ᠬᠤᠶᠠᠷ ᠪᠠᠶᠠᠷ ᠤᠨ ᠬᠤᠭᠤᠴᠠᠭᠠᠨ ᠳᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ | ᠵᠢᠯᠤᠭᠤᠳᠤᠯᠭ᠎ᠠ ᠪᠠᠨ ᠴᠢᠩᠭᠠᠳᠬᠠᠵᠤ᠂ ᠣᠨᠴᠠᠭᠠᠶ ᠴᠠᠭ ᠦᠶ᠎ᠡ ᠳᠤ ᠪᠠᠰᠠ ᠬᠥᠮᠦᠨ ᠲᠣᠮᠢᠯᠠᠨ ᠰᠢᠶᠠᠨ ᠤ | ᠡᠮᠨᠡᠯᠭᠡ ᠶᠢᠨ ᠬᠤᠷᠢᠶᠠᠨ ᠳᠤ ᠣᠴᠢᠭᠤᠯᠵᠤ ᠭᠤᠣᠯᠳᠠᠯᠭ᠎ᠠ ᠲᠠᠢ ᠪᠠᠷ ᠵᠢᠯᠣᠭᠤᠳᠣᠭᠤᠯᠬᠤ ᠬᠡᠷᠡᠭᠲᠡᠶ᠃ ᠡᠭᠦᠨ ᠤ ᠬᠠᠮᠲᠤ | ᠬᠥᠳᠡᠭᠡ ᠲᠣᠰᠬᠤᠨ ᠤ ᠭᠠᠵᠠᠷ ᠣᠷᠣᠨ ᠤ ᠲᠣᠭᠤᠷᠢᠨ ᠶᠠᠪᠤᠬᠤ᠂ ᠲᠣᠭᠤᠷᠢᠨ ᠡᠮᠴᠢᠯᠡᠬᠦ ᠡᠷᠴᠢᠮ ᠢ ᠴᠢᠩᠭᠠᠷᠠᠭᠤᠯᠵᠤ᠂ | ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠤᠨ ᠬᠤᠪᠢᠷᠠᠯᠲᠠ ᠶᠢ ᠡᠷᠲᠡ ᠠᠴᠠ | ᠣᠯᠵᠤ ᠮᠡᠳᠡᠨ᠂ ᠴᠠᠭ ᠲᠤᠬᠠᠶ ᠳᠤᠨᠢ ᠡᠮᠨᠡᠯᠭᠡ ᠳᠤ ᠬᠦᠷᠭᠡᠵᠦ ᠡᠮᠨᠡᠭᠦᠯᠦᠨ᠎ᠡ᠃ | ᠰᠢᠶᠠᠨ ᠤ ᠡᠮᠨᠡᠯᠭᠡ ᠶᠢᠨ ᠬᠤᠷᠢᠶᠠᠨ ᠤ ᠡᠨᠡ ᠱᠠᠲᠤᠨ ᠳᠤ ᠡᠪᠡᠳᠴᠢᠲᠡᠨ ᠤ ᠣᠷᠣ᠂ ᠲᠥᠬᠦᠭᠡᠷᠦᠮᠵᠢ᠂ | ᠲᠥᠬᠦᠭᠡᠷᠦᠮᠵᠢ ᠵᠢᠴᠢ ᠠᠵᠢᠯᠳᠠᠨ ᠢ ᠪᠠᠭᠲᠠᠭᠠᠭᠰᠠᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠵᠡᠷᠭᠡᠴᠡᠭᠡᠪᠡᠷ | ᠬᠤᠳᠠ ᠪᠠ ᠰᠢᠶᠠᠨ ᠤ ᠬᠤᠭᠤᠷᠣᠨᠳᠣ ᠪᠠᠨ ᠲᠤᠰᠠᠯᠠᠬᠤ ᠪᠠ ᠰᠢᠯᠵᠢᠭᠦᠯᠦᠨ ᠡᠮᠨᠡᠭᠦᠯᠬᠦ ᠲᠣᠭᠲᠠᠴᠠ ᠶᠢ ᠪᠠᠶᠢᠭᠤᠯᠵᠤ᠂ | ᠬᠥᠳᠡᠭᠡ ᠲᠣᠰᠬᠤᠨ ᠤ ᠬᠦᠨᠳᠦ ᠡᠪᠡᠳᠴᠢᠲᠡᠨ ᠢ ᠴᠠᠭ ᠲᠤᠬᠠᠶ ᠳᠤᠨᠢ ᠰᠢᠯᠵᠢᠭᠦᠯᠦᠨ ᠠᠪᠴᠢᠷᠠᠬᠤ ᠶᠢ ᠪᠠᠲᠤᠯᠠᠬᠤ | ᠬᠡᠷᠡᠭᠲᠡᠶ᠃ | 120 ᠲᠦᠷᠭᠡᠨ ᠠᠪᠤᠷᠠᠬᠤ ᠲᠡᠷᠭᠡ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ ᠢ ᠰᠢᠯᠵᠢᠭᠦᠯᠦᠨ | ᠵᠥᠭᠡᠭᠡᠪᠦᠷᠢᠯᠡᠬᠦ ᠶᠢ ᠭᠤᠤᠯᠳᠠᠯᠭ᠎ᠠ ᠲᠠᠢ ᠪᠠᠲᠤᠯᠠᠬᠤ ᠬᠡᠷᠡᠭᠲᠡᠶ ᠃ | ᠵᠢᠶᠤᠤ ᠶᠠ ᠬᠤᠢ ᠬᠡᠯᠡᠬᠦ ᠳᠡᠭᠡᠨ᠂ ᠣᠶᠢᠷ᠎ᠠ ᠶᠢᠨ ᠬᠤᠭᠤᠴᠠᠭᠠᠨ ᠳᠤ 120 ᠨᠢ ᠣᠯᠠᠨ ᠤ ᠠᠩᠬᠠᠷᠤᠯ ᠤᠨ | ᠲᠥᠪ ᠪᠣᠯᠵᠣ᠂ ᠮᠥᠨ ᠴᠦ ᠡᠮᠴᠢᠯᠡᠭᠡᠨ ᠤ ᠠᠪᠤᠷᠠᠯᠳᠠ ᠶᠢᠨ ᠨᠢᠭᠡᠨ ᠪᠡᠷᠬᠡ ᠴᠡᠭ ᠪᠣᠯᠤᠭᠰᠠᠨ ᠪᠠᠶᠢᠨ᠎ᠠ᠃ | ᠬᠤᠯᠪᠣᠭᠳᠠᠯ ᠪᠦᠬᠦᠢ ᠠᠰᠠᠭᠤᠳᠠᠯ ᠳᠤ ᠴᠢᠭᠯᠡᠭᠦᠯᠦᠨ᠂ ᠡᠯ᠎ᠡ ᠭᠠᠵᠠᠷ ᠤᠨ ᠬᠢᠨ ᠤᠷᠢᠳᠴᠢᠯᠠᠭᠰᠠᠨ ᠲᠥᠰᠦᠯ ᠢᠶᠠᠨ | ᠤᠷᠢᠳᠴᠢᠯᠠᠨ ᠰᠠᠶᠢᠲᠤᠷ ᠬᠢᠬᠦ ᠬᠡᠷᠡᠭᠲᠡᠶ᠃ | 120 ᠪᠠᠴᠢᠮ ᠠᠪᠤᠷᠠᠯᠲᠠ ᠶᠢᠨ ᠲᠡᠷᠭᠡ ᠬᠦᠨᠳᠦ ᠲᠦᠭᠰᠢᠭᠦᠷᠢᠲᠡᠶ ᠡᠪᠡᠳᠴᠢᠲᠡᠨ ᠢ ᠰᠢᠯᠵᠢᠭᠦᠯᠦᠨ | ᠲᠡᠭᠡᠭᠡᠪᠦᠷᠢᠯᠡᠬᠦ ᠶᠢ ᠭᠤᠣᠯᠳᠠᠯᠭ᠎ᠠ ᠲᠠᠢ ᠪᠠᠲᠤᠯᠠᠬᠤ ᠬᠡᠷᠡᠭᠲᠡᠶ᠃ ᠠᠰᠠᠭᠤᠨ ᠯᠠᠪᠯᠠᠬᠤ ᠳ᠋ᠢᠶᠠᠩᠬᠤᠸᠠ ᠶᠢᠨ 120 ᠡᠬᠢ | ᠪᠠᠶᠠᠯᠢᠭ ᠢ ᠡᠵᠡᠯᠡᠨ ᠬᠡᠷᠡᠭᠯᠡᠬᠦ ᠶᠢ ᠪᠠᠭᠠᠰᠬᠠᠬᠤ ᠶᠢᠨ ᠲᠥᠯᠥᠭᠡ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ | ᠪᠠᠶᠢᠭᠤᠯᠤᠮᠵᠢ ᠨᠤᠭᠤᠳ 24 ᠴᠠᠭ ᠤᠨ ᠢᠨᠲ᠋ᠤᠷ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡ ᠬᠡᠷᠡᠭᠲᠡᠶ᠃ ᠪᠠᠴᠢᠮ | ᠠᠪᠤᠷᠠᠯᠳᠠ ᠶᠢᠨ ᠪᠤᠰᠤ ᠳᠠᠮᠵᠢᠭᠤᠯᠤᠨ ᠲᠡᠭᠡᠭᠡᠪᠦᠷᠢᠯᠡᠬᠦ ᠬᠡᠷᠡᠭᠴᠡᠭᠡ ᠳᠤ ᠭᠤᠷᠪᠠᠳᠠᠬᠢ ᠡᠲᠡᠭᠡᠳ ᠪᠤᠶᠤ ᠨᠡᠶᠢᠭᠡᠮ ᠤᠨ | ᠬᠦᠴᠦᠨ ᠢ ᠭᠦᠢᠴᠡᠳ ᠠᠰᠢᠭᠯᠠᠵᠤ ᠪᠣᠯᠤᠨ᠎ᠠ᠃ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ | ᠬᠦᠨᠳᠦ ᠡᠪᠡᠳᠴᠢᠲᠡᠨ ᠢ ᠨᠥᠬᠦᠴᠡᠯ ᠦᠭᠡᠶ ᠪᠠᠷ ᠡᠮᠨᠡᠨ᠎ᠡ᠃ | ᠵᠢᠶᠤᠤ ᠶᠠ ᠬᠤᠢ ᠢᠯᠡᠷᠬᠡᠶᠢᠯᠡᠬᠦ ᠳᠡᠭᠡᠨ᠂ ᠲᠣᠭᠤᠷᠢᠭ ᠬᠤᠪᠢᠶᠠᠨ ᠬᠡᠰᠡᠭ ᠬᠤᠪᠢᠶᠠᠨ ᠳᠠᠭᠠᠭᠠᠴᠢᠯᠠᠬᠤ ᠵᠠᠷᠴᠢᠮ | ᠶᠣᠰᠣᠭᠠᠷ᠂ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠬᠠᠷᠢᠶᠠᠲᠤ ᠣᠷᠣᠨ ᠤ ᠪᠠᠨ ᠪᠣᠶ | ᠪᠥᠬᠦᠶ ᠠᠶᠤᠯ ᠲᠦᠭᠰᠢᠭᠦᠷᠢ ᠶᠡᠬᠡᠲᠡᠶ ᠬᠥᠮᠦᠰ ᠵᠢᠴᠢ ᠬᠦᠨᠳᠦ ᠡᠪᠡᠳᠴᠢᠲᠡᠨ ᠪᠣᠯᠵᠣ ᠮᠡᠳᠡᠬᠦ ᠬᠥᠮᠦᠰ᠂ ᠢᠯᠠᠩᠭᠤᠶ᠎ᠠ | ᠥᠨᠳᠥᠷ ᠨᠠᠰᠤᠲᠠᠶ᠂ ᠰᠠᠭᠤᠷᠢ ᠡᠪᠡᠳᠴᠢᠨ ᠲᠠᠢ ᠨᠠᠰᠤᠲᠠᠶᠢᠴᠤᠳ ᠵᠢᠴᠢ ᠪᠠᠭ᠎ᠠ ᠨᠠᠰᠤᠨ ᠤ ᠬᠡᠤᠬᠡᠳ ᠢ ᠬᠠᠷᠢᠭᠤᠴᠠᠬᠤ | ᠬᠡᠷᠡᠭᠲᠡᠶ᠃ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ︽ᠵᠠᠭᠠᠭᠯᠠᠨ ᠲᠣᠭᠲᠠᠭᠠᠭᠰᠠᠨ | ᠣᠷᠣᠨ ᠤ ᠬᠡᠪᠴᠢᠶᠡᠨ ᠳᠤ ᠪᠠᠶᠢᠬᠤ ᠦᠭᠡᠢ︾ ᠭᠡᠳᠡᠭ ᠢᠶᠠᠷ ᠰᠢᠯᠲᠠᠭ ᠪᠣᠯᠭᠠᠵᠤ ᠡᠪᠡᠳᠴᠢᠲᠡᠨ ᠢ ᠬᠦᠯᠢᠶᠡᠨ ᠠᠪᠴᠤ | ᠡᠮᠨᠡᠨ ᠵᠠᠰᠠᠬᠤ ᠦᠭᠡᠢ ᠪᠠᠶᠢᠵᠤ ᠪᠣᠯᠬᠤ ᠦᠭᠡᠢ᠃ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠠᠩᠬ᠎ᠠ | ᠡᠮᠴᠢᠯᠡᠭᠡᠨ ᠳᠤ ᠬᠠᠷᠢᠭᠤᠴᠠᠬᠤ ᠪᠠ ᠬᠦᠨᠳᠦ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠶᠢ | ᠨᠠᠶᠢᠳᠠᠪᠤᠷᠢᠵᠢᠭᠤᠯᠬᠤ ᠪᠣᠯ ᠬᠠᠷᠢᠴᠠᠯᠠᠰᠢ ᠦᠭᠡᠶ ᠶᠤᠮ᠂ ᠡᠪᠡᠳᠴᠢᠲᠡᠨ ᠬᠦᠯᠢᠶᠡᠨ ᠠᠪᠴᠤ ᠡᠮᠨᠡᠨ ᠵᠠᠰᠠᠬᠤ | ᠬᠡᠪᠴᠢᠶᠡᠨ ᠳᠤ ᠪᠠᠶᠢᠬᠤ ᠦᠭᠡᠶ ᠴᠦ ᠭᠡᠰᠡᠨ ᠨᠥᠬᠦᠴᠡᠯ ᠦᠭᠡᠶ ᠪᠠᠷ ᠬᠦᠯᠢᠶᠡᠨ ᠠᠪᠴᠤ ᠡᠮᠨᠡᠨ ᠵᠠᠰᠠᠬᠤ ᠬᠡᠷᠡᠭᠲᠡᠶ᠃ | ᠵᠢᠶᠤᠤ ᠶᠠ ᠬᠤᠢ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠡ ᠡᠮᠴᠢᠯᠡᠭᠡᠨ ᠤ ᠠᠪᠤᠷᠠᠨ ᠵᠠᠰᠠᠯᠲᠠ ᠶᠢᠨ | ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠲᠢᠲᠢᠮ ᠲᠠᠢ | ᠠᠭᠤᠰᠬᠢᠨ ᠦᠷᠪᠢᠰᠦᠯ ᠤᠨ ᠬᠦᠨᠳᠦ ᠡᠪᠡᠳᠴᠢᠲᠡᠨ ᠢ ᠡᠮᠨᠡᠨ ᠵᠠᠰᠠᠬᠤ ᠶᠢ ᠴᠢᠩᠭᠠᠳᠬᠠᠬᠤ ᠪᠠᠷ ᠪᠠᠷᠠᠬᠤ ᠦᠭᠡᠢ᠂ | ᠪᠥᠭᠡᠮ ᠬᠦᠴᠢᠯ ᠤᠨ ᠠᠷᠭ᠎ᠠ ᠴᠢᠨᠠᠷᠲᠠᠢ ᠡᠪᠡᠳᠴᠢᠲᠡᠨ ᠳᠤ ᠨᠡᠩ ᠤᠯᠠᠨ ᠰᠠᠭᠤᠷᠢ ᠡᠪᠡᠳᠴᠢᠨ ᠳᠠᠪᠬᠤᠴᠠᠭᠰᠠᠨ | ᠬᠦᠨᠳᠦ ᠡᠪᠡᠳᠴᠢᠲᠡᠨ ᠢ ᠡᠮᠨᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ | ᠡᠭᠦᠨ ᠤ ᠬᠠᠮᠲᠤ ᠬᠠᠯᠠᠭᠤᠷᠠᠯ ᠤᠨ ᠡᠭᠦᠳᠡᠨ ᠡᠮᠨᠡᠯᠭᠡ᠂ ᠲᠦᠷᠭᠡᠨ ᠡᠮᠴᠢᠯᠡᠭᠡ ᠪᠠ ᠡᠪᠡᠳᠴᠢᠲᠡᠨ ᠤ | ᠦᠷᠦᠭᠡ ᠶᠢᠨ ᠬᠤᠭᠤᠷᠣᠨᠳᠣᠬᠢ ᠵᠣᠯᠭᠠᠯᠴᠠᠭ᠎ᠠ ᠶᠢ ᠰᠠᠶᠢᠲᠤᠷ ᠬᠢᠵᠦ᠂ ᠬᠠᠯᠠᠭᠤᠷᠠᠯ ᠤᠨ ᠡᠭᠦᠳᠡᠨ ᠡᠮᠨᠡᠯᠭᠡ᠂ | ᠣᠨᠴᠠᠭᠠᠶᠢᠯᠠᠨ ᠲᠦᠷᠭᠡᠨ ᠡᠮᠴᠢᠯᠡᠭᠡ ᠪᠠᠷ ᠬᠦᠯᠢᠶᠡᠨ ᠠᠪᠴᠤ ᠡᠮᠨᠡᠭᠦᠯᠵᠦ ᠪᠠᠶᠢᠭ᠎ᠠ ᠬᠦᠨᠳᠦ ᠡᠪᠡᠳᠴᠢᠲᠡᠨ ᠢ ᠴᠠᠭ | ᠲᠤᠬᠠᠶ ᠳᠤᠨᠢ ᠡᠪᠡᠳᠴᠢᠲᠡᠨ ᠤ ᠦᠷᠦᠭᠡ ᠳᠤ ᠣᠷᠣᠭᠤᠯᠤᠨ ᠲᠤᠰᠬᠠᠶ ᠰᠠᠯᠠᠭᠠᠨ ᠤ ᠠᠪᠤᠷᠠᠯᠲᠠ ᠬᠢᠯᠭᠡᠬᠦ ᠪᠤᠶᠤ | ᠶᠡᠷᠦᠩᠬᠡᠶᠢᠯᠡᠭᠰᠡᠨ ICU ᠳᠤ ᠬᠦᠯᠢᠶᠡᠨ ᠠᠪᠴᠤ ᠶᠡᠷᠦᠩᠬᠡᠶᠢᠯᠡᠨ ᠠᠪᠤᠷᠠᠯᠲᠠ ᠬᠢᠯᠭᠡᠬᠦ ᠶᠢ ᠦᠨᠡᠨ ᠬᠦ ᠪᠠᠲᠤᠯᠠᠬᠤ | ᠬᠡᠷᠡᠭᠲᠡᠶ᠃ | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠸᠢᠴᠠᠲ ᠤᠨ | ᠨᠡᠶᠢᠲᠡ ᠶᠢᠨ ᠳ᠋ᠤᠭᠠᠷ ︵ID᠄ cctvnewscenter︶ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |