ᠭᠤᠣᠯ ᠰᠡᠳᠦᠪ᠄ | ︽ᠳᠤᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ᠄ ︽ | ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ | ᠴᠠᠭ᠄ | 2023ᠤᠨ ᠤ 1 ᠰᠠᠷ᠎ᠠ ᠶᠢᠨ 3 | ᠬᠦᠨᠳᠦᠲᠦ ᠵᠣᠴᠢᠨ᠄ | ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ | ᠯᠢ ᠺᠠᠶ ᠳ᠋ᠦᠩ | ᠲᠣᠪᠴᠢᠯᠠᠯ᠄ | ᠰᠢᠩ ᠾᠧ ᠰᠢᠶᠠᠨ ᠴᠠᠭ ᠢ ᠦᠵᠡᠨ ᠪᠠᠶᠢᠳᠠᠯ ᠢ ᠰᠢᠨᠵᠢᠵᠦ᠂ ᠳᠣᠯᠣᠭᠠᠨ ᠬᠠᠭᠤᠴᠢᠨ ᠦᠵᠡᠯᠲᠡ ᠶᠢ ᠡᠷᠡᠰ | ᠲᠠᠶᠠᠭᠳᠠᠵᠤ᠂ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠢ ᠭᠡᠷᠡᠴᠢᠯᠡᠨ ᠵᠢᠴᠢ ᠪᠦᠬᠦ ᠬᠤᠳᠠ ᠶᠢᠨ | ᠬᠤᠶᠠᠷ ᠬᠤᠷᠠᠯ ᠤᠨ ᠵᠣᠷᠢᠭ ᠰᠠᠨᠠᠭ᠎ᠠ ᠨᠢ ᠲᠠᠪᠤᠨ ᠶᠡᠭᠡ ᠠᠵᠤ ᠠᠬᠤᠢ ᠪᠠᠷ ᠭᠠᠷᠳᠠᠴᠠ ᠪᠣᠯᠭᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ | ᠠᠰᠢᠭᠯᠠᠵᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠲᠠᠯᠠᠵᠤ᠂ ᠬᠥᠬᠡᠮᠳᠦᠭ ᠨᠣᠭᠤᠭᠠᠨ ᠭᠠᠵᠠᠷ | ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ | ᠬᠠᠮᠵᠢᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢᠶᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠣᠭᠴᠠᠯᠠᠨ ᠪᠠᠶᠢᠭᠤᠯᠤᠨ᠎ᠠ᠃ | ᠰᠤᠷᠪᠤᠯᠵᠢᠯᠠᠭᠴᠢ᠄ ᠠᠰᠠᠭᠤᠬᠤ ᠨᠢ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ | ᠰᠣᠨᠣᠰᠤᠭᠰᠠᠨ ᠤ ᠳᠠᠷᠠᠭ᠎ᠠ᠂ ᠰᠢᠩ ᠾᠧ ᠰᠢᠶᠠᠨ ᠤ ᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ | ᠰᠠᠶᠢᠲᠤᠷ ᠠᠳᠬᠤᠬᠤ ᠪᠣᠶ︖ | ᠯᠢ ᠺᠠᠢ ᠳ᠋ᠦᠩ᠄ ᠴᠢ ᠹᠸᠢ ᠶᠦᠨ ᠬᠤᠳᠠ ᠶᠢᠨ ᠳᠠᠷᠤᠭ᠎ᠠ ᠶᠢᠨ ᠬᠢᠭᠰᠡᠨ ᠢᠯᠡᠳᠬᠡᠯ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠲᠤᠤᠱᠯᠠᠭᠤᠯᠵᠤ᠂ ᠠᠵᠤ ᠠᠬᠤᠢ ᠶᠢᠨ ᠵᠢᠮ᠎ᠡ ᠶᠣᠰᠣ ᠶᠢ ᠬᠦᠨᠳᠦᠳᠬᠡᠵᠦ᠂ ᠠᠷᠠᠳ ᠲᠦᠮᠡᠨ ᠤ ᠬᠦᠰᠡᠯ ᠰᠠᠨᠠᠭ᠎ᠠ ᠶᠢ | ᠢᠯᠡᠷᠡᠭᠦᠯᠵᠦ᠂ ᠬᠤᠳᠠ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠬᠥᠳᠡᠯᠭᠡᠬᠦ ᠬᠦᠴᠦᠨ ᠨᠡᠮᠡᠷᠢᠯᠡᠭᠰᠡᠨ᠂ ᠪᠣᠳᠠᠲᠤ | ᠬᠦᠴᠦᠨ ᠢᠶᠠᠨ ᠨᠡᠮᠡᠭᠳᠡᠭᠦᠯᠦᠭᠰᠡᠨ᠂ ᠨᠢᠭᠲᠠᠷᠠᠭᠤᠯᠬᠤ ᠬᠦᠴᠦᠨ ᠲᠠᠢ ᠰᠠᠶᠢᠨ ᠮᠡᠳᠡᠭᠦᠯᠦᠯᠲᠡ ᠪᠣᠯᠤᠨ᠎ᠠ᠃ ᠪᠢᠳᠡᠨ ᠤ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠬᠢᠨ ᠵᠠᠰᠠᠭ ᠤᠨ ᠣᠷᠳᠣᠨ ᠤ ᠠᠵᠢᠯ ᠤᠨ ᠡᠯ᠎ᠡ ᠵᠦᠢᠯ ᠤᠨ | ᠬᠠᠷᠠᠯᠲᠠ ᠡᠭᠦᠷᠭᠡ ᠶᠢ ᠪᠡᠶᠡᠯᠡᠭᠦᠯᠦᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠪᠣᠯᠤᠨ᠎ᠠ᠃ | ︽ᠲᠠᠪᠤᠨ ᠶᠡᠭᠡ ᠠᠵᠤ ᠠᠬᠤᠶ︾ ᠶᠢᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠣᠷᠣᠨ | ᠪᠠᠶᠢᠷᠢ ᠶᠢᠨ ᠵᠠᠮ ᠬᠠᠷᠢᠯᠴᠠᠭ᠎ᠠ᠂ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠲᠠᠷᠢᠶᠠᠯᠠᠩ | ᠮᠠᠯ ᠠᠵᠤ ᠠᠬᠤᠶ ᠪᠠ ᠵᠢᠭᠤᠯᠴᠢᠯᠠᠯ ᠤᠨ ᠤᠶᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠡᠶᠢᠰᠯᠡᠯ ᠳᠤ | ᠬᠠᠨᠳᠤᠭᠤᠯᠤᠭᠰᠠᠨ ︽ᠲᠣᠮᠣ ᠨᠣᠭᠤᠭ᠎ᠠ ᠶᠢᠨ ᠬᠦᠷᠢᠶᠡᠯᠡᠩ︾ ᠪᠠ ︽ᠠᠷᠤ ᠴᠡᠴᠡᠷᠯᠢᠭ︾ ᠢ ᠪᠠᠶᠢᠭᠤᠯᠤᠨ᠎ᠠ︔ | ᠥᠩᠭᠡ ᠦᠵᠡᠮᠵᠢ᠂ ᠪᠠᠯ ᠴᠢᠯᠠᠭᠤ᠂ ᠬᠥᠪᠰᠥᠭᠡᠷ ᠰᠢᠷᠣᠶ ᠵᠡᠷᠭᠡ ᠡᠬᠢ ᠪᠠᠶᠠᠯᠢᠭ ᠲᠤ ᠲᠦᠰᠢᠭᠯᠡᠨ᠂ ᠠᠵᠤ | ᠤᠶᠢᠯᠡᠳᠪᠤᠷᠢ ᠶᠢᠨ ᠠᠵᠤ ᠤᠶᠢᠯᠡᠰ ᠤᠨ ᠰᠦᠷᠦᠭᠵᠢᠯ ᠤᠨ ᠬᠥᠭᠵᠢᠯᠲᠡ ᠶᠢ ᠠᠬᠢᠭᠤᠯᠵᠤ᠂ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠤᠨ ︽ᠲᠥᠪᠯᠡᠷᠡᠭᠰᠡᠨ ᠣᠷᠣᠨ︾ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ︔ ᠤᠯᠠᠭᠠᠨᠴᠠᠪ — | ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ ᠪᠠ | ᠪᠣᠭᠤᠮᠲᠠ ᠶᠢᠨ ᠥᠷᠥᠴᠡ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠵᠠᠪᠳᠤᠨ ᠠᠳᠬᠤᠵᠤ | ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢ ᠪᠦᠷᠢᠨᠰᠢᠬᠦᠯᠦᠨ᠂ ᠣᠲᠣ | ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠤᠶᠢᠯᠡᠰ ᠤᠨ ︽ᠳᠠᠭᠠᠭᠠᠴᠠ ᠶᠢᠨ ᠣᠷᠣᠨ︾ ᠢ ᠪᠠᠶᠢᠭᠤᠯᠤᠨ᠎ᠠ᠃ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠨᠣᠯᠵᠢᠬᠤᠨ ᠢ | ᠢᠳᠡᠪᠬᠢᠲᠡᠶ ᠤᠶᠢᠯᠡᠳᠤᠯᠭᠡᠵᠢᠭᠦᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠭᠦᠯᠬᠦ ᠶᠢ ᠪᠠᠷᠢᠮᠲᠠᠯᠠᠨ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠣᠷᠴᠢᠨ ᠲᠣᠭᠤᠷᠢᠨ ᠤ | ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢ | ᠲᠦᠷᠭᠡᠳᠬᠡᠨ᠂ ᠬᠥᠬᠡᠮᠳᠦᠭ ᠨᠣᠭᠤᠭᠠᠨ ᠦᠵᠡᠰᠬᠦᠯᠡᠩᠲᠦ ᠰᠠᠶᠢᠬᠠᠨ ᠬᠡᠷ ᠣᠷᠣᠨ᠂ ᠥᠨᠢ ᠡᠭᠦᠷᠢᠳᠡ ᠦᠷᠭᠦᠯᠵᠢᠯᠡᠨ | ᠬᠥᠭᠵᠢᠬᠦ ᠠᠮᠢ ᠠᠬᠤᠶ ᠶᠢᠨ ᠬᠡᠷ ᠣᠷᠣᠨ᠂ ᠲᠠᠭᠠᠯᠠᠮᠵᠢᠲᠠᠶ ᠪᠥᠭᠡᠳ ᠡᠷᠡᠭᠦᠯ ᠰᠠᠷᠠᠭᠤᠯ ᠪᠣᠬᠢᠷᠲᠤᠯ ᠥᠬᠡᠶ ᠬᠡᠷ | ᠣᠷᠣᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠲᠠᠪᠤᠨ ᠪᠠᠶᠢᠷᠢ︾ ᠶᠢᠨ ᠠᠷᠠᠳ ᠲᠤ ᠠᠰᠢᠭ | ᠬᠦᠷᠲᠡᠭᠡᠬᠦ ᠠᠵᠢᠯᠯᠠᠭ᠎ᠠ ᠶᠢᠨ 2.0 ᠤᠨ ᠬᠡᠪᠯᠡᠯ ᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠠᠵᠢᠯ ᠣᠯᠭᠤᠯᠲᠠ | ᠦᠢᠯᠡᠰ ᠪᠤᠰᠬᠠᠬᠤ᠂ ᠰᠤᠷᠭᠠᠨ ᠬᠥᠮᠦᠵᠢᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ | ᠰᠢᠢᠳᠪᠦᠷᠢᠯᠡᠵᠦ᠂ ᠤᠯᠠᠨ ᠲᠦᠮᠡᠨ ᠢ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ | ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ | ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ | ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠭᠤᠷᠪᠠᠨ ᠣᠯᠠᠨ᠂ ᠭᠤᠷᠪᠠᠨ ᠴᠥᠭᠡᠨ᠂ | ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠡᠯ᠎ᠡ ᠵᠤᠶᠢᠯ ᠤᠨ ᠠᠵᠢᠯ ᠢ ᠲᠦᠷᠭᠡᠨ | ᠨᠠᠶᠢᠳᠠᠪᠤᠷᠢᠵᠢᠭᠤᠯᠬᠤ᠂ ᠦᠨᠡᠨ ᠬᠦ ᠨᠠᠶᠢᠳᠠᠪᠤᠷᠢᠵᠢᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠠᠭᠠᠨᠴᠠᠪ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠤᠷᠮ᠎ᠠ | ᠵᠣᠷᠢᠭ ᠪᠠ ᠬᠤᠪᠢ ᠨᠡᠮᠡᠷᠢ ᠪᠠᠨ ᠦᠵᠡᠭᠦᠯᠰᠦᠭᠡᠶ︕ | | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |