︽ᠳᠤᠯᠤᠭ᠎ᠠ ᠶᠢ ᠲᠠᠶᠠᠭᠳᠠᠬᠤ︾᠎ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ᠄ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/1/3
     ᠭᠤᠣᠯ ᠰᠡᠳᠦᠪ᠄      ︽ᠳᠤᠯᠤᠭ᠎ᠠ ᠶᠢ ᠲᠠᠶᠠᠭᠳᠠᠬᠤ︾᠎ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ᠄ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ      ᠴᠠᠭ᠄      2023ᠤᠨ ᠤ 1 ᠰᠠᠷ᠎ᠠ ᠶᠢᠨ 3᠎       ᠬᠦᠨᠳᠦᠲᠦ ᠵᠣᠴᠢᠨ᠄      ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ      ᠲᠣᠪᠴᠢᠯᠠᠯ᠄      ᠰᠢᠩ ᠾᠧ ᠰᠢᠶᠠᠨ ᠴᠠᠭ ᠢ ᠦᠵᠡᠨ ᠪᠠᠶᠢᠳᠠᠯ ᠢ ᠰᠢᠨᠵᠢᠵᠦ᠂ ᠳᠣᠯᠣᠭᠠᠨ ᠬᠠᠭᠤᠴᠢᠨ ᠦᠵᠡᠯᠲᠡ ᠶᠢ ᠡᠷᠡᠰ ᠲᠠᠶᠠᠭᠳᠠᠵᠤ᠂ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠢ ᠭᠡᠷᠡᠴᠢᠯᠡᠨ ᠵᠢᠴᠢ ᠪᠦᠬᠦ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠨᠢ ᠲᠠᠪᠤᠨ ᠶᠡᠭᠡ ᠠᠵᠤ ᠠᠬᠤᠢ ᠪᠠᠷ ᠭᠠᠷᠳᠠᠴᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠲᠠᠯᠠᠵᠤ᠂ ᠬᠥᠬᠡᠮᠳᠦᠭ ᠨᠣᠭᠤᠭᠠᠨ ᠭᠠᠵᠠᠷ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠬᠠᠮᠵᠢᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢᠶᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠣᠭᠴᠠᠯᠠᠨ ᠪᠠᠶᠢᠭᠤᠯᠤᠨ᠎ᠠ᠃      ᠰᠤᠷᠪᠤᠯᠵᠢᠯᠠᠭᠴᠢ᠄ ᠠᠰᠠᠭᠤᠬᠤ ᠨᠢ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢᠩ ᠾᠧ ᠰᠢᠶᠠᠨ ᠤ ᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠰᠠᠶᠢᠲᠤᠷ ᠠᠳᠬᠤᠬᠤ ᠪᠣᠶ︖      ᠯᠢ ᠺᠠᠢ ᠳ᠋ᠦᠩ᠄ ᠴᠢ ᠹᠸᠢ ᠶᠦᠨ ᠬᠤᠳᠠ ᠶᠢᠨ ᠳᠠᠷᠤᠭ᠎ᠠ ᠶᠢᠨ ᠬᠢᠭᠰᠡᠨ ᠢᠯᠡᠳᠬᠡᠯ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠵᠤ᠂ ᠠᠵᠤ ᠠᠬᠤᠢ ᠶᠢᠨ ᠵᠢᠮ᠎ᠡ ᠶᠣᠰᠣ ᠶᠢ ᠬᠦᠨᠳᠦᠳᠬᠡᠵᠦ᠂ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠵᠦ᠂ ᠬᠤᠳᠠ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠬᠥᠳᠡᠯᠭᠡᠬᠦ ᠬᠦᠴᠦᠨ ᠨᠡᠮᠡᠷᠢᠯᠡᠭᠰᠡᠨ᠂ ᠪᠣᠳᠠᠲᠤ ᠬᠦᠴᠦᠨ ᠢᠶᠠᠨ ᠨᠡᠮᠡᠭᠳᠡᠭᠦᠯᠦᠭᠰᠡᠨ᠂ ᠨᠢᠭᠲᠠᠷᠠᠭᠤᠯᠬᠤ ᠬᠦᠴᠦᠨ ᠲᠠᠢ ᠰᠠᠶᠢᠨ ᠮᠡᠳᠡᠭᠦᠯᠦᠯᠲᠡ ᠪᠣᠯᠤᠨ᠎ᠠ᠃ ᠪᠢᠳᠡᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠬᠢᠨ ᠵᠠᠰᠠᠭ ᠤᠨ ᠣᠷᠳᠣᠨ ᠤ ᠠᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠦᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃      ︽ᠲᠠᠪᠤᠨ ᠶᠡᠭᠡ ᠠᠵᠤ ᠠᠬᠤᠶ︾᠎ ᠶᠢᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠲᠠᠷᠢᠶᠠᠯᠠᠩ ᠮᠠᠯ ᠠᠵᠤ ᠠᠬᠤᠶ ᠪᠠ ᠵᠢᠭᠤᠯᠴᠢᠯᠠᠯ ᠤᠨ ᠤᠶᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠡᠶᠢᠰᠯᠡᠯ ᠳᠤ ᠬᠠᠨᠳᠤᠭᠤᠯᠤᠭᠰᠠᠨ ︽ᠲᠣᠮᠣ ᠨᠣᠭᠤᠭ᠎ᠠ ᠶᠢᠨ ᠬᠦᠷᠢᠶᠡᠯᠡᠩ︾ ᠪᠠ ︽ᠠᠷᠤ ᠴᠡᠴᠡᠷᠯᠢᠭ︾᠎ ᠢ ᠪᠠᠶᠢᠭᠤᠯᠤᠨ᠎ᠠ︔ ᠥᠩᠭᠡ ᠦᠵᠡᠮᠵᠢ᠂ ᠪᠠᠯ ᠴᠢᠯᠠᠭᠤ᠂ ᠬᠥᠪᠰᠥᠭᠡᠷ ᠰᠢᠷᠣᠶ ᠵᠡᠷᠭᠡ ᠡᠬᠢ ᠪᠠᠶᠠᠯᠢᠭ ᠲᠤ ᠲᠦᠰᠢᠭᠯᠡᠨ᠂ ᠠᠵᠤ ᠤᠶᠢᠯᠡᠳᠪᠤᠷᠢ ᠶᠢᠨ ᠠᠵᠤ ᠤᠶᠢᠯᠡᠰ ᠤᠨ ᠰᠦᠷᠦᠭᠵᠢᠯ ᠤᠨ ᠬᠥᠭᠵᠢᠯᠲᠡ ᠶᠢ ᠠᠬᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ︽ᠲᠥᠪᠯᠡᠷᠡᠭᠰᠡᠨ ᠣᠷᠣᠨ︾᠎ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ︔ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠥᠷᠥᠴᠡ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠵᠠᠪᠳᠤᠨ ᠠᠳᠬᠤᠵᠤ ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢ ᠪᠦᠷᠢᠨᠰᠢᠬᠦᠯᠦᠨ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ  ᠤᠶᠢᠯᠡᠰ ᠤᠨ ︽ᠳᠠᠭᠠᠭᠠᠴᠠ ᠶᠢᠨ ᠣᠷᠣᠨ︾᠎ ᠢ ᠪᠠᠶᠢᠭᠤᠯᠤᠨ᠎ᠠ᠃      ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠨᠣᠯᠵᠢᠬᠤᠨ ᠢ ᠢᠳᠡᠪᠬᠢᠲᠡᠶ ᠤᠶᠢᠯᠡᠳᠤᠯᠭᠡᠵᠢᠭᠦᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢ ᠲᠦᠷᠭᠡᠳᠬᠡᠨ᠂ ᠬᠥᠬᠡᠮᠳᠦᠭ ᠨᠣᠭᠤᠭᠠᠨ ᠦᠵᠡᠰᠬᠦᠯᠡᠩᠲᠦ ᠰᠠᠶᠢᠬᠠᠨ ᠬᠡᠷ ᠣᠷᠣᠨ᠂ ᠥᠨᠢ ᠡᠭᠦᠷᠢᠳᠡ ᠦᠷᠭᠦᠯᠵᠢᠯᠡᠨ ᠬᠥᠭᠵᠢᠬᠦ ᠠᠮᠢ ᠠᠬᠤᠶ ᠶᠢᠨ ᠬᠡᠷ ᠣᠷᠣᠨ᠂ ᠲᠠᠭᠠᠯᠠᠮᠵᠢᠲᠠᠶ ᠪᠥᠭᠡᠳ ᠡᠷᠡᠭᠦᠯ ᠰᠠᠷᠠᠭᠤᠯ ᠪᠣᠬᠢᠷᠲᠤᠯ ᠥᠬᠡᠶ ᠬᠡᠷ ᠣᠷᠣᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃      ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠲᠠᠪᠤᠨ ᠪᠠᠶᠢᠷᠢ︾᠎ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ 2.0᠎ ᠤᠨ ᠬᠡᠪᠯᠡᠯ ᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠠᠵᠢᠯ ᠣᠯᠭᠤᠯᠲᠠ ᠦᠢᠯᠡᠰ ᠪᠤᠰᠬᠠᠬᠤ᠂ ᠰᠤᠷᠭᠠᠨ ᠬᠥᠮᠦᠵᠢᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃      ︽ᠳᠣᠯᠤᠭ᠎ᠠ ᠶᠢ ᠲᠠᠶᠠᠭᠳᠠᠬᠤ︾᠎ ᠶᠢ ᠡᠷᠡᠰ ᠪᠡᠶᠡᠯᠡᠭᠦᠯᠵᠦ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠎ ᠤ ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠡᠯ᠎ᠡ ᠵᠤᠶᠢᠯ ᠤᠨ ᠠᠵᠢᠯ ᠢ ᠲᠦᠷᠭᠡᠨ ᠨᠠᠶᠢᠳᠠᠪᠤᠷᠢᠵᠢᠭᠤᠯᠬᠤ᠂ ᠦᠨᠡᠨ ᠬᠦ ᠨᠠᠶᠢᠳᠠᠪᠤᠷᠢᠵᠢᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠠᠭᠠᠨᠴᠠᠪ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠤᠷᠮ᠎ᠠ ᠵᠣᠷᠢᠭ ᠪᠠ ᠬᠤᠪᠢ ᠨᠡᠮᠡᠷᠢ ᠪᠠᠨ ᠦᠵᠡᠭᠦᠯᠰᠦᠭᠡᠶ︕               ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3