ᠬᠤᠸᠠᠷ ᠫᠤᠤᠵᠢᠩ ᠤᠨ ᠭᠡᠨᠡᠳᠲᠡ ᠶᠢᠨ ᠰᠢᠷᠬᠠᠲᠤᠯ ᠠᠴᠠ  ᠬᠢᠴᠢᠶᠡᠨ᠎ᠡ
ᠨᠡᠶᠢᠲᠡᠯᠡᠭᠰᠡᠨ ᠴᠠᠭ᠄
2023/1/26
     ᠤᠯᠠᠨ ᠢᠶᠠᠷ ᠢᠶᠠᠨ ᠲᠤᠬᠠᠢ ᠶᠢᠨ ᠭᠠᠵᠠᠷ ᠤᠨ ᠬᠤᠸᠠᠷ ᠫᠤᠤᠵᠢᠩ ᠲᠠᠯᠪᠢᠬᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠵᠥᠪᠬᠡᠨ ᠬᠤᠸᠠᠷ ᠫᠤᠤᠵᠢᠩ ᠲᠠᠯᠪᠢᠬᠤ ᠶᠢ ᠵᠥᠪᠰᠢᠶᠡᠷᠡᠭᠰᠡᠨ ᠣᠷᠣᠨ ᠪᠦᠰᠡ᠂ ᠨᠣᠴᠣᠵᠤ ᠪᠣᠯᠬᠤ ᠴᠠᠭ ᠤᠨ ᠳᠣᠲᠣᠷ᠎ᠠ ᠠᠮᠤᠷ ᠲᠦᠪᠰᠢᠨ ᠢᠶᠠᠷ ᠨᠣᠴᠣᠭᠠᠬᠤ ᠬᠡᠷᠡᠭᠲᠡᠢ᠂ ᠳᠣᠣᠷᠠᠬᠢ ᠬᠡᠳᠦᠨ ᠲᠠᠯ᠎ᠠ ᠶᠢ ᠣᠨᠴᠠᠭᠠᠶᠢᠯᠠᠨ ᠠᠩᠬᠠᠷᠬᠤ ᠬᠡᠷᠡᠭᠲᠡᠢ᠄    ᠰᠢᠲᠠᠯᠲᠠ ᠶᠢᠨ ᠭᠠᠵᠠᠷ    ᠬᠥᠮᠦᠨ ᠤᠯᠠᠨ ᠭᠠᠵᠠᠷ ᠲᠤ ᠬᠤᠸᠠᠷ ᠫᠤᠤᠵᠢᠩ ᠲᠠᠯᠪᠢᠵᠤ ᠪᠣᠯᠬᠤ ᠦᠭᠡᠢ᠂ ᠪᠠᠰᠠ ᠠᠭᠤᠯᠠᠨ ᠤᠢ ᠪᠤᠶᠤ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠣᠶᠢᠷᠠᠯᠴᠠᠭ᠎ᠠ ᠪᠠᠶᠢᠵᠤ ᠪᠣᠯᠬᠤ ᠦᠭᠡᠢ᠂ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃          ᠫᠤᠤᠵᠢᠩ ᠢᠶᠠᠨ ᠵᠥᠪ ᠲᠠᠯᠪᠢᠬᠤ    ᠰᠠᠶᠢᠬᠠᠨ ᠪᠣᠯᠭᠠᠬᠤ ᠶᠢᠨ ᠲᠥᠯᠥᠭᠡ ᠬᠤᠸᠠᠷ ᠫᠤᠤᠵᠢᠩ ᠢ ᠳᠤᠷ᠎ᠠ ᠪᠠᠷ ᠢᠶᠠᠨ ︽ᠬᠤᠲᠣᠭᠤᠷ ᠳᠦᠷᠰᠦ︾ ᠭᠠᠷᠭᠠᠵᠤ ᠪᠣᠯᠬᠤ ᠥᠬᠡᠶ᠂ ᠵᠠᠪᠠᠯ ᠨᠣᠴᠣᠭᠠᠬᠤ ᠲᠣᠳᠣᠷᠬᠠᠶᠢᠯᠠᠯᠲᠠ ᠶᠢᠨ ᠶᠣᠰᠣᠭᠠᠷ ᠠᠮᠤᠷ ᠲᠦᠪᠰᠢᠨ ᠢᠶᠠᠷ ᠨᠣᠴᠣᠭᠠᠬᠤ ᠬᠡᠷᠡᠭᠲᠡᠶ᠃    ᠨᠣᠴᠣᠭᠠᠯᠲᠠ ᠶᠢᠨ ᠬᠡᠯᠪᠡᠷᠢ    ᠬᠤᠸᠠᠷ ᠫᠤᠤᠵᠢᠩ ᠲᠠᠯᠪᠢᠬᠤ ᠳᠠᠭᠠᠨ ᠲᠣᠯᠣᠭᠠᠶ ᠪᠠᠨ ᠫᠤᠤᠵᠢᠩ ᠤᠨ ᠳᠡᠭᠡᠷ᠎ᠡ ᠲᠠᠯ᠎ᠠ ᠳᠤ ᠲᠠᠯᠪᠢᠵᠤ ᠪᠣᠯᠬᠤ ᠥᠬᠡᠶ᠂ ᠵᠠᠪᠠᠯ ᠪᠡᠶ᠎ᠡ ᠪᠠᠨ ᠬᠠᠵᠠᠭᠤᠯᠠᠵᠤ᠂ ᠬᠤᠸᠠᠷ ᠫᠤᠤᠵᠢᠩ ᠲᠠᠯᠪᠢᠬᠤ ᠴᠢᠭᠯᠡᠯ ᠠᠴᠠ ᠵᠠᠶᠢᠯᠠᠬᠤ ᠬᠡᠷᠡᠭᠲᠡᠶ᠃ ᠨᠣᠴᠣᠭᠰᠠᠭᠠᠷ ᠳᠣᠣᠷ᠎ᠠ ᠪᠠᠨ ᠭᠦᠶᠦᠵᠦ᠂ ᠬᠤᠸᠠᠷ ᠫᠤᠤᠵᠢᠩ ᠢ ᠠᠮᠤᠷ ᠲᠦᠪᠰᠢᠨ ᠭᠠᠵᠠᠷ ᠲᠤ ᠰᠣᠨᠢᠷᠬᠠᠨ᠎ᠠ᠃ ᠬᠡᠷᠪᠡ ᠨᠣᠴᠣᠭᠠᠭᠰᠠᠨ ᠦᠭᠡᠢ ᠪᠣᠯ ᠬᠤᠶᠠᠳᠠᠬᠢ ᠤᠳᠠᠭ᠎ᠠ ᠭᠠᠯ ᠠᠰᠠᠭᠠᠬᠤ ᠪᠠᠷ ᠤᠷᠤᠯᠳᠤᠭᠰᠠᠨ ᠤ ᠬᠡᠷᠡᠭ ᠦᠭᠡᠢ᠂ ᠨᠡᠩ ᠴᠤ ᠬᠤᠸᠠᠷ ᠫᠤᠤᠵᠢᠩ ᠢᠶᠠᠨ ᠠᠪᠴᠤ ᠪᠠᠶᠢᠴᠠᠭᠠᠨ ᠦᠵᠡᠵᠦ ᠪᠣᠯᠬᠤ ᠦᠭᠡᠢ᠂ ᠡᠨᠡ ᠪᠣᠯ ᠲᠦᠢᠯ ᠤᠨ ᠠᠶᠤᠯ ᠲᠠᠢ ᠶᠠᠪᠤᠳᠠᠯ ᠰᠢᠤ ᠳ᠋ᠠ︕    ᠬᠤᠸᠠᠷ ᠫᠤᠤᠵᠢᠩ ᠤᠨ ᠰᠢᠷᠬ᠎ᠠ ᠶᠢ ᠵᠥᠪ ᠢᠶᠠᠷ ᠰᠢᠢᠳᠪᠦᠷᠢᠯᠡᠬᠦ ᠬᠡᠷᠡᠭᠲᠡᠶ    ᠬᠡᠷᠪᠡ ᠬᠤᠸᠠᠷ ᠫᠤᠤᠵᠢᠩ ᠤᠨ ᠰᠢᠷᠬ᠎ᠠ ᠭᠠᠷᠪᠠᠯ᠂ ᠤᠷᠢᠳ ᠢᠶᠠᠷ ᠨᠢᠭᠡ ᠬᠡᠰᠡᠭ ᠴᠡᠪᠡᠷ ᠱᠠ ᠪᠦᠰ ᠪᠤᠶᠤ ᠭᠠᠷ ᠠᠯᠴᠢᠭᠤᠷ ᠢᠶᠠᠷ ᠰᠢᠷᠬ᠎ᠠ ᠶᠢ ᠨᠢ ᠪᠦᠲᠡᠭᠡᠵᠦ᠂ ᠰᠢᠷᠬ᠎ᠠ ᠶᠢ ᠨᠢ ᠬᠥᠩᠭᠡᠬᠡᠨ ᠲᠠᠭᠯᠠᠵᠤ᠂ ᠣᠶᠢᠷᠠᠯᠴᠠᠭ᠎ᠠ ᠪᠠᠶᠢᠭ᠎ᠠ ᠵᠢᠩᠬᠢᠨᠢ ᠡᠮᠨᠡᠯᠭᠡ ᠳᠤ ᠲᠦᠷᠭᠡᠨ ᠬᠦᠷᠭᠡᠵᠦ ᠡᠮᠨᠡᠭᠦᠯᠦᠨ᠎ᠡ᠃                                 ᠢᠷᠡᠯᠲᠡ᠄  ᠡᠷᠡᠭᠦᠯ ᠴᠢᠬᠢᠷᠠᠭ ᠳᠤᠮᠳᠠᠳᠤ ᠤᠯᠤᠰ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3