬᠤ ᠲᠣᠭᠲᠠᠴᠠ ᠶᠢ ᠲᠡᠭᠦᠯᠳᠡᠷᠵᠢᠭᠦᠯᠦᠨ᠂ ᠠᠷᠠᠯᠵᠢᠶᠠᠴᠢᠨ ᠤᠷᠢᠬᠤ ᠬᠦᠴᠦᠨ ᠢ ᠲᠡᠭᠦᠯᠳᠡᠷᠵᠢᠭᠦᠯᠵᠦ᠂ ᠰᠢᠶᠠᠨ ᠤ ᠱᠠᠲᠤᠨ ᠤ ᠤᠳᠤᠷᠢᠳᠤᠯᠭ᠎ᠠ ᠮᠠᠩᠯᠠᠶᠢᠯᠠᠵᠤ᠂ ᠰᠠᠯᠠᠭ᠎ᠠ ᠮᠥᠴᠢᠷ ᠤᠨ ᠤᠳᠤᠷᠢᠳᠤᠯᠭ᠎ᠠ ᠲᠦᠷᠦᠭᠦᠯᠡᠨ᠂ ᠪᠥᠬᠦ ᠺᠠᠳ᠋ᠷ ᠣᠷᠣᠯᠴᠠᠭᠰᠠᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠶᠢᠳᠠᠯ ᠢ ᠪᠣᠶ ᠪᠣᠯᠭᠠᠨ᠎ᠠ ᠃ ᠬᠤᠶᠠᠳᠤᠭᠠᠷ ᠬᠤᠭᠤᠴᠠᠭᠠᠨ ᠤ ᠬᠥᠭᠵᠢᠯᠲᠡ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠯ ᠴᠢᠯᠠᠭᠤ ︵ᠠᠯᠺᠧᠨ︶ ᠶᠢᠨ ᠶᠠᠷᠢᠶᠠᠨ ᠤ ᠲᠠᠪᠴᠠᠩ᠂ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ᠂ ᠸᠠᠭᠠᠷ ᠱᠠᠭᠠᠵᠠᠩ ᠤᠨ ᠤᠷᠠᠯᠢᠭ ᠤᠨ ᠶᠠᠷᠢᠶᠠᠨ ᠤ ᠲᠠᠪᠴᠠᠩ᠂ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ᠂  ᠯᠤᠤ ᠯᠢ ᠬᠠᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠷᠢᠶᠠᠨ ᠤ ᠲᠠᠪᠴᠠᠩ᠂ ᠵᠤᠭᠠᠴᠠᠯ ᠤᠨ ᠠᠷᠠᠳ ᠤᠨ ᠣᠷᠣᠨ ᠰᠠᠭᠤᠴᠠ ᠶᠢᠨ ᠶᠠᠷᠢᠶᠠᠨ ᠤ ᠲᠠᠪᠴᠠᠩ ᠢ ᠤᠬᠠᠭᠠᠯᠠᠵᠤ᠂ ᠡᠯ᠎ᠡ ᠲᠠᠯ᠎ᠠ ᠶᠢᠨ ᠬᠢᠨ ᠤ ᠠᠪᠢᠶᠠᠰ ᠴᠢᠳᠠᠪᠤᠷᠢ ᠶᠢ ᠨᠢᠭᠲᠠᠷᠠᠭᠤᠯᠵᠤ᠂ ᠭᠤᠣᠯᠯᠠᠬᠤ ᠠᠵᠤ ᠦᠢᠯᠡᠰ ᠤᠨ ᠬᠤᠳᠠᠯᠳᠤᠭᠠᠴᠢᠨ ᠤᠷᠢᠬᠤ ᠵᠢᠷᠤᠭ ᠤᠨ ᠵᠢᠭᠰᠠᠯ ᠢ ᠪᠠᠶᠢᠭᠤᠯᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠲᠣᠮᠣ ᠳ᠋ᠠᠶᠢᠲ᠋ᠠ ᠵᠡᠷᠭᠡ ᠠᠵᠤ ᠦᠢᠯᠡᠰ ᠤᠨ ᠲᠥᠷᠥᠯ ᠵᠦᠢᠯ ᠤᠨ ᠲᠣᠭᠤᠷᠢᠨ ᠳᠤ᠂ ᠪᠡᠭᠡᠵᠢᠩ ᠲᠢᠶᠠᠨᠵᠢᠨ ᠾᠧᠪᠧᠶ ᠶᠢ ᠬᠠᠮᠵᠢᠯᠴᠠᠭᠤᠯᠤᠨ ᠬᠥᠭᠵᠢᠭᠦᠯᠬᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠤᠭᠴᠠᠵᠢᠭᠤᠯᠬᠤ᠂ ᠤᠯᠠᠭᠠᠨᠴᠠᠪ ᠶᠡᠭᠡ ᠰᠤᠷᠭᠠᠭᠤᠯᠢ ᠵᠠᠩ ᠴᠠᠩ ᠴᠧᠩ ︽ᠠᠯᠲᠠᠨ ᠭᠤᠷᠪᠠᠯᠵᠢᠨ︾ ᠬᠠᠮᠲᠤᠷᠠᠯᠴᠠᠭ᠎ᠠ ᠵᠡᠷᠭᠡ ᠳᠠᠪᠬᠤᠴᠠᠭ᠎ᠠ ᠠᠵᠠ ᠲᠣᠬᠢᠶᠠᠯ ᠢ ᠠᠮᠵᠢᠵᠤ᠂ ᠲᠥᠷᠥᠯ ᠰᠠᠳᠤᠨ ᠤ ᠰᠡᠳᠬᠢᠯᠭᠡ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ ᠭᠠᠳᠠᠭᠠᠳᠤ ᠳᠤ ᠰᠠᠭᠤᠵᠤ ᠬᠤᠳᠠᠯᠳᠤᠭᠠᠴᠢᠨ ᠤᠷᠢᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠨᠢᠭᠦᠯᠵᠦ᠂ ᠪᠥᠬᠦ ᠵᠢᠯ ᠳᠤ 120 ᠭᠠᠷᠤᠶ ᠲᠥᠷᠥᠯ ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠤᠨ᠎ᠠ᠃      ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠠᠷᠠᠳ ᠠᠴᠠ ᠡᠵᠡᠩᠨᠡᠭᠰᠡᠨ ᠬᠥᠲᠥᠴᠢ ᠠᠵᠤ ᠠᠬᠤᠶᠢᠯᠠᠯ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠪᠠᠭ᠎ᠠ ᠬᠡᠮᠵᠢᠶ᠎ᠡ ᠪᠠᠷ ᠲᠦᠷᠢᠮ ᠲᠣᠭᠲᠠᠭᠠᠯ ᠳᠤ ᠳᠡᠪᠰᠢᠭᠦᠯᠬᠦ︾ ᠠᠵᠤ ᠠᠬᠤᠶᠢᠯᠠᠯ ᠢ ᠬᠦᠴᠦᠯᠡᠨ ᠪᠤᠶᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪᠴᠢᠶ᠎ᠡ ᠶᠢ ᠳᠡᠭᠡᠭᠰᠢᠯᠡᠭᠦᠯᠬᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ ᠲᠦᠷᠢᠮ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠢ 30 ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠲᠦᠢᠯ ᠤᠨ ᠣᠨᠣᠪᠴᠢᠲᠠᠶ ᠪᠠᠷ ᠳᠡᠮᠵᠢᠯᠭᠡ ᠪᠠ ᠦᠢᠯᠡᠴᠢᠯᠡᠭᠡ ᠬᠠᠩᠭᠠᠵᠤ ᠂ ᠬᠤᠳᠠᠯᠳᠤᠭᠠᠨ ᠤ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮᠯᠢᠭ ᠪᠠᠶᠢᠭᠤᠯᠵᠤ᠂ ᠬᠤᠯᠪᠣᠭ᠎ᠠ ᠪᠠᠶᠢᠭᠤᠯᠤᠨ᠂ ᠡᠵᠡᠩᠨᠡᠯᠲᠡ ᠪᠠᠨ ᠵᠢᠷᠤᠮᠵᠢᠭᠤᠯᠵᠤ᠂ ᠪᠦᠯᠬᠦᠮ ᠢᠶᠠᠷ ᠢᠶᠠᠨ ᠳᠤᠯᠠᠭᠠᠴᠠᠵᠤ᠂ ᠪᠥᠬᠦ ᠰᠢᠶᠠᠨ ᠤ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠰᠢᠨ᠎ᠡ ᠮᠠᠶ᠋ᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠪᠤᠶᠢᠵᠢᠭᠤᠯᠵᠤ᠂ ᠬᠡᠷᠡᠭᠯᠡᠭᠡᠨ ᠤ ᠠᠷᠭ᠎ᠠ ᠵᠠᠮ ᠢ ᠥᠷᠭᠡᠳᠬᠡᠨ᠂ ᠬᠡᠷᠡᠭᠯᠡᠭᠡᠨ ᠤ ᠠᠬᠤᠶ ᠪᠠᠶᠢᠳᠠᠯ ᠢ ᠰᠢᠨ᠎ᠡ ᠪᠠᠷ ᠡᠭᠦᠳᠴᠦ᠂ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠤᠷᠢᠭᠯᠠᠭᠳᠠᠭᠰᠠᠨ ᠬᠡᠷᠡᠭᠯᠡᠭᠡ ᠶᠢ ᠠᠯᠢ ᠲᠦᠷᠭᠡᠨ ᠢᠶᠠᠷ ᠬᠥᠭᠵᠢᠭᠡᠵᠦ᠂ ᠲᠠᠯᠳᠠ ᠬᠦᠴᠦᠨ ᠲᠠᠢ ᠬᠡᠷᠡᠭᠯᠡᠭᠡ ᠶᠢ ᠬᠥᠭᠵᠢᠭᠡᠨ᠎ᠡ᠃ ᠲᠠᠪᠴᠠᠩ ᠤᠨ ᠠᠵᠤ ᠠᠬᠤᠶ᠂ ᠰᠥᠨᠢ ᠶᠢᠨ ᠠᠵᠤ ᠠᠬᠤᠶ᠂ ᠰᠦᠯᠵᠢᠶᠡᠨ ᠤ ᠤᠯᠠᠭᠠᠨ ᠠᠵᠤ ᠠᠬᠤᠶ᠂ ᠲᠡᠷᠢᠭᠦᠨ ᠳᠡᠯᠭᠡᠭᠦᠷ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃      ︵ᠭᠤᠷᠪᠠ︶ ᠵᠣᠯᠭᠠᠯᠴᠠᠭ᠎ᠠ ᠶᠢ ᠪᠠᠬᠢᠵᠢᠭᠦᠯᠬᠦ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃      ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠪᠡ ᠃ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶᠤᠨᠴᠢᠯᠠᠭᠰᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠪᠠᠶᠢᠭᠤᠯᠤᠨ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠲᠣᠤᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠬᠡᠮᠵᠢᠯᠲᠡ ᠶᠢ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠦᠨ᠎ᠡ᠃ ᠪᠠᠶᠢᠩᠭᠤᠵᠢᠭᠤᠯᠤᠭᠰᠠᠨ ᠵᠠᠳᠠᠯᠤᠨ ᠰᠤᠳᠤᠯᠵᠤ ᠮᠠᠭᠠᠳᠯᠠᠬᠤ ᠲᠣᠭᠲᠠᠴᠠ ᠶᠢ ᠪᠠᠶᠢᠭᠤᠯᠵᠤ᠂ ︽ᠰᠠᠷ᠎ᠠ ᠶᠢᠨ ᠬᠠᠷᠢᠴᠠᠭᠤᠯᠤᠯ᠂ ᠤᠯᠠᠷᠢᠯ ᠤᠨ ᠦᠨᠡᠯᠡᠨ ᠵᠢᠱᠢᠯᠲᠡ︾ ᠶᠢ ᠪᠠᠷᠢᠮᠲᠠᠯᠠᠨ᠂ ᠭᠤᠤᠯᠳᠠᠯᠭ᠎ᠠ ᠲᠠᠢ ᠬᠠᠮᠲᠤᠯᠢᠭ ᠤᠨ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ᠂ ᠣᠷᠣᠯᠭ᠎ᠠ ᠵᠠᠷᠤᠯᠭ᠎ᠠ ᠶᠢᠨ ᠬᠤᠪᠢᠷᠠᠯᠲᠠ᠂ ᠭᠡᠨᠡᠳᠲᠡ ᠶᠢᠨ ᠬᠦᠴᠢᠷᠳᠡᠯ ᠵᠡᠷᠭᠡ ᠪᠠᠶᠢᠳᠠᠯ ᠢ ᠴᠠᠭ ᠲᠤᠬᠠᠶ ᠳᠤᠨᠢ ᠡᠵᠡᠮᠳᠡᠨ᠎ᠡ᠃ ᠪᠠᠶᠢᠩᠭᠤᠵᠢᠭᠰᠠᠨ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ︽ᠶᠠᠭᠤ ᠳᠤᠲᠠᠭᠳᠠᠪᠠᠯ ᠶᠠᠭᠤ ᠶᠢ ᠨᠥᠬᠦᠪᠥᠷᠢᠯᠡᠬᠦ᠂ ᠶᠠᠮᠠᠷ ᠪᠠᠭᠤᠷᠠᠶ ᠪᠣᠯ ᠶᠠᠭᠤ ᠶᠢ ᠨᠥᠬᠦᠪᠥᠷᠢᠯᠡᠬᠦ︾ ᠵᠠᠷᠴᠢᠮ ᠶᠣᠰᠣᠭᠠᠷ᠂ ᠬᠠᠨᠳᠤᠯᠭᠠᠲᠤ ᠴᠢᠨᠠᠷᠲᠠᠶ ᠪᠠᠷ ᠲᠥᠷᠥᠯ ᠬᠤᠪᠢᠶᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠠᠪᠤᠨ᠎ᠠ᠃ ᠪᠠᠶᠢᠩᠭᠤᠵᠢᠭᠰᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠠᠵᠤ ᠵᠦᠢᠯᠡᠰ ᠤᠨ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠨ᠂ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ᠤᠤᠭᠤᠬᠤ ᠤᠰᠤ ᠵᠡᠷᠭᠡ ᠳᠥᠷᠪᠡᠨ ᠵᠦᠢᠯ ᠤᠨ ᠪᠠᠲᠤᠯᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠥᠩᠭᠦᠨ ᠭᠦᠢᠯᠭᠡᠭᠡ᠂ ᠬᠡᠷᠡᠭᠯᠡᠭᠡ᠂ ᠦᠨᠳᠦᠰᠦᠨ ᠵᠦᠢᠯ ᠢ ᠪᠠᠲᠤᠯᠠᠬᠤ᠂ ᠠᠮᠢ ᠠᠬᠤᠶ ᠶᠢᠨ ᠨᠥᠬᠦᠪᠥᠷᠢ ᠵᠡᠷᠭᠡ ᠳᠥᠷᠪᠡᠨ ᠲᠥᠷᠥᠯ ᠤᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠬ ᠲᠣᠭᠲᠠᠭᠠᠨ ᠬᠠᠪᠰᠤᠷᠤᠨ ᠲᠡᠳᠬᠦᠵᠦ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠨᠡᠶᠢᠭᠡᠮ ᠤᠨ ᠬᠠᠪᠰᠤᠷᠤᠨ ᠲᠡᠳᠬᠦᠬᠦ ᠶᠢ ᠴᠢᠩᠭᠠᠷᠠᠭᠤᠯᠤᠨ᠎ᠠ᠃      ᠠᠵᠤ ᠦᠢᠯᠡᠰ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ︽ᠪᠤᠭᠤᠳᠠᠢ ᠨᠣᠭᠤᠭ᠎ᠠ ᠲᠥᠮᠥᠰᠥ᠂ ᠦᠬᠡᠷ ᠢᠮᠠᠭᠠᠨ ᠤ ᠰᠠᠭᠠᠯᠢ︾ ᠵᠡᠷᠭᠡ ᠵᠢᠷᠭᠤᠭᠠᠨ ᠶᠡᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠢ ᠲᠠᠰᠤᠷᠠᠯᠳᠠ ᠥᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠪᠥᠬᠦ ᠬᠤᠳᠠ ᠶᠢᠨ ᠢᠳᠡᠰᠢᠨ ᠨᠣᠭᠤᠭ᠎ᠠ᠂ ᠨᠣᠬᠠᠶ ᠶᠢᠨ ᠬᠤᠰᠢᠭᠤ᠂ ᠠᠯᠠᠰᠢᠨ ᠬᠤᠨᠢ᠂ ᠠᠯᠠᠰᠢᠨ ᠦᠬᠡᠷ ᠤᠨ ᠠᠵᠤ ᠦᠢᠯᠡᠰ ᠪᠣᠯᠤᠨ ᠪᠡᠯᠡᠳᠭᠡᠮᠵᠢᠳᠤ ᠲᠠᠷᠢᠶᠠᠯᠠᠩ  ᠤᠨ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠶ ᠪᠠᠷ ᠡᠭᠦᠳᠬᠦ ᠪᠠᠷ ᠴᠢᠷᠮᠠᠶᠢᠵᠤ᠂ ᠨᠣᠬᠠᠶ ᠶᠢᠨ ᠬᠤᠰᠢᠭᠤ᠂ ᠬᠥᠢᠳᠡᠨ ᠰᠡᠷᠢᠭᠦᠨ ᠢᠳᠡᠰᠢᠨ ᠨᠣᠭᠤᠭ᠎ᠠ᠂ ᠲᠥᠮᠥᠰᠥ ᠲᠡᠷᠢᠬᠤ ᠲᠠᠯᠠᠪᠠᠢ ᠶᠢ ᠲᠤᠰ ᠲᠤᠰ 20 ᠲᠦᠮᠡᠨ  ᠮᠦ᠂ 15 ᠲᠦᠮᠡᠨ ᠮᠦ᠂ 40 ᠲᠦᠮᠡᠨ ᠮᠦ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠠᠯᠠᠰᠢᠨ ᠦᠬᠡᠷ  ᠢ 5 ᠲᠦᠮᠡ ᠠᠴᠠ ᠳᠡᠭᠡᠭᠰᠢ ᠳᠤ ᠬᠦᠷᠦᠭᠦᠯᠵᠦ᠂ ᠠᠯᠠᠰᠢᠨ ᠬᠤᠨᠢ ᠶᠢ 60 ᠲᠦᠮᠡᠨ ᠲᠣᠯᠣᠭᠠᠶ  ᠳᠤ ᠬᠦᠷᠦᠭᠦᠯᠵᠦ᠂ ᠰᠢᠨ᠎ᠡ ᠦᠨᠢᠶᠡᠨ ᠤ ᠭᠠᠷᠤᠯᠲᠠ ᠶᠢ ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠭᠦᠢᠴᠡᠳ ᠬᠡᠷᠡᠭᠯᠡᠵᠦ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ 23 ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠨᠢᠭᠡ ᠲᠣᠰᠬᠤᠨ ᠨᠢᠭᠡ ᠦᠢᠯᠡᠳᠭᠦᠨ︾ ᠤ ᠵᠢᠱᠢᠶ᠎ᠡ ᠦᠵᠡᠭᠦᠯᠬᠦ 5 ᠲᠣᠰᠬᠤᠨ ᠪᠠᠯᠭᠠᠰᠤ ᠶᠢ ᠪᠣᠶ ᠪᠣᠯᠭᠠᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠎ᠠ᠃ ᠲᠠᠷᠢᠶᠠᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠢ ᠰᠢᠭᠤᠶ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠣᠷᠣᠨ ᠪᠦᠰᠡ ᠶᠢᠨ ᠲᠤᠰᠬᠠᠶ ᠮᠡᠷᠭᠡᠵᠢᠯᠲᠡᠨ ᠢ ᠰᠣᠩᠭᠤᠨ ᠲᠣᠮᠢᠯᠠᠵᠤ ᠮᠡᠷᠭᠡᠵᠢᠯ ᠤᠨ ᠵᠢᠯᠤᠭᠤᠳᠤᠯᠭ᠎ᠠ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠥᠷᠨᠢᠭᠦᠯᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ 150 ᠲᠠᠷᠢᠶᠠᠴᠢᠨ ᠢ ᠬᠥᠮᠦᠵᠢᠭᠦᠯᠵᠦ᠂ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ 5 ᠲᠦᠮᠡᠨ ᠬᠥᠮᠦᠨ ︵ᠤᠳᠠᠭ᠎ᠠ︶ ᠥᠷᠨᠢᠭᠦᠯᠪᠡ᠃      ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠤᠨᠴᠠᠯᠢᠬᠳᠤ ᠵᠢᠵᠢᠭ ᠪᠠᠯᠭᠠᠰᠤ 2.0 ᠶᠢ ᠪᠣᠶ ᠪᠣᠯᠭᠠᠵᠤ᠂ ᠵᠢᠯ ᠤᠨ ᠳᠣᠲᠣᠷ᠎ᠠ 9 ᠤᠨᠴᠠᠯᠢᠬᠳᠤ ᠥᠯᠢᠭᠡᠷ ᠳᠠᠭᠤᠷᠢᠶᠠᠯ ᠲᠣᠰᠬᠤᠨ ᠢ ᠪᠠᠶᠢᠭᠤᠯᠤᠨ᠎ᠠ᠃ ᠬᠥᠳᠡᠭᠡ ᠲᠣᠰᠬᠤᠨ ᠤ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ︽ᠮᠤᠬᠤᠷ ᠵᠠᠮ︾᠂ ︽ᠪᠣᠭᠤᠮᠢ ᠵᠠᠮ︾ ᠢ ᠠᠯᠬᠤᠮ ᠠᠯᠬᠤᠮ ᠢᠶᠠᠷ ᠠᠷᠢᠯᠭᠠᠨ᠎ᠠ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ ᠲᠡᠰ ᠳᠡᠪᠰᠢᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ 88 ᠺᠢᠯᠣᠮᠧᠲᠷ᠂ ᠬᠦᠴᠦᠳᠡᠯ ᠥᠭᠡᠷᠡᠴᠢᠯᠡᠭᠴᠢ ᠶᠢ 44 ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠪᠠ᠃ 5G ᠶᠢᠨ ᠭᠤᠤᠯᠳᠠᠯᠭ᠎ᠠ ᠲᠠᠢ ᠠᠬᠤᠶ ᠲᠠᠯᠠᠪᠤᠷ ᠤᠨ ᠬᠡᠷᠡᠭᠯᠡᠯᠲᠡ ᠶᠢ ᠲᠦᠷᠭᠡᠪᠴᠢᠯᠡᠨ ᠠᠬᠢᠭᠤᠯᠵᠤ᠂ ᠰᠢᠶᠠᠩ ᠪᠠᠯᠭᠠᠰᠤ᠂ ᠬᠥᠳᠡᠭᠡ ᠲᠣᠰᠬᠤᠨ ᠤ ᠬᠠᠯᠠᠭᠤᠨ ᠴᠡᠭ ᠤᠨ ᠣᠷᠣᠨ ᠪᠦᠰᠡ ᠶᠢ ᠨᠡᠶᠢᠳᠡᠮ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠴᠡᠨᠡᠭᠯᠡᠬᠦ ᠪᠤᠯᠠᠭᠠᠷᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠯ ᠤᠨ ᠳᠣᠲᠣᠷ᠎ᠠ ᠰᠢᠶᠠᠩ ᠪᠠᠯᠭᠠᠰᠤ ᠨᠢᠭᠡᠪᠦᠷᠢ ᠳᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠦᠷᠳᠡᠭᠡ ᠶᠢ ᠲᠤᠰ ᠲᠤᠰ ᠨᠢᠭᠡ ᠪᠠᠶᠢᠭᠤᠯᠤᠨ᠎ᠠ᠃ ︽ᠬᠤᠭᠤᠰᠣᠨ ᠲᠣᠰᠬᠤᠨ︾᠂ ᠦᠷ᠎ᠡ ᠠᠰᠢᠭ ᠢᠶᠠᠷ ᠳᠣᠤᠷ᠎ᠠ ᠰᠤᠯᠠ ᠪᠠᠶᠢᠬᠤ ᠣᠷᠣᠨ ᠰᠠᠭᠤᠴᠠ ᠶᠢᠨ ᠭᠠᠵᠠᠷ ᠢ ᠠᠮᠢᠯᠠᠭᠤᠯᠵᠤ᠂ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ 1100 ᠮᠥ ᠬᠠᠭᠤᠴᠢᠨ ᠭᠠᠵᠠᠷ ᠢ ᠨᠤᠷᠠᠭᠠᠵᠤ ᠳᠠᠬᠢᠨ ᠬᠠᠭᠠᠯᠪᠤᠷᠢᠯᠠᠬᠤ ᠶᠢ ᠪᠡᠶᠡᠯᠡᠭᠦᠯᠵᠦ᠂ 1700 ᠮᠥ ᠲᠠᠷᠢᠶᠠᠨ ᠭᠠᠵᠠᠷ ᠤᠨ ᠬᠥᠮᠥᠷᠭᠡ ᠶᠢ ᠪᠥᠲᠥᠭᠡᠨ ᠪᠠᠶᠢᠭᠤᠯᠵᠤ ᠨᠥᠬᠦᠪᠥᠷᠢᠯᠡᠪᠡ᠃      ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ ᠪᠠᠯᠭᠠᠰᠤ 1᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 5 ᠶᠢ ᠡᠭᠦᠳᠦᠨ ᠪᠠᠶᠢᠭᠤᠯᠤᠨ᠎ᠠ ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠭᠠᠵᠠᠷ ᠲᠤ ᠲᠥᠬᠦᠭᠡᠷᠦᠮᠵᠢ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ᠬᠥᠳᠡᠭᠡ ᠲᠣᠰᠬᠤᠨ ᠤ ᠤᠯᠠᠨ ᠨᠡᠶᠢᠲᠡ ᠶᠢᠨ ᠣᠷᠣᠨ ᠵᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠣᠰᠬᠤᠨ ᠤ ᠠᠷᠠᠳ ᠤᠨ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠳᠤ ᠢᠳᠡᠪᠬᠢᠲᠡᠢ ᠣᠷᠣᠯᠴᠠᠬᠤ ᠶᠢ ᠦᠷᠭᠦᠯᠵᠢᠯᠡᠨ ᠰᠠᠨᠠᠭᠠᠴᠢᠯᠠᠵᠤ᠂ ᠤᠯᠠᠨ ᠨᠡᠶᠢᠲᠡ ᠶᠢᠨ ᠣᠷᠣᠨ ᠪᠦᠰᠡ ᠶᠢ ᠬᠠᠮᠲᠤᠪᠠᠷ ᠪᠠᠶᠢᠭᠤᠯᠤᠨ᠎ᠠ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠥᠳᠡᠭᠡ ᠲᠣᠰᠬᠤᠨ ᠤ 600 ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠪᠡᠶᠡᠯᠡᠭᠦᠯᠪᠡ᠃ ᠬᠥᠳᠡᠭᠡ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ 15 ᠠᠶᠢᠯ ᠲᠣᠰᠬᠤᠨ ᠤ ᠵᠢᠵᠢᠭ ᠪᠢᠴᠢᠯ ᠴᠡᠴᠡᠷᠯᠢᠭ ᠢ ᠰᠢᠨ᠎ᠡ ᠪᠠᠷ ᠪᠠᠶᠢᠭᠤᠯᠪᠠ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠶᠢ ᠰᠢᠢᠳᠪᠦᠷᠢᠯᠡᠬᠦ ᠠᠵᠢᠯ ᠢ ᠵᠢᠷᠤᠮᠵᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠪᠠ ᠲᠤᠬᠠᠶ ᠶᠢᠨ ᠭᠠᠵᠠᠷ ᠲᠤᠨᠢ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠭᠠᠴᠠᠭᠠᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢᠨ ᠭᠠᠴᠠᠭ᠎ᠠ 9 ᠶᠢ ᠪᠤᠢ ᠪᠣᠯᠭᠠᠨ᠎ᠠ᠃     ᠬᠥᠳᠡᠭᠡ ᠲᠣᠰᠬᠤᠨ ᠤ ᠴᠢᠳᠠᠪᠤᠷᠢᠲᠠᠨ ᠢ ᠡᠯᠰᠡᠨ ᠠᠪᠴᠢᠷᠠᠬᠤ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠪᠠ ᠦᠢᠯᠡᠰ ᠪᠤᠰᠬᠠᠬᠤ ᠴᠢᠳᠠᠪᠤᠷᠢᠲᠠᠨ ᠤ ᠬᠥᠳᠡᠭᠡ ᠲᠣᠰᠬᠤᠨ ᠳᠤ ᠣᠴᠢᠵᠤ ᠠᠵᠢᠯᠯᠠᠬᠤ ᠪᠠ ᠦᠢᠯᠡᠰ ᠪᠤᠰᠬᠠᠬᠤ ᠶᠢ ᠬᠦᠳᠦᠯᠦᠨ ᠵᠢᠯᠣᠭᠤᠳᠬᠤ ᠪᠠ ᠵᠣᠷᠢᠭᠵᠢᠭᠤᠯᠵᠤ᠂ ᠴᠢᠳᠠᠪᠤᠷᠢᠲᠠᠨ ᠢ ᠲᠠᠲᠠᠵᠤ ᠤᠶᠤᠨ ᠤᠬᠠᠭᠠᠨ ᠢ ᠬᠤᠷᠠᠮᠳᠤᠭᠤᠯᠬᠤ ᠠᠷᠭ᠎ᠠ ᠵᠠᠮ ᠢ ᠳᠠᠰᠤᠷᠠᠯᠳᠠ ᠦᠬᠡᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ ᠡᠯ᠎ᠡ ᠳᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠳᠡᠭᠡ ᠲᠣᠰᠬᠤᠨ ᠳᠤ ᠴᠤᠭᠯᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠵᠢᠯ ᠤᠨ ᠳᠣᠲᠣᠷ᠎ᠠ ᠡᠯ᠎ᠡ ᠲᠥᠷᠥᠯ ᠤᠨ ᠴᠢᠳᠠᠪᠤᠷᠢᠲᠠᠨ ᠢ 200 ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠠᠵᠢᠯ ᠲᠥᠷᠥᠯ ᠤᠨ ᠳᠠᠭᠠᠭᠤᠯᠤᠭᠴᠢ ᠴᠢᠳᠠᠪᠤᠷᠢᠲᠠᠨ ᠢ 30 ᠬᠥᠮᠦᠵᠢᠭᠦᠯᠦᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠢᠵᠢ ᠪᠦᠷᠢᠳᠦᠭᠰᠡᠨ ᠦᠢᠯᠡᠴᠢᠯᠡᠭᠡ ᠪᠠ ᠬᠤᠶᠢᠰᠢᠳᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠢ ᠬᠥᠳᠡᠭᠡ ᠲᠣᠰᠬᠤᠨ ᠤ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢᠨ ᠬᠠᠮᠲᠤ ᠬᠤᠶᠢᠰᠢᠳᠠ ᠶᠢᠨ ᠵᠣᠪᠠᠨᠢᠯ ᠦᠭᠡᠢ ᠪᠣᠯᠭᠠᠬᠤ ᠬᠡᠷᠡᠭᠲᠡᠢ᠃      ︵ᠳᠥᠷᠪᠡ︶ ᠣᠷᠣᠨ ᠪᠦᠰᠡ ᠶᠢᠨ ᠬᠠᠮᠵᠢᠯᠴᠠᠭ᠎ᠠ ᠶᠢ ᠪᠠᠷᠢᠮᠲᠠᠯᠠᠵᠤ᠂ ︽ᠤᠷᠠᠨ ᠰᠠᠨᠠᠭ᠎ᠠ︾ ᠪᠠᠷ ᠨᠠᠷᠢᠨ ᠬᠠᠮᠢᠶᠠᠷᠴᠤ ᠨᠠᠷᠢᠯᠢᠭ ᠵᠠᠰᠠᠵᠤ᠂ ᠬᠤᠲᠠ ᠶᠢᠨ ᠴᠢᠳᠠᠮᠵᠢ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠠᠷᠠᠳ ᠤᠨ ᠬᠤᠳᠠ ᠶᠢᠨ ᠠᠷᠠᠳ ᠲᠦᠮᠡᠨ ᠢᠶᠠᠷ ᠤᠯᠤᠰ ᠢᠶᠠᠨ ᠪᠠᠶᠢᠭᠤᠯᠬᠤ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠵᠤ᠂ ᠬᠤᠳᠠ ᠶᠢ ᠠᠷᠠᠳ ᠤᠨ ᠲᠥᠯᠥᠭᠡ ᠰᠠᠶᠢᠲᠤᠷ ᠪᠦᠳᠦᠬᠡᠨ ᠪᠠᠶᠢᠭᠤᠯᠬᠤ︾ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠤᠳᠠ ᠶᠢᠨ ᠪᠦᠳᠦᠬᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠥᠨᠳᠥᠷ ᠶᠠᠰᠤ ᠴᠢᠨᠠᠷᠲᠠᠢ ᠪᠠᠷ ᠠᠬᠢᠭᠤᠯᠤᠨ᠎ᠠ᠃      ᠤᠷᠠᠨ ᠲᠠᠷᠬᠠᠨ ᠤ ᠵᠣᠷᠢᠭ ᠰᠠᠨᠠᠭ᠎ᠠ ᠪᠠᠷ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠢᠭᠡ ᠴᠤᠭᠴᠠᠵᠢᠭᠤᠯᠤᠨ ᠲᠥᠯᠥᠪᠵᠢᠭᠦᠯᠬᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠡᠮᠬᠢ ᠵᠢᠷᠤᠮ ᠲᠠᠢ ᠠᠭᠤᠰᠤᠯᠴᠠᠭᠤᠯᠬᠤ ᠶᠢ ᠪᠠᠷᠢᠮᠲᠠᠯᠠᠵᠤ᠂ ᠰᠢᠶᠠᠨ ᠤ ᠬᠤᠳᠠ ᠶᠢᠨ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠢᠶᠠᠨ ᠤ ᠬᠤᠳᠠ ᠶᠢᠨ ᠦᠩᠭᠡ ᠵᠢᠰᠦ ᠶᠢ ᠴᠤᠭ ᠵᠢᠪᠬᠤᠭ᠎ᠠ ᠲᠠᠢ ᠪᠣᠯᠭᠠᠨ᠎ᠠ᠃ ᠬᠠᠭᠤᠴᠢᠨ ᠬᠤᠳᠠ ᠶᠢᠨ ᠲᠣᠭᠤᠷᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ ᠡᠭᠡᠭᠦᠯᠦᠨ ᠨᠡᠭᠦᠯᠭᠡᠬᠦ ᠠᠰᠠᠷ ᠤᠨ ᠢᠵᠢ ᠪᠦᠷᠢᠳᠦᠭᠦᠯᠬᠦ ᠢᠨᠵᠧᠨᠧᠷᠢᠩ ᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠴᠢᠨᠠᠷᠲᠠᠶ ᠴᠡᠴᠡᠷᠯᠢᠭ ᠢ ᠪᠦᠳᠦᠭᠡᠨ ᠪᠠᠶᠢᠭᠤᠯᠤᠨ᠎ᠠ᠃ ᠤᠰᠤ ᠬᠠᠩᠭᠠᠬᠤ ᠭᠠᠳᠠᠭᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠭᠤᠴᠢᠨ ᠬᠤᠳᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠰᠢᠨ᠎ᠡ ᠬᠤᠳᠠ ᠲᠣᠭᠤᠷᠢᠭ ᠤᠨ ᠰᠢᠨᠡᠴᠢᠯᠡᠯᠲᠡ ᠶᠢ ᠲᠦᠷᠭᠡᠳᠬᠡᠨ᠎ᠡ᠃ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡ ᠲᠣᠭᠤᠷᠢᠭ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠪᠣᠷᠣᠭᠠᠨ ᠤ ᠤᠰᠤ᠂ ᠪᠣᠬᠢᠷ ᠤᠰᠤ᠂ ᠤᠰᠤ ᠬᠠᠩᠭᠠᠬᠤ᠂ ᠢᠯᠴᠢ ᠬᠠᠩᠭᠠᠬᠤ ᠬᠤᠭᠤᠯᠠᠶ ᠶᠢᠨ ᠲᠣᠣᠷ ᠢ 16.7 ᠺᠢᠯᠣᠮᠧᠲᠷ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠢᠯᠴᠢ ᠬᠠᠩᠭᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠰᠢᠲᠠᠮᠠᠬᠠᠶ ᠬᠡᠢ ᠳᠤ ᠬᠡᠢ ᠨᠡᠮᠡᠬᠦ ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠤ᠂ 10 ᠺᠢᠯᠣᠮᠧᠲᠷ ᠳᠤᠮᠳᠠ ᠳᠠᠷᠤᠯᠲᠠᠲᠤ ᠬᠤᠭᠤᠯᠠᠶ ᠶᠢᠨ ᠲᠣᠣᠷ ᠢ ᠢᠵᠢ ᠪᠦᠷᠢᠳᠦᠭᠦᠯᠦᠨ ᠪᠠᠶᠢᠭᠤᠯᠤᠨ᠎ᠠ᠃ ᠢᠦᠢ ᠼᠠᠢ ᠵᠡᠭᠡᠯᠢ᠂ ᠰᠢᠩ ᠹᠠ ᠵᠡᠭᠡᠯᠢ᠂ ᠯᠤᠤ ᠯᠢ ᠬᠠᠶ ᠵᠠᠮ ᠢ ᠨᠡᠪᠲᠡᠷᠡᠭᠦᠯᠵᠦ᠂ ᠶᠠᠪᠠᠭᠠᠨ ᠬᠥᠮᠦᠨ ᠤ ᠵᠠᠮ ᠢ 2.5 ᠲᠦᠮᠡᠨ ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠤᠨ ᠵᠠᠰᠠᠨ᠎ᠠ᠃ ᠰᠢᠨ᠎ᠡ ᠪᠠᠷ 4 ︽ᠬᠠᠷᠮᠠᠨ ᠴᠡᠴᠡᠷᠯᠢᠭ︾ ᠢ ᠪᠠᠶᠢᠭᠤᠯᠪᠠ᠃ 7 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠶᠢ ᠪᠡᠶᠡᠯᠡᠭᠦᠯᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ ᠲᠦᠷᠭᠡᠪᠴᠢᠯᠡᠨ ᠪᠠᠶᠢᠷᠢᠰᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠲᠠᠯᠠᠪᠤᠷ ᠭᠠᠵᠠᠷ ᠲᠤ 18 ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠶᠢ ᠰᠢᠨ᠎ᠡ ᠪᠠᠷ ᠪᠠᠶᠢᠭᠤᠯᠪᠠ᠃ ᠶᠠᠩ ᠭᠤᠤ᠂ ᠲᠢᠶᠠᠨ ᠵᠧᠨ᠂ ᠱᠠᠩ ᠢ ᠯᠦᠭᠡ ᠶᠢᠨ ᠬᠤᠳᠠ ᠶᠢᠨ ᠬᠤᠭᠤᠷᠣᠨᠳᠣᠬᠢ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠵᠢᠭᠤᠯᠴᠢᠯᠠᠭᠴᠢᠳ᠂ ᠤᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ᠬᠤᠲᠠ ᠶᠢᠨ IP ᠳᠦᠷᠢ ᠲᠥᠷᠬᠦ ᠶᠢ ᠪᠥᠬᠦ ᠲᠠᠯ᠎ᠠ ᠪᠠᠷ ᠪᠣᠶ ᠪᠣᠯᠭᠠᠵᠤ᠂ ᠰᠢᠨ᠎ᠡ ᠦᠵᠡᠭᠳᠡᠯ ᠰᠢᠨ᠎ᠡ ᠴᠢᠳᠠᠮᠵᠢ ᠶᠢ ᠣᠨᠢᠰᠤᠯᠠᠵᠤ᠂ ᠰᠢᠨ᠎ᠡ ᠶᠢᠨ ᠤᠯᠤᠰ ᠤᠨ ᠰᠦᠯᠵᠢᠶᠡᠨ ᠤ ᠺᠠᠷᠲ ᠴᠣᠬᠢᠬᠤ ᠭᠠᠵᠠᠷ ᠢ ᠪᠣᠶ ᠪᠣᠯᠭᠠᠨ᠎ᠠ᠃      ᠬᠤᠸᠠᠷ ᠬᠠᠳᠬᠤᠬᠤ ᠡᠷᠳᠡᠮ ᠢᠶᠠᠷ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠬᠤᠳᠠ ᠶᠢᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠬᠵᠢᠭᠤᠯᠬᠤ ᠂ ᠤᠶᠤᠨᠵᠢᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠬᠤᠳᠠ ᠶᠢᠨ ᠲᠣᠭᠤᠷᠢᠭ ᠤᠨ ᠬᠤᠳᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ᠂ ᠵᠠᠮ ᠡᠵᠡᠯᠡᠨ ᠡᠵᠡᠩᠨᠡᠬᠦ ᠵᠡᠷᠭᠡ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠳᠠ ᠶᠢᠨ ︽ᠪᠤᠵᠠᠷ ᠰᠠᠮᠠᠭᠤᠨ ᠵᠥᠷᠢᠶ᠎ᠡ︾ ᠶᠢᠨ ᠦᠵᠡᠭᠳᠡᠯ ᠢ ᠡᠷᠡᠰ ᠠᠷᠢᠯᠭᠠᠨ᠎ᠠ᠃ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠪᠠ᠃ ︽ᠠᠳᠠᠯ ᠠᠬᠤᠶ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ ᠵᠢᠵᠢᠭ ᠲᠣᠭᠤᠷᠢᠭ ᠤᠨ ᠠᠳᠠᠯ ᠠᠬᠤᠶ ᠶᠢᠨ ᠡᠮᠬᠢ ᠵᠢᠷᠤᠮ ᠲᠠᠢ ᠥᠷᠢᠰᠦᠯᠳᠦᠬᠦ ᠲᠣᠭᠲᠠᠴᠠ ᠶᠢ ᠪᠠᠶᠢᠭᠤᠯᠤᠨ᠂ ᠠᠳᠠᠯ ᠠᠬᠤᠶ ᠶᠢᠨ  ᠦᠢᠯᠡᠴᠢᠯᠡᠭᠡᠨ ᠤ ᠰᠣᠳᠣᠨ ᠪᠦᠯᠬᠦᠮ ᠨᠡᠶᠢᠲᠡ ᠶᠢ ᠪᠣᠶ ᠪᠣᠯᠭᠠᠵᠤ᠂ ᠰᠦᠢᠳᠭᠡᠯ ᠬᠤᠷᠢᠶᠠᠬᠤ ᠶᠢ ᠪᠠᠷᠢᠮᠵᠢᠶᠠᠵᠢᠭᠤᠯᠤᠭᠰᠠᠨ᠂ ᠬᠠᠮᠢᠶᠠᠷᠤᠯᠲᠠ ᠶᠢ ᠵᠢᠷᠤᠮᠵᠢᠭᠤᠯᠤᠭᠰᠠᠨ᠂ ᠦᠢᠯᠡᠴᠢᠯᠡᠭᠡ ᠶᠢ ᠨᠠᠷᠢᠯᠢᠬᠵᠢᠭᠤᠯᠤᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ ᠨᠡᠶᠢᠭᠡᠮ ᠲᠣᠭᠤᠷᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠣᠯᠠᠨ ᠤ ᠭᠤᠤᠯ ᠴᠣᠭᠴᠠ ᠶᠢᠨ  ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠤ ᠬᠤᠲᠠ ᠶᠢᠨ ᠬᠠᠮᠢᠶᠠᠷᠤᠯᠲᠠ ᠳᠤ ᠣᠷᠣᠯᠴᠠᠬᠤ ᠶᠢ ᠵᠣᠷᠢᠭᠵᠢᠭᠤᠯᠤᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠤᠲᠠ ᠶᠢ ᠬᠠᠶᠢᠷᠠᠯᠠᠨ ᠬᠠᠮᠠᠭᠠᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠳᠠᠳᠬᠠᠯ ᠲᠠᠢ ᠪᠣᠯᠭᠠᠵᠤ᠂ ᠠᠮᠤᠷ ᠲᠦᠪᠰᠢᠨ ᠡᠮᠬᠢ ᠵᠢᠷᠤᠮ ᠲᠠᠢ ᠂ ᠴᠡᠪᠡᠷ ᠲᠣᠬᠢᠯᠢᠭ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃      ︵ᠲᠠᠪᠤ︶ ᠪᠣᠬᠢᠷᠲᠤᠯ ᠥᠬᠡᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠰᠢᠰᠲ᠋ᠧᠮ ᠢ ᠰᠡᠷᠭᠦᠭᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢ ᠠᠬᠤᠶ ᠶᠢᠨ ᠴᠡᠪᠡᠷ ᠠᠰᠢᠭ ᠢ ᠦᠷᠭᠦᠯᠵᠢᠯᠡᠨ ᠪᠠᠳᠠᠷᠠᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠶᠢ ᠠᠬᠢᠭᠤᠯᠤᠨ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠪᠠ ︽ᠬᠤᠶᠠᠷ ᠠᠭᠤᠯᠠ︾ ᠶᠢᠨ  ᠦᠢᠯᠡᠳᠤᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃      ᠠᠷᠪᠢᠲᠠᠶ ᠡᠷᠴᠢᠮᠯᠢᠭ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ᠂ ᠠᠭᠤᠷᠬᠠᠶ ᠶᠢᠨ ᠭᠠᠷᠤᠯᠲᠠ᠂ ᠭᠠᠵᠠᠷ ᠰᠢᠷᠣᠶ᠂ ᠤᠰᠤᠨ ᠤ ᠡᠬᠢ ᠪᠠᠶᠠᠯᠢᠭ ᠪᠠ ᠠᠮᠤ ᠪᠤᠳᠠᠭ᠎ᠠ᠂ ᠤᠯᠠᠨ ᠨᠡᠶᠢᠲᠡ ᠶᠢᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ 10 ᠲᠦᠮᠡᠨ ᠲᠡᠭᠰᠢ ᠳᠥᠷᠪᠡᠯᠵᠢᠨ ᠮᠧᠲᠷ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠠᠷᠢᠭᠤᠨ ᠴᠡᠪᠡᠷ ᠳᠤᠯᠠᠭᠠᠯᠭ᠎ᠠ ᠶᠢ ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ ᠬᠥᠳᠡᠭᠡ ᠲᠣᠰᠬᠤᠨ ᠤ 8700 ᠡᠷᠦᠬᠡ ᠶᠢᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢ ᠪᠡᠶᠡᠯᠡᠭᠦᠯᠦᠨ᠎ᠡ᠃ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠢ ᠦᠷᠭᠦᠯᠵᠢᠯᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠵᠢᠯ ᠤᠨ ᠳᠣᠲᠣᠷ᠎ᠠ 24 ᠡᠾᠤᠺᠲ᠋ᠠᠷ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠭᠠᠵᠠᠷ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠵᠦᠶ ᠵᠣᠬᠢᠰᠲᠠᠶ ᠲᠥᠯᠥᠪᠵᠢᠭᠦᠯᠦᠨ᠎ᠡ᠃ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠡᠷᠡᠭᠴᠡᠭᠡ ᠶᠣᠰᠣᠭᠠᠷ ᠭᠠᠵᠠᠷ ᠰᠢᠷᠣᠶ ᠶᠢ ᠠᠷᠪᠢᠯᠠᠬᠤ ᠦᠨᠡᠯᠡᠯᠲᠡ ᠬᠢᠵᠦ᠂ ᠮᠥ ᠪᠦᠷᠢ ᠶᠢᠨ ᠳᠤᠮᠳᠠᠴᠢ ᠦᠢᠯᠡᠳᠭᠦᠨ ᠤ ᠥᠷᠲᠡᠭ᠂ ᠮᠥ ᠪᠦᠷᠢ ᠶᠢᠨ ᠳᠤᠮᠳᠠᠴᠢ ᠪᠠᠯᠠ ᠣᠷᠣᠭᠤᠯᠤᠯᠲᠠ ᠶᠢᠨ ᠡᠷᠴᠢᠮ ᠢ ᠦᠨᠡᠨᠬᠦ ᠳᠡᠭᠡᠭᠰᠢᠯᠡᠭᠦᠯᠦᠨ᠎ᠡ᠃ ︽ᠲᠠᠪᠤᠨ ᠦᠨᠳᠦᠰᠦᠨ  ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠢᠯ ᠤᠨ ᠳᠣᠲᠣᠷ᠎ᠠ 1500 ᠮᠥ ᠭᠠᠵᠠᠷ ᠰᠢᠷᠣᠶ ᠶᠢ ᠰᠢᠩᠭᠡᠭᠡᠵᠦ ᠠᠮᠢᠯᠠᠭᠤᠯᠤᠨ᠎ᠠ᠃ ᠭᠦᠨ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠢ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠵᠠᠰᠠᠬᠤ ᠶᠢ ᠭᠦᠨᠵᠡᠭᠡᠶᠢᠷᠡᠭᠦᠯᠦᠨ᠎ᠡ᠃ ᠢᠳᠡᠭᠡᠨ ᠤᠮᠳᠠᠭᠠᠨ ᠤ ᠠᠵᠢᠯ ᠲᠦᠷᠦᠯ ᠤᠨ ᠡᠵᠡᠩᠨᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠪᠢᠳᠠᠨ ᠬᠤᠭᠤᠯᠠᠯᠠᠬᠤ ᠲᠦᠷᠢᠮ ᠪᠠ ︽ᠬᠤᠭᠤᠰᠣᠨ ᠬᠤᠭᠤᠯᠠᠯᠠᠬᠤ ᠠᠵᠢᠯᠯᠠᠭ᠎ᠠ︾ ᠶᠢ ᠬᠡᠷᠡᠭᠵᠢᠭᠦᠯᠦᠨ ᠰᠠᠨᠠᠭᠠᠴᠢᠯᠠᠵᠤ᠂ ᠠᠮᠤ ᠪᠤᠳᠠᠭᠠᠨ ᠤ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ᠃ ᠠᠷᠪᠢᠯᠠᠨ ᠭᠠᠮᠨᠠᠬᠤ ᠤᠬᠠᠭᠤᠯᠭ᠎ᠠ ᠶᠢ ᠴᠢᠩᠭᠠᠳᠬᠠᠵᠤ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠡᠭᠡᠨᠴᠢᠷᠯᠡᠨ ᠪᠦᠷᠢᠯᠭᠡᠬᠦ ᠪᠠ ᠬᠡᠳᠦ ᠬᠡᠷᠡᠭᠯᠡᠬᠦ ᠶᠢ ᠡᠰᠡᠷᠭᠦᠴᠡᠵᠦ᠂ ᠡᠬᠢ ᠪᠠᠶᠠᠯᠢᠭ ᠢ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂  ᠪᠤᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠤᠨ᠎ᠠ᠃ ᠭᠤᠤᠯᠳᠠᠯᠭ᠎ᠠ ᠲᠠᠢ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠭᠤᠭᠴᠤᠭ᠎ᠠ ᠶᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠲᠡᠮᠦᠷ ᠤᠨ ᠬᠠᠶᠢᠯᠤᠰᠢ᠂ ᠢᠯᠴᠢ ᠶᠢᠨ ᠴᠠᠬᠢᠯᠭᠠᠨ ᠵᠡᠷᠭᠡ ᠭᠤᠤᠯᠳᠠᠯᠭ᠎ᠠ ᠲᠠᠢ ᠭᠠᠳᠠᠭᠰᠢᠯᠠᠭᠤᠯᠬᠤ ᠠᠵᠢᠯ ᠲᠥᠷᠥᠯ ᠤᠨ ᠲᠣᠭᠤᠰᠣ ᠠᠷᠢᠯᠭᠠᠬᠤ ᠪᠠ ᠪᠢᠲᠡᠭᠦᠮᠵᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ᠂ ᠬᠤᠳᠠ ᠶᠢᠨ ᠲᠣᠭᠤᠰᠣ ᠳᠡᠭᠳᠡᠬᠦ᠂ ᠡᠰᠢ ᠰᠦᠷᠡᠯ ᠢ ᠰᠢᠲᠠᠭᠠᠬᠤ ᠵᠡᠷᠭᠡ ᠭᠤᠣᠯᠳᠠᠯᠭ᠎ᠠ ᠲᠠᠢ ᠪᠣᠬᠢᠷᠲᠤᠯ ᠤᠨ ᠡᠬᠢ ᠰᠤᠷᠪᠤᠯᠵᠢ ᠶᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠠᠴᠠ ᠡᠵᠡᠮᠳᠡᠬᠦ ᠣᠭᠲᠣᠯᠤᠭᠠᠰᠤ ᠶᠢᠨ ᠤᠰᠤᠨ ᠤ ᠴᠢᠨᠠᠷ ᠢ ᠦᠷᠭᠦᠯᠵᠢᠯᠡᠨ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃  ᠭᠤᠤᠯ ᠤᠨ ᠵᠠᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠨ ᠰᠡᠷᠭᠦᠭᠡᠬᠦ ᠶᠢ ᠴᠢᠩᠭᠠᠳᠬᠠᠨ᠂  ᠴᠠᠷ ᠨᠠᠭᠤᠷ  ᠤᠨ ᠶᠡᠷᠦᠩᠬᠡᠶᠢᠯᠡᠨ ᠵᠠᠰᠠᠬᠤ ᠢᠨᠵᠧᠨᠧᠷᠢᠩ  ᠤᠨ ᠣᠨ  ᠤ ᠡᠭᠦᠷᠭᠡ ᠶᠢ ᠪᠡᠶᠡᠯᠡᠭᠦᠯᠵᠦ ᠂ ᠡᠯ ᠳ᠋ᠤᠤ ᠾᠧ ᠭᠤᠣᠯ ᠤᠨ ᠰᠠᠪᠠ ᠭᠠᠵᠠᠷ  ᠤᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠭᠧᠨ ᠽᠢ ᠴᠤᠸᠠᠨ᠂ ᠵᠦ ᠵᠢᠶᠠ ᠶᠢᠩ ᠭᠤᠣᠯ ᠤᠨ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ᠰᠢᠩ ᠾᠧ ᠰᠢᠶᠠᠨ ᠤ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ ᠶᠢ ᠡᠬᠢᠯᠡᠭᠦᠯᠬᠦ ᠶᠢ ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ ᠬᠥᠷᠥᠰᠥ ᠰᠢᠷᠣᠶ ᠶᠢ ᠲᠦᠷᠦᠯ ᠬᠤᠪᠢᠶᠠᠨ ᠬᠠᠮᠢᠶᠠᠷᠬᠤ ᠪᠠ ᠠᠶᠤᠯᠭᠦᠶ ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠴᠢᠩᠭ᠎ᠠ ᠬᠢᠵᠠᠭᠠᠷᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ᠂ ᠬᠢᠮᠢ ᠶᠢᠨ ᠪᠣᠷᠲᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠰᠥᠭᠡᠷᠭᠦ ᠨᠡᠮᠡᠭᠳᠡᠯ ᠲᠠᠢ ᠪᠠᠶᠢᠯᠭᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 3% ᠠᠴᠠ ᠳᠡᠭᠡᠭᠰᠢ ᠪᠠᠭᠠᠰᠬᠠᠵᠤ᠂ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 5% ᠠᠴᠠ ᠳᠡᠭᠡᠭᠰᠢ ᠪᠠᠭᠠᠰᠬᠠᠪᠠ᠃      ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠳᠡᠭᠡᠭᠰᠢᠯᠡᠭᠦᠯᠦᠨ᠎ᠡ᠃ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠶᠢ ᠲᠦᠷᠭᠡᠳᠬᠡᠵᠦ᠂ ︽ᠵᠢᠷᠤᠭ ᠢ ᠬᠥᠮᠥᠷᠭᠡ ᠳᠤ ᠣᠷᠣᠭᠤᠯᠬᠤ︾ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ᠣᠶ ᠰᠢᠭᠤᠶ ᠡᠪᠡᠰᠦ ᠪᠡᠯᠴᠢᠭᠡᠷ ᠤᠨ ᠤᠷᠭᠤᠯᠲᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠮᠠᠭᠤᠳᠠᠭᠰᠠᠨ ᠣᠶ ᠰᠢᠭᠤᠶ ᠶᠢ ᠰᠡᠷᠭᠦᠭᠡᠬᠦ᠂ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠴᠢᠨᠠᠷ ᠮᠠᠭᠤᠲᠠᠶ ᠦᠷ᠎ᠡ ᠠᠰᠢᠭ ᠢᠶᠠᠷ ᠳᠣᠤᠷ᠎ᠠ ᠣᠶ ᠰᠢᠭᠤᠶ ᠶᠢ ᠥᠭᠡᠷᠡᠴᠢᠯᠡᠬᠦ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠵᠡᠷᠭᠡ 2.8 ᠲᠦᠮᠡᠨ ᠮᠥ ᠶᠢ ᠪᠡᠶᠡᠯᠡᠭᠦᠯᠦᠨ᠎ᠡ᠃ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠮᠲᠤ ᠶᠢᠨ ᠤᠢ ᠮᠣᠳᠣᠨ ᠤ ᠭᠠᠵᠠᠷ ᠤᠨ ᠡᠵᠡᠩᠨᠡᠯᠲᠡ ᠶᠢᠨ ᠡᠷᠬᠡ ᠵᠢᠰᠤᠮᠤ ᠶᠢᠨ ᠠᠭᠤᠯᠠ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠡᠬᠢ ᠪᠠᠶᠠᠯᠢᠭ ᠢ ᠪᠤᠶᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠬᠢ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠬᠤᠯᠪᠣᠭᠠᠯᠠᠬᠤ᠂ ᠬᠤᠷᠰᠢᠨ ᠡᠵᠡᠩᠨᠡᠬᠦ ᠶᠢ ᠥᠷᠨᠢᠭᠦᠯᠵᠦ᠂ ᠨᠡᠶᠢᠭᠡᠮ ᠤᠨ ᠬᠥᠷᠥᠩᠭᠡ ᠶᠢ ᠲᠡᠳᠡᠨ ᠪᠠᠯᠠ ᠣᠷᠣᠭᠤᠯᠤᠨ ᠣᠶ ᠰᠢᠭᠤᠶ ᠶᠢᠨ ᠦᠢᠯᠡᠰ ᠢ ᠬᠥᠭᠵᠢᠭᠦᠯᠦᠨ᠎ᠡ᠃ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠤᠢ ᠶᠢᠨ ᠬᠡᠪᠴᠢᠶ᠎ᠡ ᠶᠢ ᠥᠷᠭᠡᠳᠬᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠴᠢᠳᠠᠮᠵᠢ ᠶᠢᠨ ᠵᠡᠷᠭᠡᠴᠡᠴᠡᠭ  ᠤᠨ ᠬᠦᠷᠢᠶᠡᠯᠡᠩ  ᠤᠨ ᠵᠤᠯᠵᠠᠭ᠎ᠠ ᠮᠣᠳᠣ ᠪᠤᠶᠢᠵᠢᠭᠤᠯᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠬᠠᠮᠤᠭ ᠤᠨ ᠭᠤᠶᠤ ᠪᠠᠶᠢᠭᠠᠯᠢ ᠶᠢ ᠰᠠᠬᠢᠨ ᠬᠠᠮᠠᠭᠠᠯᠠᠭᠴᠢ︾᠂ ︽ᠠᠷᠤ ᠭᠠᠵᠠᠷ ᠤᠨ ᠲᠡᠨᠡᠭ ᠡᠪᠦᠭᠡᠨ︾ ᠳ᠋ᠦᠩ ᠬᠤᠩ ᠷᠦ᠋ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠪᠠᠳᠠᠷᠠᠭᠤᠯᠵᠤ᠂ ᠬᠥᠬᠡᠮᠳᠦᠭ ᠨᠣᠭᠤᠭᠠᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠤᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ᠂ ᠠᠷᠠᠳ ᠲᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠬᠤ ᠠᠴᠠ ᠪᠢᠰᠢ ᠪᠠᠭᠤᠷᠠᠭᠤᠯᠤᠯ ᠦᠭᠡᠢ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠣᠯᠠᠰᠢᠷᠠᠭᠤᠯᠬᠤ ᠠᠴᠠ ᠪᠢᠰᠢ ᠳᠤᠲᠠᠭᠳᠠᠰᠢ ᠦᠭᠡᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠩ ᠢᠯᠡᠭᠦᠦ ︽ᠬᠠᠯᠠᠭᠤᠨ ᠳᠤᠯᠠᠭᠠᠨ︾ ᠲᠠᠢ ᠪᠣᠯᠭᠠᠵᠤ᠂ ᠨᠡᠩ ᠢᠯᠡᠭᠦᠦ ︽ᠦᠨᠡᠨ ᠳᠦᠷᠦᠭᠳᠡᠯ︾ ᠲᠠᠢ ᠪᠣᠯᠭᠠᠬᠤ ᠬᠡᠷᠡᠭᠲᠡᠶ᠃      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠤᠯᠠᠨ ᠴᠢᠨᠠᠷ ᠰᠠᠶᠢᠲᠠᠶ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠡᠭᠦᠳᠴᠦ᠂ ᠵᠢᠯ ᠤᠨ ᠳᠣᠲᠣᠷ᠎ᠠ 600 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 200 ᠠᠴᠠ ᠳᠡᠭᠡᠭᠰᠢ ᠬᠥᠮᠦᠨ ᠳᠤ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.2% ᠤᠨ ᠳᠣᠲᠣᠷ᠎ᠠ ᠬᠢᠵᠠᠭᠠᠷᠯᠠᠨ᠎ᠠ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠨᠢᠷᠠᠶ ᠬᠡᠤᠬᠡᠳ ᠢ ︽ᠪᠣᠳᠠᠲᠠᠶᠢᠵᠢᠭᠤᠯᠤᠨ︾ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠠᠬᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠲᠦᠷᠦᠯ ᠬᠤᠪᠢᠶᠠᠨ ᠱᠠᠳᠤ ᠬᠤᠪᠢᠶᠠᠨ ᠥᠷᠨᠢᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠶᠢ ᠦᠨᠡᠨ ᠬᠦ ᠪᠠᠲᠤᠯᠠᠨ᠎ᠠ᠃ ᠳ᠋ᠢᠶᠠᠩᠬᠤᠸᠠ ᠪᠠᠷ ᠳᠠᠩᠰᠠᠯᠠᠭᠤᠯᠬᠤ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠮᠤᠵᠢ ᠠᠯᠤᠰᠯᠠᠨ ᠣᠨᠳᠣᠤ ᠭᠠᠵᠠᠷ ᠲᠤ ᠡᠮᠴᠢᠯᠡᠭᠦᠯᠦᠭᠰᠡᠨ ᠬᠥᠮᠦᠰ ᠤᠨ ᠡᠮᠴᠢᠯᠡᠭᠡᠨ ᠤ ᠵᠠᠷᠤᠳᠠᠯ ᠢ ᠲᠡᠷᠡ ᠳᠠᠷᠤᠶ ᠳᠤᠨᠢ ᠳ᠋ᠦᠩᠨᠡᠨ ᠪᠤᠳᠤᠬᠤ ᠶᠢ ᠦᠨᠡᠨᠬᠦ ᠪᠠᠲᠤᠯᠠᠵᠤ᠂ ᠣᠷᠣᠯᠠᠨ ᠳᠥᠯᠥᠬᠦ ᠳᠠᠷᠤᠭᠠᠰᠤ ᠶᠢ ᠬᠥᠩᠭᠡᠷᠡᠭᠦᠯᠦᠨ᠎ᠡ᠃ ︽ᠬᠤᠶᠠᠷ ᠬᠥᠲᠥᠯᠪᠦᠷᠢ︾ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠲᠡᠭᠦᠯᠳᠡᠷᠵᠢᠭᠦᠯᠵᠦ᠂ 150 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠪᠠᠷ ᠴᠢᠷᠮᠠᠶᠢᠨ᠎ᠠ᠃      ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠢᠰᠲ᠋ᠧᠮ ᠲᠠᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠂ ᠰᠤᠷᠭᠠᠭᠤᠯᠢ ᠨᠢᠭᠡᠪᠦᠷᠢ ᠶᠢ ᠴᠢᠷᠮᠠᠶᠢᠨ ᠰᠠᠶᠢᠲᠤᠷ ᠡᠷᠭᠢᠯᠡᠵᠦ᠂ ᠠᠷᠠᠳ ᠣᠯᠠᠨ ᠤ ︽ᠰᠤᠷᠤᠯᠴᠠᠬᠤ ᠠᠴᠠ ᠰᠤᠷᠭᠠᠨ ᠬᠥᠮᠦᠵᠢᠯ ᠲᠠᠢ︾ ᠪᠠᠶᠢᠭᠰᠠᠨ ᠠᠴᠠ ᠪᠠᠨ ︽ᠰᠤᠷᠤᠯᠴᠠᠬᠤ ᠠᠴᠠ ᠰᠢᠯᠢᠳᠡᠭ ᠰᠤᠷᠭᠠᠨ ᠬᠥᠮᠦᠵᠢᠯ ᠲᠠᠢ︾ ᠪᠣᠯᠬᠤ ᠬᠠᠯᠠᠭᠤᠨ ᠬᠦᠰᠡᠯ ᠢ ᠲᠠᠰᠤᠷᠠᠯᠲᠠ ᠥᠬᠡᠶ ᠬᠠᠩᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠶᠢᠳᠡᠮ ᠲᠦᠭᠡᠮᠡᠯᠵᠢᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠪᠡᠶᠡᠯᠡᠭᠦᠯᠦᠨ᠎ᠡ᠃ ᠴᠢ ᠬᠤᠢ ᠬᠡᠦᠬᠡᠳ ᠤᠨ ᠴᠡᠴᠡᠷᠯᠢᠭ᠂ ᠹᠦ᠋ ᠷᠦᠢ ᠶᠢᠨ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢ ᠰᠢᠨ᠎ᠡ ᠪᠠᠷ ᠪᠠᠶᠢᠭᠤᠯᠪᠠ᠃ ︽ᠬᠤᠶᠠᠷ ᠢ ᠪᠠᠭᠠᠰᠬᠠᠬᠤ︾ ᠠᠵᠢᠯ ᠢ ᠢᠳᠡᠪᠬᠢᠲᠡᠶ ᠥᠷᠨᠢᠭᠦᠯᠵᠦ᠂ ︽ᠬᠤᠶᠠᠷ ᠢ ᠪᠠᠭᠠᠰᠬᠠᠬᠤ︾ ᠵᠢᠱᠢᠶ᠎ᠡ ᠦᠵᠡᠭᠦᠯᠬᠦ ᠰᠤᠷᠭᠠᠭᠤᠯᠢ ᠬᠤᠶᠠᠷ ᠢ ᠡᠭᠦᠳᠦᠨ ᠪᠠᠶᠢᠭᠤᠯᠪᠠ᠃ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠳᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠲᠤᠰᠬᠠᠶᠢᠵᠢᠬᠤ᠂ ᠠᠵᠢᠯ ᠮᠡᠷᠭᠡᠵᠢᠬᠦ ᠬᠥᠭᠵᠢᠯᠲᠡ ᠶᠢ ᠠᠬᠢᠭᠤᠯᠤᠨ᠎ᠠ᠃ ᠪᠠᠭᠰᠢ ᠶᠢᠨ ᠡᠩᠨᠡᠭᠡᠨ ᠤ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠢ ᠤᠷᠢᠨ ᠬᠡᠷᠡᠭᠯᠡᠬᠦ ᠶᠢ ᠱᠠᠩᠨᠠᠨ ᠬᠥᠬᠢᠭᠦᠯᠬᠦ ᠠᠷᠭ᠎ᠠ ᠶᠢ ᠨᠡᠶᠢᠲᠡᠯᠡᠵᠦ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠨᠤᠲᠤᠭᠰᠢᠭᠤᠯᠤᠨ ᠡᠶ᠎ᠡ ᠨᠠᠶᠢᠷᠠᠮᠳᠠᠭᠤ ᠪᠣᠯᠭᠠᠵᠤ᠂ ᠰᠤᠷᠭᠠᠨ ᠬᠥᠮᠦᠵᠢᠯ ᠳᠤ ᠣᠷᠣᠯᠴᠠᠭᠤᠯᠤᠨ᠎ᠠ᠃ ᠰᠤᠷᠭᠠᠭᠤᠯᠢ ᠶᠢᠨ ᠳᠦᠷᠢᠮ ᠲᠣᠭᠲᠠᠭᠠᠯ ᠰᠤᠷᠭᠠᠭᠤᠯᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠤᠭᠴᠢᠳ ᠤᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠴᠤᠭᠴᠠᠯᠠᠨ᠎ᠠ᠃      ᠡᠷᠡᠭᠦᠯ ᠡᠩᠬᠡ ᠪᠠᠷ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠤᠨ ᠪᠠᠶᠢᠳᠠᠯ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠰᠠᠶᠢᠲᠤᠷ ᠪᠠᠲᠤᠯᠠᠵᠤ᠂ ᠨᠠᠰᠤᠲᠠᠶᠢᠴᠤᠳ ᠪᠠ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠬᠠᠮᠲᠤᠯᠢᠭ ᠢ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠡᠷᠡᠭᠦᠯ ᠮᠡᠨᠳᠦ ᠶᠢ ᠬᠦᠴᠦᠯᠡᠨ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠨ᠎ᠡ᠃ ᠬᠠᠯᠠᠭᠤᠷᠠᠯ ᠤᠨ ᠡᠭᠦᠳᠡᠨ ᠡᠮᠨᠡᠯᠭᠡ ᠶᠢ ᠪᠠᠶᠢᠩᠭᠤᠵᠢᠭᠤᠯᠵᠤ ᠵᠢᠷᠤᠮᠵᠢᠭᠤᠯᠤᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠪᠠ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠲᠢᠲᠢᠮ ᠤᠨ ᠸᠢᠷᠦ᠋ᠰ ᠤᠨ ᠬᠠᠯᠳᠠᠪᠤᠷᠢᠯᠠᠯ ᠢ ᠡᠮᠨᠡᠨ ᠵᠠᠰᠠᠬᠤ ᠬᠠᠮᠢᠶ᠎ᠠ ᠪᠥᠬᠦᠶ ᠡᠮ ᠤᠨ ᠵᠦᠢᠯ ᠪᠠ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠨᠥᠭᠡᠴᠡ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠬᠥᠮᠦᠰ ᠢ ᠬᠢᠨᠠᠨ ᠬᠡᠮᠵᠢᠬᠦ ᠠᠵᠢᠯ ᠢ ᠲᠡᠭᠦᠯᠳᠡᠷᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠶᠠᠰᠤᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠢᠭᠡ ᠪᠦᠯᠦᠭ ᠰᠢᠯᠢᠳᠡᠭ ᠡᠮᠴᠢ ᠰᠤᠪᠢᠯᠠᠭᠴᠢ ᠶᠢ ᠤᠷᠢᠨ ᠬᠡᠷᠡᠭᠯᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠢᠯᠡᠭᠦᠦ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠨᠡᠶᠢᠭᠡᠮ ᠤᠨ ᠡᠷᠡᠭᠦᠯ ᠮᠡᠨᠳᠦ ᠶᠢᠨ ᠵᠠᠰᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠨᠢᠭᠡ ᠨᠠᠰᠤᠲᠠᠨ ᠨᠢᠭᠡ ᠪᠠᠭ᠎ᠠ︾ ᠶᠢᠨ ᠡᠷᠡᠭᠦᠯ ᠮᠡᠨᠳᠦ ᠶᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠰᠠᠶᠢᠲᠤᠷ ᠬᠢᠵᠦ᠂ ᠬᠤᠲᠠ ᠶᠢᠨ ᠲᠠᠰ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠢᠷᠠᠭᠤ ᠠᠯᠳᠠᠷ ᠤᠨ ᠬᠦᠷᠢᠶᠡᠯᠡᠩ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠬᠡᠤᠬᠡᠳ ᠰᠠᠭᠠᠲᠠᠭᠤᠯᠬᠤ ᠵᠢᠯᠣᠭᠤᠳᠬᠤ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠯᠠᠨ ᠲᠠᠯ᠎ᠠ ᠶᠢᠨ ᠬᠦᠴᠦᠨ ᠢ ᠳᠠᠶᠢᠴᠢᠯᠠᠨ ᠨᠠᠰᠤᠲᠠᠨ ᠢ ᠠᠰᠠᠷᠠᠬᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠢ ᠰᠢᠨ᠎ᠡ ᠪᠠᠷ ᠪᠠᠶᠢᠭᠤᠯᠵᠤ᠂ ᠫᠢᠩᠫᠠᠩ ᠪᠥᠮᠪᠦᠭᠡ᠂ ᠥᠳᠥᠨ ᠪᠥᠮᠪᠦᠭᠡ᠂ ᠰᠠᠭᠰᠤᠨ ᠪᠥᠮᠪᠦᠭᠡ᠂ ᠬᠥᠯ ᠪᠥᠮᠪᠦᠭᠡ᠂ ᠠᠯᠬᠤᠭ᠎ᠠ ᠤᠷᠤᠯᠳᠤᠭᠠᠨ ᠵᠡᠷᠭᠡ ᠡᠯ᠎ᠡ ᠲᠥᠷᠥᠯ ᠤᠨ ᠡᠯᠪᠡᠭ ᠪᠠᠶᠠᠯᠢᠭ ᠣᠯᠠᠨ ᠶᠠᠩᠵᠤ ᠶᠢᠨ ᠤᠷᠤᠯᠳᠤᠭᠠᠨ ᠤ ᠤᠷᠤᠯᠳᠤᠭᠠᠨ ᠡᠷᠭᠢᠯᠡᠬᠦ ᠶᠢ ᠵᠣᠷᠢᠭᠵᠢᠭᠤᠯᠵᠤ᠂ ᠣᠯᠠᠨ ᠲᠦᠮᠡᠨ ᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠤᠶᠢᠵᠢᠭᠤᠯᠤᠨ᠎ᠠ᠃      ᠰᠣᠶᠣᠯ ᠤᠨ ᠦᠢᠯᠡᠰ ᠢ ᠶᠡᠬᠡᠪᠡᠷ ᠴᠡᠴᠡᠭᠯᠡᠭᠦᠯᠦᠨ ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠨᠠᠶᠢᠷᠠᠮᠳᠠᠯ ᠢ ᠮᠠᠨᠳᠤᠭᠤᠯᠬᠤ ᠴᠣᠩᠬᠤ᠂ ᠰᠣᠶᠣᠯ ᠤᠨ ᠤᠷᠳᠤ ᠬᠤᠨᠭ᠍ᠬᠢᠯ ᠪᠠ ᠬᠥᠳᠡᠭᠡ ᠲᠣᠰᠬᠤᠨ ᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠰᠣᠶᠣᠯ ᠤᠨ ᠣᠷᠳᠣᠨ᠂ ᠨᠣᠮ ᠤᠨ ᠰᠠᠩ᠂ ᠮᠦᠽᠧᠶ᠂ ᠤᠷᠠᠨ ᠵᠢᠷᠤᠭ ᠤᠨ ᠣᠷᠳᠣᠨ ᠵᠡᠷᠭᠡ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠶᠢᠨ ᠬᠠᠮᠲᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠎ᠡ᠃ ᠪᠥᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ︽ᠨᠣᠮ ᠤᠨ ᠦᠨᠦᠷ ᠠᠮᠲᠠ ᠶᠢ ᠮᠠᠨᠳᠤᠭᠤᠯᠬᠤ︾ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠢ ᠵᠦᠴᠦᠭᠡ ᠶᠢ ᠬᠥᠳᠡᠭᠡ ᠬᠦᠷᠭᠡᠬᠦ᠂ ᠰᠣᠶᠣᠯ ᠢ ᠬᠥᠳᠡᠭᠡ ᠬᠦᠷᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ︽ᠬᠤᠶᠠᠷ ᠢ ᠤᠶᠠᠯᠳᠤᠭᠤᠯᠬᠤ︾ ᠶᠢ ᠭᠦᠨᠵᠡᠭᠡᠶ ᠡᠵᠡᠮᠰᠢᠵᠦ᠂ ᠰᠣᠶᠣᠯ ᠤᠨ ︽ᠬᠤᠶᠠᠷ ᠢ ᠡᠭᠦᠳᠬᠦ︾ ᠶᠢ ᠭᠦᠨᠵᠡᠭᠡᠶ ᠲᠦᠯᠬᠢᠨ ᠠᠬᠢᠭᠤᠯᠵᠤ᠂ ᠭᠦᠨ ᠵᠤᠵᠠᠭᠠᠨ ᠰᠣᠶᠣᠯ ᠢ ᠬᠦᠡᠭᠭᠡᠨ ᠢᠶᠠᠷ ᠪᠥᠵᠢᠭᠯᠡᠭᠦᠯᠦᠨ᠎ᠡ᠃ ᠲᠡᠦᠬᠡ ᠰᠣᠶᠣᠯ᠂ ᠬᠤᠪᠢᠰᠬᠠᠯ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠢ ᠠᠭᠤᠳᠠᠯᠵᠤ᠂ ᠪᠠᠶᠠᠯᠢᠭ ᠰᠠᠶᠢᠬᠠᠨ ᠰᠣᠶᠣᠯ ᠤᠨ ᠵᠣᠬᠢᠶᠠᠨ ᠪᠦᠲᠦᠭᠡᠬᠦ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠰᠣᠳᠣᠨ ᠪᠦᠲᠦᠭᠡᠯ ᠭᠠᠷᠭᠠᠬᠤ ᠪᠠᠷ ᠴᠢᠷᠮᠠᠶᠢᠵᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠲᠤᠯᠠᠬᠤ ᠪᠠ ᠪᠠᠶᠠᠯᠢᠭᠵᠢᠭᠤᠯᠬᠤ ᠪᠠᠷ ᠬᠦᠴᠦᠯᠡᠨ ᠴᠢᠷᠮᠠᠶᠢᠨ᠎ᠠ᠃ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠵᠢᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠲᠦᠰᠢᠭᠯᠡᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ ᠪᠠᠶᠠᠯᠢᠭ ᠰᠠᠶᠢᠬᠠᠨ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠥᠷᠨᠢᠭᠦᠯᠦᠨ᠎ᠡ᠃      ᠡᠩᠬᠡ ᠲᠠᠶᠢᠪᠤᠩ ᠰᠢᠩ ᠾᠧ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ᠃ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠡᠷᠴᠢᠮ ᠢ ᠭᠦᠨᠵᠡᠭᠡᠶᠢᠷᠡᠭᠦᠯᠵᠦ᠂ ᠤᠯᠠᠭᠠᠨᠴᠠᠪ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠪᠠᠷ ᠠᠴᠢᠶᠠᠯᠠᠪᠤᠷᠢ ᠪᠣᠯᠭᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠬᠦᠷᠢᠶ᠎ᠡ ᠬᠡᠪᠴᠢᠶ᠎ᠡ᠂ ᠡᠵᠡᠩᠨᠡᠯᠲᠡ ᠶᠢᠨ ᠬᠡᠯᠪᠡᠷᠢ ᠪᠠᠶᠢᠳᠠᠯ᠂ ᠭᠤᠭᠴᠤᠭ᠎ᠠ ᠬᠤᠪᠢᠶᠠᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠡᠷᠡᠰ ᠰᠠᠬᠢᠨ ᠬᠠᠮᠠᠭᠠᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠭᠦᠨᠵᠡᠭᠡᠶ ᠠᠬᠢᠭᠤᠯᠵᠤ᠂ ᠳᠠᠯᠳᠠ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠨ᠂ ᠳᠠᠯᠳᠠ ᠥᠷᠢ ᠥᠭᠴᠡᠭᠡ ᠶᠢᠨ ᠦᠯᠡᠳᠡᠭᠡᠯ ᠬᠡᠮᠵᠢᠶ᠎ᠡ ᠶᠢ ᠡᠮᠬᠢ ᠵᠢᠷᠤᠮ ᠲᠠᠢ ᠠᠷᠢᠯᠭᠠᠵᠤ᠂ ᠣᠨ ᠤ ᠥᠷᠢ ᠥᠭᠴᠡᠭᠡ ᠪᠣᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠬᠦ ᠪᠠᠷ ᠴᠢᠷᠮᠠᠶᠢᠨ᠎ᠠ᠃ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠶᠢ ︽ᠠᠮᠤᠷ ᠠᠮᠤᠭᠤᠯᠠᠩ ᠡᠩᠬᠡ ᠲᠠᠶᠢᠪᠤᠩ︾ ᠤᠨ ᠪᠦᠲᠦᠭᠡᠡ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠬᠢᠨ ᠬᠠᠮᠠᠭᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠡ ᠪᠠᠶᠢᠭᠤᠯᠤᠯᠲᠠ ᠶᠢᠨ ᠬᠠᠮᠤᠭ ᠤᠨ ᠳᠡᠭᠡᠳᠦ ᠱᠠᠩᠨᠠᠯ ︽ᠴᠠᠩ ᠠᠨ ᠬᠤᠨᠳᠠᠭ᠎ᠠ︾ ᠶᠢ ᠡᠭᠦᠳᠬᠦ ᠪᠠᠷ ᠴᠢᠷᠮᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠴᠠᠭᠳᠠᠭᠠᠨ ᠤ ᠶᠠᠪᠤᠳᠠᠯ ᠤᠨ ᠲᠠᠰᠤᠭ ᠢ ᠠᠵᠤ ᠠᠬᠤᠶᠢᠯᠠᠯ ᠳᠤ ᠣᠷᠣᠭᠤᠯᠬᠤ᠂ ︽ᠨᠢᠭᠡᠳᠦᠭᠡᠷ ᠴᠠᠭᠳᠠᠭᠠᠨ ᠤ ᠳᠠᠷᠤᠭ᠎ᠠ︾ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠨᠠᠷᠢᠯᠢᠭ ᠪᠥᠭᠡᠳ ᠪᠣᠳᠠᠲᠠᠶᠢᠵᠢᠭᠤᠯᠤᠨ᠎ᠠ᠃ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠠᠩᠰᠠ ᠡᠪᠬᠡᠮᠡᠯ᠂ ᠲᠡᠤᠬᠡ ᠣᠶᠢᠯᠠᠯᠭ᠎ᠠ᠂ ᠡᠷᠲᠡ ᠴᠢᠯᠥᠭᠡᠯᠡᠭᠳᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠡᠯ᠎ᠡ  ᠵᠦᠢᠯ ᠤᠨ ᠨᠡᠶᠢᠭᠡᠮ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      ᠲᠥᠯᠥᠭᠡᠯᠡᠭᠴᠢᠳ ᠡ︕ ᠰᠢᠨ᠎ᠡ ᠠᠶᠠᠨ ᠵᠠᠮ ᠳᠤ ᠰᠢᠨ᠎ᠡ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠨᠢ ᠰᠢᠨ᠎ᠡ ᠵᠢᠳᠬᠦᠯ ᠴᠢᠷᠮᠠᠶᠢᠯᠭ᠎ᠠ ᠶᠢ ᠤᠷᠮᠠᠰᠢᠭᠤᠯᠳᠠᠭ᠃ ᠪᠢᠳᠡ ︽ᠰᠢᠯᠭᠠᠯᠲᠠ ᠳᠤ ᠣᠷᠣᠯᠴᠠᠬᠤ︾ ᠬᠤᠷᠴᠠ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠢᠮᠠᠭᠲᠠ ᠪᠠᠷᠢᠮᠲᠠᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠷ ᠢᠮᠠᠭᠲᠠ ᠤᠯᠠᠨ ᠲᠦᠮᠡᠨ ᠲᠠᠢ ᠪᠤᠳᠤᠯ ᠰᠡᠳᠬᠢᠯ ᠢᠶᠠᠨ ᠨᠢᠭᠡᠳᠬᠡᠵᠦ᠂ ᠬᠠᠮᠲᠤ ᠠᠵᠢᠯᠯᠠᠵᠤ᠂ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠡᠭᠡᠨ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠦᠨ᠎ᠡ᠃      ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠤᠯᠤᠰ ᠲᠦᠷᠦ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠯᠠᠪᠳᠠᠭᠤᠨ ᠪᠠᠲᠤᠲᠠᠢ ᠬᠡᠷᠡᠭᠵᠢᠭᠦᠯᠵᠦ᠂ ︽ᠬᠤᠶᠠᠷ ᠢ ᠲᠣᠭᠲᠠᠭᠠᠬᠤ︾ ᠶᠢ ᠢᠮᠠᠭᠲᠠ ᠪᠠᠷᠢᠮᠲᠠᠯᠠᠨ ᠬᠠᠮᠠᠭᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃      ᠠᠷᠠᠳ ᠤᠨ ᠲᠥᠯᠥᠭᠡ ᠵᠠᠰᠠᠭ ᠶᠠᠪᠤᠭᠤᠯᠬᠤ ᠶᠢ ᠰᠡᠳᠬᠢᠯ ᠳᠡᠭᠡᠨ ᠪᠤᠳᠤᠨ᠎ᠠ᠃ ᠥᠨᠳᠥᠷ ᠪᠦᠲᠦᠮᠵᠢᠲᠡᠶ ᠵᠠᠰᠠᠭ ᠤᠨ ᠣᠷᠳᠣᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ᠂ ᠦᠢᠯᠡᠴᠢᠯᠡᠭᠡᠨ ᠤ ᠶᠠᠰᠤ ᠴᠢᠨᠠᠷ ᠢᠶᠠᠷ ᠰᠢᠯᠢᠳᠡᠭ᠂ ᠠᠵᠢᠯ ᠤᠨ ᠦᠷ᠎ᠡ ᠪᠦᠲᠦᠮᠵᠢ ᠪᠠᠷ ᠥᠨᠳᠥᠷ ᠵᠠᠰᠠᠭ ᠤᠨ ᠶᠠᠪᠤᠳᠠᠯ ᠤᠨ ᠵᠤᠷᠢᠯᠲᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠨᠢᠭᠡ ᠨᠢᠭᠡ ᠶᠠᠪᠤᠳᠠᠯ ᠢᠶᠠᠷ ᠬᠢᠵᠦ᠂ ᠵᠢᠯ ᠳᠠᠷᠠᠭᠠᠯᠠᠨ ᠬᠢᠵᠦ᠂ ᠤᠯᠠᠨ ᠲᠦᠮᠡᠨ ᠤ ᠳᠡᠷᠭᠡᠳᠡᠬᠢ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠤ ︽ᠦᠢᠯᠡᠴᠢᠯᠡᠭᠡᠨ ᠤ ᠵᠢᠭᠠᠯᠲᠠ ᠲᠤᠭ᠎ᠠ︾ ᠪᠠᠷ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠤᠨ᠎ᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠮᠥᠷᠥᠨ ᠳᠡᠭᠡᠷ᠎ᠡ ᠪᠠᠨ ᠡᠭᠦᠷᠭᠡᠯᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠥᠭᠵᠢᠯᠲᠡ ᠶᠢ ᠲᠦᠯᠬᠢᠨ ᠠᠬᠢᠭᠤᠯᠵᠤ᠂ ᠵᠥᠷᠢᠴᠡᠯ ᠢ ᠠᠷᠢᠯᠭᠠᠨ᠂ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠵᠢᠨᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠤᠳᠤᠯᠭ᠎ᠠ ᠲᠣᠭᠲᠠᠭᠠᠬᠤ ᠵᠢᠷᠤᠮ ᠢ ᠵᠢᠷᠤᠮᠵᠢᠭᠤᠯᠵᠤ᠂  ᠰᠢᠢᠳᠪᠦᠷᠢᠳᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠪᠣᠳᠠᠲᠠᠶ ᠶᠢ ᠡᠷᠬᠢᠮᠯᠡᠨ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠭᠠᠷ ᠲᠠᠭᠠᠨ ᠠᠳᠬᠤᠬᠤ ᠬᠡᠷᠡᠭᠲᠡᠶ᠃ ᠪᠣᠳᠠᠲᠠᠶ ᠶᠢ ᠡᠷᠬᠢᠮᠯᠡᠬᠦ ᠵᠠᠰᠠᠭ ᠤᠨ ᠣᠷᠳᠣᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠬᠦ ᠤᠬᠠᠮᠰᠠᠷ ᠢᠶᠠᠨ ᠴᠢᠩᠭᠠᠷᠠᠭᠤᠯᠤᠨ᠂ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠶᠡᠭᠡ ᠪᠠᠷ ᠪᠠᠳᠠᠷᠠᠭᠤᠯᠤᠨ᠎ᠠ᠃ ᠲᠠᠶᠢᠯᠪᠤᠷᠢ ᠲᠠᠢ ᠰᠡᠳᠬᠢᠬᠦᠶ ᠪᠠᠨ ᠴᠢᠩᠭᠠᠷᠠᠭᠤᠯᠵᠤ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠲᠣᠪᠤᠶᠢᠮ᠎ᠠ ᠰᠠᠶᠢᠲᠤᠷ  ᠰᠢᠢᠳᠪᠦᠷᠢᠯᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠶ ᠱᠠᠭᠠᠷᠳᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠶᠠᠪᠤᠳᠠᠯ ᠪᠣᠯᠭᠠᠨ ᠳᠤ ᠦᠷ᠎ᠡ ᠪᠦᠲᠦᠮᠵᠢ ᠭᠠᠷᠭᠠᠬᠤ ᠶᠢ ᠲᠡᠷᠡ ᠬᠡᠪ ᠢᠶᠠᠷ ᠨᠢ ᠳᠥᠯᠭᠢᠨ ᠠᠬᠢᠭᠤᠯᠤᠨ᠎ᠠ᠃ ᠪᠠᠶᠢᠴᠠᠭᠠᠨ ᠰᠤᠳᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ︽ᠳᠡᠭᠡᠳᠦ ᠱᠠᠲᠤᠨ ᠤ ᠪᠠᠶᠢᠳᠠᠯ︾ ᠢ ᠲᠤᠭᠤᠷᠠᠳᠠᠯ᠎ᠠ ᠣᠶᠢᠯᠠᠭᠠᠵᠤ᠂ ︽ᠳᠣᠲᠣᠭᠠᠳᠤ ᠪᠠᠶᠢᠳᠠᠯ︾ ᠢ ᠣᠶᠢᠯᠠᠭᠠᠵᠤ᠂ ︽ᠳᠤᠤᠷᠠᠳᠤ ᠱᠠᠲᠤᠨ ᠤ ᠪᠠᠶᠢᠳᠠᠯ︾ ᠢ ᠡᠵᠡᠮᠰᠢᠵᠦ᠂ ᠪᠤᠳᠤᠯᠢᠶᠠᠨᠲᠠᠶ ᠪᠠᠶᠢᠳᠠᠯ ᠢ ᠠᠷᠭᠠᠴᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃      ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠣᠳᠠᠲᠠᠶ ᠪᠠᠷ ᠨᠠᠶᠢᠳᠠᠪᠤᠷᠢᠵᠢᠭᠤᠯᠤᠨ᠎ᠠ᠃ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠭᠦᠢᠴᠡᠳᠬᠡᠵᠦ᠂ ᠡᠳ᠋ ᠤᠨ ᠵᠠᠰᠠᠭ ᠤᠨ ᠬᠢᠨᠠᠯᠲᠠ᠂ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠲᠥᠰᠦᠪ ᠪᠠ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠷᠪᠢᠯᠠᠨ ᠭᠠᠮᠨᠠᠵᠤ ᠠᠮᠢᠳᠤᠷᠠᠬᠤ ᠶᠢ ᠬᠡᠪ ᠤᠨ ᠪᠠᠶᠢᠳᠠᠯ ᠪᠣᠯᠭᠠᠨ᠎ᠠ᠃      ᠲᠥᠯᠥᠭᠡᠯᠡᠭᠴᠢᠳ ᠡ︕ ᠠᠵᠠ ᠲᠣᠬᠢᠶᠠᠯ ᠵᠢᠭᠠᠬᠠᠨ ᠰᠤᠯᠠᠷᠠᠪᠠᠯ ᠳᠠᠷᠤᠢ ᠠᠯᠠᠭᠳᠠᠨ᠎ᠠ᠂ ᠬᠥᠭᠵᠢᠯᠲᠡ ᠶᠢᠨ ᠴᠠᠭ ᠪᠢᠳᠡᠨ ᠢ ᠬᠦᠯᠢᠶᠡᠬᠦ ᠦᠭᠡᠢ᠃ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠤᠭ ᠰᠠᠨᠠᠭ᠎ᠠ ᠶᠢ ᠪᠠᠲᠤ ᠴᠢᠩᠭ᠎ᠠ ᠪᠡᠶᠡᠯᠡᠭᠦᠯᠦᠨ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠬᠥᠪᠴᠢᠯᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ᠃    ᠨᠡᠷ᠎ᠡ ᠦᠭᠡ ᠶᠢᠨ ᠲᠠᠶᠢᠯᠪᠤᠷᠢ      1. DIP ᠲᠣᠭᠠᠴᠠᠭ᠎ᠠ ᠬᠢᠬᠦ ᠠᠷᠭ᠎ᠠ ᠮᠠᠶ᠋ᠢᠭ᠄ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠨ᠎ᠠ᠂ ᠲᠣᠮᠣ ᠳ᠋ᠠᠶᠢᠲ᠋ᠠ ᠶᠢ ᠠᠰᠢᠭᠯᠠᠨ ᠡᠪᠡᠳᠴᠢᠨ ᠡᠮᠭᠡᠭ ᠢ ︽ᠡᠪᠡᠳᠴᠢᠨ ᠡᠮᠭᠡᠭ ᠢ ᠣᠨᠣᠰᠢᠯᠠᠬᠤ + ᠡᠮᠨᠡᠨ ᠵᠠᠰᠠᠬᠤ ᠠᠷᠭ᠎ᠠ ᠮᠠᠶ᠋ᠢᠭ︾ ᠤᠨ ᠨᠡᠶᠢᠯᠡᠪᠦᠷᠢ ᠪᠠᠷ ᠵᠠᠷᠤᠳᠠᠯ ᠲᠤᠰᠢᠶᠠᠬᠤ ᠨᠢᠭᠡᠴᠢ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠲᠠᠢ ᠤᠶᠠᠯᠳᠤᠭᠤᠯᠤᠨ ᠡᠪᠡᠳᠴᠢᠨ ᠤ ᠲᠥᠷᠥᠯ ᠨᠢᠭᠡᠪᠦᠷᠢ ᠶᠢᠨ ᠵᠠᠷᠤᠳᠠᠯ ᠲᠤᠰᠢᠶᠠᠬᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠲᠣᠰ ᠪᠠᠷᠢᠮᠵᠢᠶ᠎ᠠ ᠪᠠᠷ ᠡᠮᠨᠡᠯᠭᠡ ᠶᠢᠨ ᠬᠤᠷᠢᠶ᠎ᠠ ᠳᠤ ᠵᠠᠷᠤᠳᠠᠯ ᠲᠤᠰᠢᠶᠠᠨ᠎ᠠ᠃      2. ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ᠄ ᠡᠨᠡ ᠪᠣᠯ ᠤᠯᠠᠭᠠᠨᠴᠠᠪ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠮᠥᠨ᠃ ︽ᠢᠯᠡ ᠪᠣᠯᠭᠠᠬᠤ︾ ᠭᠡᠳᠡᠭ ᠨᠢ ᠳᠠᠷᠤᠶ ᠪᠡᠶ᠎ᠡ ᠶᠢᠨ ᠭᠠᠷᠤᠯ᠂ ᠡᠭᠦᠷᠭᠡ᠂ ᠡᠭᠦᠷᠭᠡ ᠬᠠᠷᠢᠭᠤᠴᠠᠯᠭ᠎ᠠ ᠪᠠᠨ ᠢᠯᠡ ᠪᠣᠯᠭᠠᠬᠤ ᠶᠢ ᠬᠡᠯᠡᠨ᠎ᠡ︔ ︽ᠢᠯᠡ ᠪᠣᠯᠭᠠᠬᠤ︾ ᠭᠡᠳᠡᠭ ᠨᠢ ᠠᠮᠵᠢᠯᠲᠠ ᠪᠠᠨ ᠢᠯᠡ ᠪᠣᠯᠭᠠᠬᠤ᠂ ᠬᠢᠯᠠᠰ ᠴᠡᠭ ᠢᠶᠠᠨ ᠢᠯᠡ ᠪᠣᠯᠭᠠᠬᠤ᠂ ᠵᠥᠷᠢᠶ᠎ᠡ ᠪᠠᠨ ᠢᠯᠡ ᠪᠣᠯᠭᠠᠬᠤ ᠶᠢ ᠬᠡᠯᠡᠨ᠎ᠡ ︔ ︽ᠠᠳᠠᠯᠢᠳᠬᠠᠬᠤ︾ ᠭᠡᠳᠡᠭ ᠨᠢ ᠬᠤᠪᠢ ᠨᠡᠮᠡᠷᠢ ᠶᠢ ᠠᠳᠠᠯᠢᠳᠬᠠᠬᠤ᠂ ᠠᠬᠢᠴᠠ ᠶᠢ ᠠᠳᠠᠯᠢᠳᠬᠠᠬᠤ᠂ ᠪᠠᠶᠢᠷᠢ ᠶᠢᠨ ᠳᠠᠷᠠᠭᠠᠯᠠᠯ ᠢ ᠠᠳᠠᠯᠢᠳᠬᠠᠬᠤ ᠶᠢ ᠬᠡᠯᠡᠵᠦ ᠪᠠᠶᠢᠨ᠎ᠠ᠃      3. ︽ᠲᠠᠪᠤ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠠᠵᠢᠯᠯᠠᠭ᠎ᠠ᠄ ᠡᠨᠡ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠶᠢ ᠵᠢᠭᠠᠵᠤ ᠪᠣᠶ᠃      4. ︽ᠲᠠᠪᠤᠨ ᠶᠡᠭᠡ ᠡᠬᠢᠯᠡᠯᠲᠡ︾᠄ ᠡᠨᠡ ᠨᠢ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠶᠡᠭᠡ ᠡᠬᠢᠯᠡᠯᠲᠡ ᠲᠠᠢ ᠪᠣᠯᠭᠠᠬᠤ᠂ ᠨᠡᠭᠡᠭᠡᠯᠳᠡ ᠶᠢᠨ ᠣᠷᠣᠨ ᠤ ᠰᠤᠯᠠ ᠪᠠᠶᠢᠬᠤ ᠡᠬᠢ ᠪᠠᠶᠠᠯᠢᠭ ᠤᠨ ᠬᠦᠴᠦᠨ ᠵᠦᠢᠯ  ᠢ ᠶᠡᠭᠡ ᠡᠬᠢᠯᠡᠯᠲᠡ ᠲᠠᠢ ᠪᠣᠯᠭᠠᠬᠤ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠶᠡᠭᠡ ᠡᠬᠢᠯᠡᠯᠲᠡ ᠲᠠᠢ ᠪᠣᠯᠭᠠᠬᠤ ᠲᠤᠰᠬᠠᠶ ᠵᠦᠢᠯ  ᠤᠨ ᠠᠵᠢᠯᠯᠠᠭ᠎ᠠ᠂ ︽ᠬᠠᠭᠠᠰ ᠬᠤᠭᠤᠰ︾  ᠤᠨ ᠢᠨᠵᠧᠨᠧᠷᠢᠩ ᠢ ᠶᠡᠭᠡ ᠡᠬᠢᠯᠡᠯᠲᠡ ᠲᠠᠢ ᠪᠣᠯᠭᠠᠬᠤ ᠂ ᠵᠥᠪᠰᠢᠶᠡᠷᠡᠭᠰᠡᠨ ᠪᠣᠯᠪᠠᠴᠤ ᠰᠤᠯᠠ ᠪᠠᠶᠢᠬᠤ ᠭᠠᠵᠠᠷ ᠰᠢᠷᠣᠶ ᠶᠢ ᠶᠡᠭᠡ ᠡᠬᠢᠯᠡᠯᠲᠡ ᠲᠠᠢ ᠪᠣᠯᠭᠠᠬᠤ ᠶᠢ ᠵᠢᠭᠠᠵᠤ ᠪᠤᠢ᠃      5. ︽ᠲᠠᠪᠤᠨ ᠶᠡᠭᠡ ᠡᠭᠦᠷᠭᠡ︾᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠶᠢ ᠵᠢᠭᠠᠵᠤ ᠪᠣᠶ᠃      6. ︽ᠲᠠᠪᠤᠨ ᠶᠡᠭᠡ ᠠᠵᠤ ᠠᠬᠤᠶ︾᠄ ᠡᠨᠡ ᠨᠢ ᠤᠯᠠᠭᠠᠨᠴᠠᠪ ᠬᠤᠲᠠ ᠶᠢᠨ ᠶᠠᠭ ᠰᠠᠶᠢᠬᠠᠨ ᠬᠥᠭᠵᠢᠭᠦᠯᠵᠦ ᠪᠠᠶᠢᠭ᠎ᠠ ᠲᠤᠭ᠎ᠠ᠂ ᠬᠦᠢᠰᠤ᠂ ᠪᠣᠬᠢᠷᠲᠤᠯ ᠥᠬᠡᠶ᠂ ᠳᠣᠤᠷ᠎ᠠ ᠨᠡᠭᠦᠷᠡᠰᠦᠲᠥ᠋ᠷᠥᠭᠴᠢᠲᠦ ᠣᠷᠴᠢᠯ᠂ ᠣᠲᠣ ᠦᠶ᠎ᠡ ᠶᠢᠨ ᠡᠨᠧᠷᠭᠢ ᠶᠢᠨ ︽ᠲᠠᠪᠤᠨ ᠶᠡᠭᠡ ᠠᠵᠤ ᠠᠬᠤᠶ︾ ᠶᠢ ᠵᠢᠭᠠᠵᠤ ᠪᠣᠶ᠃      7. ︽ᠬᠤᠶᠠᠷ ᠬᠦᠷᠢᠶᠡᠯᠡᠩ ᠬᠤᠶᠠᠷ ᠲᠣᠭᠤᠷᠢᠭ︾᠄ ᠨᠡᠶᠢᠰᠯᠡᠯ ᠳᠤ ᠬᠠᠨᠳᠤᠭᠤᠯᠤᠭᠰᠠᠨ ︽ᠲᠣᠮᠣ ᠨᠣᠭᠤᠭ᠎ᠠ ᠶᠢᠨ ᠬᠦᠷᠢᠶᠡᠯᠡᠩ︾᠂ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠳᠠᠭᠠᠭᠠᠴᠠ ᠶᠢᠨ ᠣᠷᠣᠨ︾᠃      8. ︽ᠭᠤᠷᠪᠠᠨ ᠣᠷᠣᠨ ᠭᠤᠷᠪᠠᠨ ᠹᠷᠣᠨᠲ︾᠄ ︽ᠭᠤᠷᠪᠠᠨ ᠣᠷᠣᠨ︾ ᠭᠡᠳᠡᠭ ᠨᠢ ᠬᠤᠳᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠦᠷᠦᠯ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠢᠭᠠᠵᠤ ᠪᠠᠶᠢᠨ᠎ᠠ︔ ︽ᠭᠤᠷᠪᠠᠨ ᠱᠤᠭᠤᠮ︾ ᠢ ᠲᠣᠰ ᠲᠣᠰ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠳᠤ ᠵᠠᠭᠠᠭᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠲᠠᠢ ᠵᠣᠬᠢᠴᠠᠭᠤᠯᠤᠨ᠎ᠠ᠃      9. ︽ᠭᠤᠷᠪᠠᠨ ᠱᠤᠭᠤᠮ ᠨᠢᠭᠡ ᠬᠠᠭᠤᠳᠠᠰᠤ︾᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢ ᠰᠦᠯᠵᠢᠶᠡᠨ ᠳᠤ ᠬᠤᠯᠪᠣᠬᠤ ᠣᠷᠴᠢᠨ ᠠᠬᠤᠶ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠠᠮᠢ ᠠᠬᠤᠶ ᠶᠢᠨ ᠣᠷᠴᠢᠨ ᠠᠬᠤᠶ ᠶᠢᠨ ᠣᠷᠣᠬᠤ ᠵᠥᠪᠰᠢᠶᠡᠷᠡᠯ ᠤᠨ ᠲᠣᠳᠣᠷᠬᠠᠶ ᠬᠠᠭᠤᠳᠠᠰᠤ ᠶᠢᠨ ᠠᠷᠭ᠎ᠠ ᠮᠠᠶ᠋ᠢᠭ ᠢᠶᠠᠷ ᠣᠷᠴᠢᠨ ᠠᠬᠤᠶ ᠶᠢᠨ ᠬᠠᠮᠢᠶᠠᠷᠤᠨ ᠡᠵᠡᠮᠳᠡᠬᠦ ᠡᠯ᠎ᠡ ᠨᠢᠭᠡᠴᠢ ᠳᠤ ᠨᠠᠶᠢᠳᠠᠪᠤᠷᠢᠵᠢᠭᠤᠯᠵᠤ᠂ ᠬᠠᠮᠤᠭ ᠡᠴᠦᠰ ᠲᠤ ᠪᠥᠬᠦ ᠴᠠᠷᠠᠭ᠎ᠠ ᠶᠢ ᠬᠠᠮᠤᠷᠤᠭᠰᠠᠨ᠂ ᠲᠥᠷᠥᠯ ᠬᠤᠪᠢᠶᠠᠨ ᠬᠠᠮᠢᠶᠠᠷᠤᠭᠰᠠᠨ᠂ ᠬᠤᠷᠸ᠎ᠠ ᠪᠠ ᠪᠢᠴᠢᠯ ᠲᠠᠯ᠎ᠠ ᠶᠢ ᠵᠡᠷᠭᠡ ᠪᠠᠷ ᠴᠢᠬᠤᠯᠠᠴᠢᠯᠠᠭᠰᠠᠨ ᠠᠮᠢ ᠠᠬᠤᠶ ᠶᠢᠨ ᠣᠷᠴᠢᠨ ᠠᠬᠤᠶ ᠶᠢᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠦᠷᠢᠯᠳᠦᠭᠦᠯᠦᠨ᠎ᠡ᠃      10. ︽ᠬᠤᠶᠠᠳᠤᠭᠠᠷ ᠪᠦᠲᠦᠭᠡᠭᠳᠡᠬᠦᠨ ᠨᠢᠭᠡ ᠪᠠᠷᠢᠮᠵᠢᠶ᠎ᠠ︾᠄ ᠲᠤᠬᠠᠶᠢᠯᠠᠪᠠᠯ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ᠃      11. ︽ᠭᠤᠷᠪᠠᠨ ᠨᠢᠭᠡ ᠪᠦᠯᠦᠭ︾᠄ ᠡᠨᠡ ᠨᠢ ᠨᠢᠭᠡ ᠪᠦᠯᠦᠭ ᠢ ᠨᠢ ᠵᠠᠭᠠᠵᠠᠯᠠᠵᠤ ᠭᠠᠷᠭᠠᠬᠤ ᠪᠤᠶᠤ ᠭᠠᠷᠭᠠᠬᠤ᠂ ᠨᠢᠭᠡ ᠪᠦᠯᠦᠭ ᠢ ᠨᠢ ᠮᠡᠷᠭᠡᠵᠢᠯ ᠤᠨ ᠲᠠᠯ᠎ᠠ ᠪᠠᠷ ᠥᠭᠡᠷᠡᠴᠢᠯᠡᠨ ᠲᠡᠰ ᠳᠡᠪᠰᠢᠭᠦᠯᠬᠦ᠂ ᠨᠢᠭᠡ ᠪᠦᠯᠦᠭ ᠢ ᠨᠢ ᠤᠷᠲᠤᠳᠬᠠᠨ ᠴᠢᠩᠭᠠᠷᠠᠭᠤᠯᠬᠤ ᠶᠠᠪᠤᠳᠠᠯ ᠢ ᠵᠢᠭᠠᠵᠤ ᠪᠠᠶᠢᠨ᠎ᠠ᠃      12. ︽ᠲᠠᠪᠤᠨ ᠣᠳᠣᠬᠢᠴᠢᠯᠠᠯᠲᠠ ᠶᠢᠨ ᠥᠭᠡᠷᠡᠴᠢᠯᠡᠯᠲᠡ︾᠄ ᠲᠣᠭᠤᠰᠣ ᠠᠷᠢᠯᠭᠠᠬᠤ ᠶᠢ ᠨᠢᠭᠲᠠ ᠪᠢᠲᠡᠭᠦᠮᠵᠢᠯᠡᠬᠦ᠂ ᠡᠨᠧᠷᠭᠢ ᠶᠢᠨ ᠬᠤᠷᠣᠭᠳᠠᠯ ᠤᠨ ᠬᠡᠮᠵᠢᠭᠳᠡᠯ ᠢ ᠬᠡᠪ ᠳᠠᠭᠤᠷᠢᠶᠠᠯ ᠪᠣᠯᠭᠠᠬᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ᠂ ᠤᠶᠤᠨᠴᠢᠯᠠᠬᠤ᠂ ᠨᠣᠭᠤᠭᠠᠨ ᠡᠨᠧᠷᠭᠢ ᠲᠠᠢ ᠪᠣᠯᠭᠠᠬᠤ ᠶᠢ ᠵᠢᠭᠠᠵᠤ ᠪᠠᠶᠢᠨ᠎ᠠ᠃      13. ︽ᠨᠢᠰᠦᠮᠡᠯ ᠭᠠᠵᠠᠷ ᠤᠨ ᠠᠵᠤ ᠠᠬᠤᠶ︾᠄ ᠡᠨᠡ ᠨᠢ ᠬᠠᠷᠢᠯᠴᠠᠨ ᠲᠤᠰᠠᠭᠠᠷᠯᠠᠭᠰᠠᠨ᠂ ᠠᠵᠤ ᠠᠬᠤᠶ ᠶᠢᠨ ᠬᠥᠭᠵᠢᠯᠲᠡ ᠶᠢᠨ ᠵᠥᠷᠢᠶ᠎ᠡ ᠲᠠᠢ ᠬᠤᠶᠠᠷ ᠵᠠᠰᠠᠭ ᠵᠠᠬᠢᠷᠭᠠᠨ ᠤ ᠭᠠᠵᠠᠷ ᠣᠷᠣᠨ ᠨᠢ ᠤᠤᠯ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠣᠷᠣᠨ ᠵᠠᠶ ᠠᠯᠤᠰᠯᠠᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠪᠠ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠪᠠᠷ ᠳᠠᠮᠵᠢᠭᠤᠯᠤᠨ᠂ ᠬᠤᠶᠠᠷ ᠭᠠᠵᠠᠷ ᠤᠨ ᠡᠬᠢ ᠪᠠᠶᠠᠯᠢᠭ ᠢ ᠬᠠᠷᠢᠯᠴᠠᠨ ᠨᠥᠬᠦᠪᠥᠷᠢᠯᠡᠬᠦ᠂ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠶᠢ ᠪᠡᠶᠡᠯᠡᠭᠦᠯᠬᠦ‍ ᠨᠢᠭᠡ ᠵᠦᠢᠯ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠬᠡᠪ ᠵᠠᠭᠪᠤᠷ ᠢ ᠵᠢᠭᠠᠵᠤ ᠪᠠᠶᠢᠨ᠎ᠠ᠃      14. ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ᠄ ᠡᠨᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢ ᠵᠢᠭᠠᠵᠤ ᠪᠣᠶ᠃      15. ︽ᠬᠠᠷᠮᠠᠨ ᠴᠡᠴᠡᠷᠯᠢᠭ︾᠄ ᠪᠠᠰᠠ ᠪᠢᠴᠢᠯ ᠴᠡᠴᠡᠷᠯᠢᠭ ᠭᠡᠳᠡᠭ᠂ ᠡᠨᠡ ᠪᠣᠯ ᠨᠢᠭᠡ ᠵᠦᠢᠯ ᠤᠨ ᠬᠡᠪᠴᠢᠶ᠎ᠡ ᠪᠠᠷ ᠮᠠᠰᠢ ᠪᠠᠭ᠎ᠠ ᠬᠤᠲᠠ ᠶᠢᠨ ᠨᠡᠭᠡᠭᠡᠯᠲᠡ ᠶᠢᠨ ᠣᠷᠣᠨ ᠵᠠᠶ ᠮᠥᠨ᠂ ᠦᠷᠭᠦᠯᠵᠢ ᠬᠤᠲᠠ ᠶᠢᠨ ᠪᠦᠲᠦᠴᠡ ᠳᠤ ᠲᠣᠯᠪᠤ ᠬᠡᠯᠪᠡᠷᠢ ᠪᠠᠷ ᠪᠤᠲᠠᠷᠠᠨ ᠤᠨᠠᠬᠤ ᠪᠤᠶᠤ ᠨᠢᠭᠤᠭᠳᠠᠵᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠰᠢᠭᠤᠳ ᠦᠢᠯᠡᠴᠢᠯᠡᠵᠦ᠂ ᠣᠷᠴᠢᠨ ᠲᠣᠭᠤᠷᠢᠨ ᠢᠶᠠᠨ ᠭᠤᠶᠤᠵᠢᠭᠤᠯᠬᠤ᠂ ᠣᠯᠠᠨ ᠨᠡᠶᠢᠲᠡ ᠶᠢᠨ ᠬᠠᠷᠢᠯᠴᠠᠭ᠎ᠠ ᠶᠠᠪᠤᠯᠴᠠᠭ᠎ᠠ᠂ ᠵᠤᠭ᠎ᠠ ᠴᠡᠩᠭᠡᠯ᠂ ᠰᠣᠶᠣᠯ ᠤᠨ ᠦᠵᠡᠭᠦᠯᠦᠯᠭᠡ ᠵᠡᠷᠭᠡ ᠴᠢᠳᠠᠮᠵᠢ ᠶᠢ ᠬᠠᠩᠭᠠᠵᠤ ᠪᠣᠯᠤᠨ᠎ᠠ      16. ︽ᠬᠤᠶᠠᠷ ᠢ ᠤᠶᠠᠯᠳᠤᠭᠤᠯᠬᠤ︾᠄ ᠡᠨᠡ ᠪᠣᠯ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠳᠠᠭᠠᠨ ᠲᠣᠳᠣᠷᠬᠠᠶ ᠳᠤᠷᠠᠳᠤᠨ ᠭᠠᠷᠭᠠᠭᠰᠠᠨ ᠴᠢᠬᠤᠯᠠ ᠶᠡᠭᠡ ᠤᠨᠤᠯ ᠤᠨ ᠦᠵᠡᠯᠲᠡ ᠮᠥᠨ᠂ ᠲᠤᠬᠠᠶᠢᠯᠠᠪᠠᠯ ︽ᠮᠠᠷᠺᠰ ᠤᠨ ᠦᠵᠡᠯ ᠤᠨ ᠭᠤᠣᠯ ᠦᠨᠳᠦᠰᠦᠯᠡᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ︾ ᠶᠠᠪᠤᠳᠠᠯ ᠪᠣᠯᠤᠨ᠎ᠠ᠃      17. ︽ᠬᠤᠶᠠᠷ ᠲᠠᠯ᠎ᠠ ᠪᠠᠷ ᠰᠢᠨ᠎ᠡ ᠶᠢ ᠡᠭᠦᠳᠬᠦ︾᠄ ᠡᠨᠡ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠲᠦᠯᠬᠢᠨ ᠠᠬᠢᠭᠤᠯᠬᠤ ᠶᠢ ᠵᠢᠭᠠᠵᠤ ᠪᠠᠶᠢᠨ᠎ᠠ᠃      18. ︽ᠲᠤᠯᠤᠭ᠎ᠠ ᠶᠢ ᠲᠠᠶᠠᠭᠳᠠᠬᠤ︾᠄ ︽ᠪᠢ ᠬᠥᠮᠦᠨ ᠢ ᠬᠦᠷᠬᠦ ᠦᠭᠡᠢ︾ ᠭᠡᠰᠡᠨ ᠪᠤᠳᠤᠯ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠢ︾ ᠭᠡᠰᠡᠨ ᠪᠤᠳᠤᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠭᠡᠰᠡᠨ ᠤᠬᠠᠮᠰᠠᠷ᠂ ︽ᠵᠣᠷ ᠢ ᠣᠯᠤᠭᠰᠠᠨ ᠦᠭᠡᠢ ᠪᠣᠯ ᠡᠮ ᠥᠭᠴᠦ ᠴᠢᠳᠠᠬᠤ ᠦᠭᠡᠢ︾ ᠭᠡᠬᠦ ᠠᠷᠭ᠎ᠠ᠂ ︽ᠨᠢᠳᠤᠨ ᠡᠮᠦᠨᠡᠬᠢ ᠪᠠᠨ ᠬᠠᠷᠠᠭᠠᠳ ᠬᠤᠯᠠ ᠶᠢ ᠬᠠᠷᠠᠬᠤ ᠦᠭᠡᠢ︾ ᠭᠡᠬᠦ ᠰᠡᠳᠬᠢᠴᠡ᠂ ︽ᠨᠠᠷᠢᠨ ᠵᠦᠢᠯᠡᠰ ᠢ ᠠᠩᠬᠠᠷᠬᠤ ᠦᠭᠡᠢ ᠪᠣᠯ ᠪᠠᠷᠤᠭ ᠪᠣᠯᠴᠢᠬᠠᠨ᠎ᠠ︾ ᠭᠡᠬᠦ ᠪᠤᠳᠤᠯ ᠰᠡᠳᠬᠢᠯᠭᠡ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠲᠠᠶᠠᠭᠳᠠᠬᠤ ᠶᠢ ᠵᠢᠭᠠᠵᠤ ᠪᠠᠶᠢᠨ᠎ᠠ᠃  ︽ᠳᠤᠯᠤᠭ᠎ᠠ ᠶᠢ ᠲᠠᠶᠠᠭᠳᠠᠬᠤ ᠠᠴᠠ ᠪᠢᠰᠢ ᠬᠥᠮᠦᠨ ᠢ ᠬᠦᠷᠬᠦ ᠦᠭᠡᠢ︾ ᠭᠡᠰᠡᠨ ᠪᠤᠳᠤᠯ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠵᠢᠭᠠᠵᠤ ᠪᠠᠶᠢᠨ᠎ᠠ᠃      19. ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ︽ᠭᠤᠷᠪᠠᠨ ᠠᠷᠪᠢᠨ︾ ᠭᠡᠳᠡᠭ ᠨᠢ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ ᠢ ᠵᠢᠭᠠᠵᠤ ᠪᠠᠶᠢᠨ᠎ᠠ᠂ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ ᠪᠠᠶᠢᠬᠤ ᠶᠢ ᠵᠢᠭᠠᠵᠤ ᠪᠠᠶᠢᠨ᠎ᠠ᠂ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠳᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠠᠶᠢᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3