ᠬᠤᠶᠠᠷ ᠪᠠᠶᠠᠷ ᠤᠨ ᠡᠳᠦᠷ ᠪᠣᠯᠬᠤ ᠭᠡᠵᠦ ᠪᠠᠶᠢᠨ᠎ᠠ᠂ ᠬᠥᠳᠡᠭᠡ ᠲᠣᠰᠬᠤᠨ ᠤ ᠡᠮᠴᠢᠯᠡᠭᠡᠨ ᠤ ᠠᠪᠤᠷᠠᠨ ᠵᠠᠰᠠᠯᠲᠠ ᠶᠢ ᠬᠡᠷᠬᠢᠨ ᠴᠢᠩᠭᠠᠳᠬᠠᠬᠤ ᠪᠤᠶ᠂᠂᠂᠂᠂᠂ ᡼ ᠡᠷᠬᠡ ᠰᠦᠷᠲᠦ ᠲᠠᠶᠢᠯᠤᠮᠵᠢ
ᠨᠡᠶᠢᠲᠡᠯᠡᠭᠰᠡᠨ ᠴᠠᠭ᠄
2023/1/3
     ᠬᠤᠶᠠᠷ ᠪᠠᠶᠠᠷ ᠤᠨ ᠬᠤᠭᠤᠴᠠᠭᠠᠨ ᠳᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠣᠨᠴᠠᠭᠠᠶ ᠴᠠᠭ ᠦᠶ᠎ᠡ ᠳᠤ ᠪᠠᠰᠠ ᠬᠥᠮᠦᠨ ᠲᠣᠮᠢᠯᠠᠨ ᠰᠢᠶᠠᠨ ᠤ ᠡᠮᠨᠡᠯᠭᠡ ᠶᠢᠨ ᠬᠤᠷᠢᠶᠠᠨ ᠳᠤ ᠣᠴᠢᠭᠤᠯᠵᠤ ᠭᠤᠣᠯᠳᠠᠯᠭ᠎ᠠ ᠲᠠᠢ ᠪᠠᠷ ᠵᠢᠯᠣᠭᠤᠳᠣᠭᠤᠯᠬᠤ ᠬᠡᠷᠡᠭᠲᠡᠶ᠃ ᠡᠭᠦᠨ ᠤ ᠬᠠᠮᠲᠤ ᠬᠥᠳᠡᠭᠡ ᠲᠣᠰᠬᠤᠨ ᠤ ᠭᠠᠵᠠᠷ ᠣᠷᠣᠨ ᠤ ᠲᠣᠭᠤᠷᠢᠨ ᠶᠠᠪᠤᠬᠤ᠂ ᠲᠣᠭᠤᠷᠢᠨ ᠡᠮᠴᠢᠯᠡᠬᠦ ᠡᠷᠴᠢᠮ ᠢ ᠴᠢᠩᠭᠠᠷᠠᠭᠤᠯᠵᠤ᠂ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠤᠨ ᠬᠤᠪᠢᠷᠠᠯᠲᠠ ᠶᠢ ᠡᠷᠲᠡ ᠠᠴᠠ ᠣᠯᠵᠤ ᠮᠡᠳᠡᠨ᠂ ᠴᠠᠭ ᠲᠤᠬᠠᠶ ᠳᠤᠨᠢ ᠡᠮᠨᠡᠯᠭᠡ ᠳᠤ ᠬᠦᠷᠭᠡᠵᠦ ᠡᠮᠨᠡᠭᠦᠯᠦᠨ᠎ᠡ᠃      ᠰᠢᠶᠠᠨ ᠤ ᠡᠮᠨᠡᠯᠭᠡ ᠶᠢᠨ ᠬᠤᠷᠢᠶᠠᠨ ᠤ ᠡᠨᠡ ᠱᠠᠲᠤᠨ ᠳᠤ ᠡᠪᠡᠳᠴᠢᠲᠡᠨ ᠤ ᠣᠷᠣ᠂ ᠲᠥᠬᠦᠭᠡᠷᠦᠮᠵᠢ᠂ ᠲᠥᠬᠦᠭᠡᠷᠦᠮᠵᠢ ᠵᠢᠴᠢ ᠠᠵᠢᠯᠳᠠᠨ ᠢ ᠪᠠᠭᠲᠠᠭᠠᠭᠰᠠᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠵᠡᠷᠭᠡᠴᠡᠭᠡᠪᠡᠷ ᠬᠤᠳᠠ ᠪᠠ ᠰᠢᠶᠠᠨ ᠤ ᠬᠤᠭᠤᠷᠣᠨᠳᠣ ᠪᠠᠨ ᠲᠤᠰᠠᠯᠠᠬᠤ ᠪᠠ ᠰᠢᠯᠵᠢᠭᠦᠯᠦᠨ ᠡᠮᠨᠡᠭᠦᠯᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠬᠦᠨᠳᠦ ᠡᠪᠡᠳᠴᠢᠲᠡᠨ ᠢ ᠴᠠᠭ ᠲᠤᠬᠠᠶ ᠳᠤᠨᠢ ᠰᠢᠯᠵᠢᠭᠦᠯᠦᠨ ᠠᠪᠴᠢᠷᠠᠬᠤ ᠶᠢ ᠪᠠᠲᠤᠯᠠᠬᠤ ᠬᠡᠷᠡᠭᠲᠡᠶ᠃      120 ᠲᠦᠷᠭᠡᠨ ᠠᠪᠤᠷᠠᠬᠤ ᠲᠡᠷᠭᠡ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ ᠢ ᠰᠢᠯᠵᠢᠭᠦᠯᠦᠨ ᠵᠥᠭᠡᠭᠡᠪᠦᠷᠢᠯᠡᠬᠦ ᠶᠢ ᠭᠤᠤᠯᠳᠠᠯᠭ᠎ᠠ ᠲᠠᠢ ᠪᠠᠲᠤᠯᠠᠬᠤ ᠬᠡᠷᠡᠭᠲᠡᠶ ᠃      ᠵᠢᠶᠤᠤ ᠶᠠ ᠬᠤᠢ ᠬᠡᠯᠡᠬᠦ ᠳᠡᠭᠡᠨ᠂ ᠣᠶᠢᠷ᠎ᠠ ᠶᠢᠨ ᠬᠤᠭᠤᠴᠠᠭᠠᠨ ᠳᠤ 120᠎ ᠨᠢ ᠣᠯᠠᠨ ᠤ ᠠᠩᠬᠠᠷᠤᠯ ᠤᠨ ᠲᠥᠪ ᠪᠣᠯᠵᠣ᠂ ᠮᠥᠨ ᠴᠦ ᠡᠮᠴᠢᠯᠡᠭᠡᠨ ᠤ ᠠᠪᠤᠷᠠᠯᠳᠠ ᠶᠢᠨ ᠨᠢᠭᠡᠨ ᠪᠡᠷᠬᠡ ᠴᠡᠭ ᠪᠣᠯᠤᠭᠰᠠᠨ ᠪᠠᠶᠢᠨ᠎ᠠ᠃ ᠬᠤᠯᠪᠣᠭᠳᠠᠯ ᠪᠦᠬᠦᠢ ᠠᠰᠠᠭᠤᠳᠠᠯ ᠳᠤ ᠴᠢᠭᠯᠡᠭᠦᠯᠦᠨ᠂ ᠡᠯ᠎ᠡ ᠭᠠᠵᠠᠷ ᠤᠨ ᠬᠢᠨ ᠤᠷᠢᠳᠴᠢᠯᠠᠭᠰᠠᠨ ᠲᠥᠰᠦᠯ ᠢᠶᠠᠨ ᠤᠷᠢᠳᠴᠢᠯᠠᠨ ᠰᠠᠶᠢᠲᠤᠷ ᠬᠢᠬᠦ ᠬᠡᠷᠡᠭᠲᠡᠶ᠃      120 ᠪᠠᠴᠢᠮ ᠠᠪᠤᠷᠠᠯᠲᠠ ᠶᠢᠨ ᠲᠡᠷᠭᠡ ᠬᠦᠨᠳᠦ ᠲᠦᠭᠰᠢᠭᠦᠷᠢᠲᠡᠶ ᠡᠪᠡᠳᠴᠢᠲᠡᠨ ᠢ ᠰᠢᠯᠵᠢᠭᠦᠯᠦᠨ ᠲᠡᠭᠡᠭᠡᠪᠦᠷᠢᠯᠡᠬᠦ ᠶᠢ ᠭᠤᠣᠯᠳᠠᠯᠭ᠎ᠠ ᠲᠠᠢ ᠪᠠᠲᠤᠯᠠᠬᠤ ᠬᠡᠷᠡᠭᠲᠡᠶ᠃ ᠠᠰᠠᠭᠤᠨ ᠯᠠᠪᠯᠠᠬᠤ ᠳ᠋ᠢᠶᠠᠩᠬᠤᠸᠠ ᠶᠢᠨ 120 ᠡᠬᠢ ᠪᠠᠶᠠᠯᠢᠭ ᠢ ᠡᠵᠡᠯᠡᠨ ᠬᠡᠷᠡᠭᠯᠡᠬᠦ ᠶᠢ ᠪᠠᠭᠠᠰᠬᠠᠬᠤ ᠶᠢᠨ ᠲᠥᠯᠥᠭᠡ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ 24 ᠴᠠᠭ ᠤᠨ ᠢᠨᠲ᠋ᠤᠷ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡ ᠬᠡᠷᠡᠭᠲᠡᠶ᠃ ᠪᠠᠴᠢᠮ ᠠᠪᠤᠷᠠᠯᠳᠠ ᠶᠢᠨ ᠪᠤᠰᠤ ᠳᠠᠮᠵᠢᠭᠤᠯᠤᠨ ᠲᠡᠭᠡᠭᠡᠪᠦᠷᠢᠯᠡᠬᠦ ᠬᠡᠷᠡᠭᠴᠡᠭᠡ ᠳᠤ ᠭᠤᠷᠪᠠᠳᠠᠬᠢ ᠡᠲᠡᠭᠡᠳ ᠪᠤᠶᠤ ᠨᠡᠶᠢᠭᠡᠮ ᠤᠨ ᠬᠦᠴᠦᠨ ᠢ ᠭᠦᠢᠴᠡᠳ ᠠᠰᠢᠭᠯᠠᠵᠤ ᠪᠣᠯᠤᠨ᠎ᠠ᠃ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠬᠦᠨᠳᠦ ᠡᠪᠡᠳᠴᠢᠲᠡᠨ ᠢ ᠨᠥᠬᠦᠴᠡᠯ ᠦᠭᠡᠶ ᠪᠠᠷ  ᠡᠮᠨᠡᠨ᠎ᠡ᠃      ᠵᠢᠶᠤᠤ ᠶᠠ ᠬᠤᠢ ᠢᠯᠡᠷᠬᠡᠶᠢᠯᠡᠬᠦ ᠳᠡᠭᠡᠨ᠂ ᠲᠣᠭᠤᠷᠢᠭ ᠬᠤᠪᠢᠶᠠᠨ ᠬᠡᠰᠡᠭ ᠬᠤᠪᠢᠶᠠᠨ ᠳᠠᠭᠠᠭᠠᠴᠢᠯᠠᠬᠤ ᠵᠠᠷᠴᠢᠮ ᠶᠣᠰᠣᠭᠠᠷ᠂ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠬᠠᠷᠢᠶᠠᠲᠤ ᠣᠷᠣᠨ ᠤ ᠪᠠᠨ ᠪᠣᠶ ᠪᠥᠬᠦᠶ ᠠᠶᠤᠯ ᠲᠦᠭᠰᠢᠭᠦᠷᠢ ᠶᠡᠬᠡᠲᠡᠶ ᠬᠥᠮᠦᠰ ᠵᠢᠴᠢ ᠬᠦᠨᠳᠦ ᠡᠪᠡᠳᠴᠢᠲᠡᠨ ᠪᠣᠯᠵᠣ ᠮᠡᠳᠡᠬᠦ ᠬᠥᠮᠦᠰ᠂ ᠢᠯᠠᠩᠭᠤᠶ᠎ᠠ ᠥᠨᠳᠥᠷ ᠨᠠᠰᠤᠲᠠᠶ᠂ ᠰᠠᠭᠤᠷᠢ ᠡᠪᠡᠳᠴᠢᠨ ᠲᠠᠢ ᠨᠠᠰᠤᠲᠠᠶᠢᠴᠤᠳ ᠵᠢᠴᠢ ᠪᠠᠭ᠎ᠠ ᠨᠠᠰᠤᠨ ᠤ ᠬᠡᠤᠬᠡᠳ ᠢ ᠬᠠᠷᠢᠭᠤᠴᠠᠬᠤ ᠬᠡᠷᠡᠭᠲᠡᠶ᠃ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ︽ᠵᠠᠭᠠᠭᠯᠠᠨ ᠲᠣᠭᠲᠠᠭᠠᠭᠰᠠᠨ ᠣᠷᠣᠨ ᠤ ᠬᠡᠪᠴᠢᠶᠡᠨ ᠳᠤ ᠪᠠᠶᠢᠬᠤ ᠦᠭᠡᠢ︾ ᠭᠡᠳᠡᠭ ᠢᠶᠠᠷ ᠰᠢᠯᠲᠠᠭ ᠪᠣᠯᠭᠠᠵᠤ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠦᠭᠡᠢ ᠪᠠᠶᠢᠵᠤ ᠪᠣᠯᠬᠤ ᠦᠭᠡᠢ᠃ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠠᠩᠬ᠎ᠠ ᠡᠮᠴᠢᠯᠡᠭᠡᠨ ᠳᠤ ᠬᠠᠷᠢᠭᠤᠴᠠᠬᠤ ᠪᠠ ᠬᠦᠨᠳᠦ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠶᠢ ᠨᠠᠶᠢᠳᠠᠪᠤᠷᠢᠵᠢᠭᠤᠯᠬᠤ ᠪᠣᠯ ᠬᠠᠷᠢᠴᠠᠯᠠᠰᠢ ᠦᠭᠡᠶ ᠶᠤᠮ᠂ ᠡᠪᠡᠳᠴᠢᠲᠡᠨ ᠬᠦᠯᠢᠶᠡᠨ ᠠᠪᠴᠤ ᠡᠮᠨᠡᠨ ᠵᠠᠰᠠᠬᠤ ᠬᠡᠪᠴᠢᠶᠡᠨ ᠳᠤ ᠪᠠᠶᠢᠬᠤ ᠦᠭᠡᠶ ᠴᠦ ᠭᠡᠰᠡᠨ ᠨᠥᠬᠦᠴᠡᠯ ᠦᠭᠡᠶ ᠪᠠᠷ ᠬᠦᠯᠢᠶᠡᠨ ᠠᠪᠴᠤ ᠡᠮᠨᠡᠨ ᠵᠠᠰᠠᠬᠤ ᠬᠡᠷᠡᠭᠲᠡᠶ᠃      ᠵᠢᠶᠤᠤ ᠶᠠ ᠬᠤᠢ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠡ ᠡᠮᠴᠢᠯᠡᠭᠡᠨ ᠤ ᠠᠪᠤᠷᠠᠨ ᠵᠠᠰᠠᠯᠲᠠ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠦᠨᠳᠦ ᠡᠪᠡᠳᠴᠢᠲᠡᠨ ᠢ ᠡᠮᠨᠡᠨ ᠵᠠᠰᠠᠬᠤ ᠶᠢ ᠴᠢᠩᠭᠠᠳᠬᠠᠬᠤ ᠪᠠᠷ ᠪᠠᠷᠠᠬᠤ ᠦᠭᠡᠢ᠂ ᠪᠥᠭᠡᠮ ᠬᠦᠴᠢᠯ ᠤᠨ ᠠᠷᠭ᠎ᠠ ᠴᠢᠨᠠᠷᠲᠠᠢ ᠡᠪᠡᠳᠴᠢᠲᠡᠨ ᠳᠤ ᠨᠡᠩ ᠤᠯᠠᠨ ᠰᠠᠭᠤᠷᠢ ᠡᠪᠡᠳᠴᠢᠨ ᠳᠠᠪᠬᠤᠴᠠᠭᠰᠠᠨ ᠬᠦᠨᠳᠦ ᠡᠪᠡᠳᠴᠢᠲᠡᠨ ᠢ ᠡᠮᠨᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃      ᠡᠭᠦᠨ ᠤ ᠬᠠᠮᠲᠤ ᠬᠠᠯᠠᠭᠤᠷᠠᠯ ᠤᠨ ᠡᠭᠦᠳᠡᠨ ᠡᠮᠨᠡᠯᠭᠡ᠂ ᠲᠦᠷᠭᠡᠨ ᠡᠮᠴᠢᠯᠡᠭᠡ ᠪᠠ ᠡᠪᠡᠳᠴᠢᠲᠡᠨ ᠤ ᠦᠷᠦᠭᠡ ᠶᠢᠨ ᠬᠤᠭᠤᠷᠣᠨᠳᠣᠬᠢ ᠵᠣᠯᠭᠠᠯᠴᠠᠭ᠎ᠠ ᠶᠢ ᠰᠠᠶᠢᠲᠤᠷ ᠬᠢᠵᠦ᠂ ᠬᠠᠯᠠᠭᠤᠷᠠᠯ ᠤᠨ ᠡᠭᠦᠳᠡᠨ ᠡᠮᠨᠡᠯᠭᠡ᠂ ᠣᠨᠴᠠᠭᠠᠶᠢᠯᠠᠨ ᠲᠦᠷᠭᠡᠨ ᠡᠮᠴᠢᠯᠡᠭᠡ ᠪᠠᠷ ᠬᠦᠯᠢᠶᠡᠨ ᠠᠪᠴᠤ ᠡᠮᠨᠡᠭᠦᠯᠵᠦ ᠪᠠᠶᠢᠭ᠎ᠠ ᠬᠦᠨᠳᠦ ᠡᠪᠡᠳᠴᠢᠲᠡᠨ ᠢ ᠴᠠᠭ ᠲᠤᠬᠠᠶ ᠳᠤᠨᠢ ᠡᠪᠡᠳᠴᠢᠲᠡᠨ ᠤ ᠦᠷᠦᠭᠡ ᠳᠤ ᠣᠷᠣᠭᠤᠯᠤᠨ ᠲᠤᠰᠬᠠᠶ ᠰᠠᠯᠠᠭᠠᠨ ᠤ ᠠᠪᠤᠷᠠᠯᠲᠠ ᠬᠢᠯᠭᠡᠬᠦ ᠪᠤᠶᠤ ᠶᠡᠷᠦᠩᠬᠡᠶᠢᠯᠡᠭᠰᠡᠨ ICU᠎ ᠳᠤ ᠬᠦᠯᠢᠶᠡᠨ ᠠᠪᠴᠤ ᠶᠡᠷᠦᠩᠬᠡᠶᠢᠯᠡᠨ ᠠᠪᠤᠷᠠᠯᠲᠠ ᠬᠢᠯᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃                           ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠸᠢᠴᠠᠲ ᠤᠨ ᠨᠡᠶᠢᠲᠡ ᠶᠢᠨ ᠳ᠋ᠤᠭᠠᠷ ︵ID᠄ cctvnewscenter︶                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3