60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠶᠢᠨ ᠰᠢᠨ᠎ᠡ ᠨᠣᠷᠮ᠎ᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠢᠵᠢᠭ ᠢ ᠰᠡᠷᠭᠡᠶᠢᠯᠡᠬᠦ ᠬᠠᠯᠬᠠᠪᠴᠢ ᠶᠢ ᠪᠠᠬᠢᠵᠢᠭᠦᠯᠬᠦ ᠶᠢᠨ | ᠲᠥᠯᠥᠭᠡ᠂ ᠬᠤᠲᠠ ᠶᠢᠨ ᠪᠣᠭᠤᠮᠲᠠ ᠪᠠᠯᠭᠠᠰᠤ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠭᠦᠴᠦᠨ ᠢᠶᠠᠷ ᠲᠦᠯᠬᠢᠨ᠎ᠡ᠃ | ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠢᠶᠠᠨ ᠴᠠᠭ | ᠲᠤᠬᠠᠶ ᠳᠤᠨᠢ ᠲᠣᠬᠢᠷᠠᠭᠤᠯᠬᠤ ᠬᠡᠷᠡᠭᠲᠡᠶ᠃ ᠴᠧᠩ ᠭᠤᠸᠠᠨ ᠪᠠᠯᠭᠠᠰᠤᠨ ᠤ ᠬᠢᠨ 60 ᠨᠠᠰᠤᠨ ᠠᠴᠠ ᠳᠡᠭᠡᠭᠰᠢᠬᠢ | ᠬᠥᠮᠦᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ | ᠠᠳᠬᠤᠵᠤ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ ᠤ ᠨᠡᠶᠢᠭᠡᠮ ᠲᠣᠭᠤᠷᠢᠭ ︵ᠲᠣᠰᠬᠤᠨ︶ ᠤᠨ | ᠬᠠᠷᠢᠭᠤᠴᠠᠯᠭ᠎ᠠ ᠪᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ | ᠬᠠᠷᠢᠭᠤᠴᠠᠯᠭ᠎ᠠ ᠶᠢ ᠳᠠᠭᠠᠭᠠᠬᠤ ᠶᠢ ᠪᠣᠳᠠᠲᠠᠶᠢᠵᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ | ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ 60 ᠨᠠᠰᠤᠨ ᠠᠴᠠ ᠳᠡᠭᠡᠭᠰᠢᠬᠢ ᠬᠥᠮᠦᠰ ᠲᠤ ᠸᠠᠺᠼᠢᠨ ᠤ | ᠲᠠᠷᠢᠯᠭ᠎ᠠ ᠶᠢᠨ ᠠᠵᠢᠯ ᠢ ᠠᠬᠢᠭᠤᠯᠬᠤ ᠬᠤᠷᠠᠯ᠂ ᠲᠣᠬᠢᠷᠠᠭᠤᠯᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ | ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠲᠠᠷᠢᠯᠭ᠎ᠠ ᠶᠢᠨ ᠠᠵᠢᠯ ᠤᠨ ᠡᠮᠬᠢ | ᠵᠢᠷᠤᠮ ᠲᠠᠢ ᠪᠥᠭᠡᠳ ᠲᠦᠷᠭᠡᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠪᠠ᠃ | ᠬᠤᠶᠠᠷ ᠲᠤ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠲᠠᠷᠢᠯᠭ᠎ᠠ ᠶᠢᠨ ᠰᠠᠭᠤᠷᠢ | ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ᠃ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠨ | ᠡᠷᠦᠬᠡ ᠳᠤ ᠣᠷᠣᠵᠤ ᠬᠡᠪᠢᠰ ᠮᠠᠶ᠋ᠢᠭ ᠤᠨ ᠬᠠᠷᠭᠤᠭᠤᠯᠤᠨ ᠪᠠᠶᠢᠴᠠᠭᠠᠬᠤ᠂ ᠡᠭᠦᠳᠡ ᠲᠣᠭᠰᠢᠵᠤ ᠡᠷᠦᠬᠡ ᠳᠤ | ᠣᠷᠣᠬᠤ ᠶᠢ ᠥᠷᠨᠢᠭᠦᠯᠵᠦ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ | ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨᠬᠦ ᠪᠠᠲᠤᠯᠠᠵᠤ᠂ ᠲᠠᠷᠢᠯᠭ᠎ᠠ ᠬᠢᠯᠭᠡᠭᠰᠡᠨ ᠥᠬᠡᠶ ᠬᠥᠮᠦᠰ ᠢ ᠳᠡᠩᠰᠡᠯᠡᠨ | ᠲᠡᠮᠳᠡᠭᠯᠡᠵᠦ᠂ ᠴᠡᠭᠡᠷᠯᠡᠬᠦ ᠡᠪᠡᠳᠴᠢᠨ ᠲᠠᠢ᠂ ᠡᠷᠡᠭᠡᠯᠵᠡᠭᠡ ᠲᠠᠢ᠂ ᠶᠠᠪᠤᠵᠤ ᠰᠠᠭᠤᠬᠤ ᠳᠤ ᠳᠥᠭᠦᠮ ᠦᠭᠡᠢ᠂ | ᠭᠠᠳᠠᠭᠰᠢ ᠭᠠᠷᠬᠤ ᠵᠡᠷᠭᠡ ᠠᠳᠠᠯᠢ ᠪᠤᠰᠤ ᠲᠥᠷᠥᠯ ᠢᠯᠭᠠᠯ ᠳᠤ ᠴᠢᠭᠯᠡᠭᠦᠯᠦᠨ ᠨᠢᠭᠡᠳ ᠨᠢᠭᠡ ᠪᠠᠷ ᠲᠥᠷᠥᠯ | ᠬᠤᠪᠢᠶᠠᠵᠤ᠂ ᠡᠬᠡ ᠲᠠᠩᠰᠠ ᠪᠠᠶᠢᠭᠤᠯᠤᠨ᠂ ᠲᠣᠭᠲᠠᠭᠰᠠᠨ ᠴᠠᠭ ᠲᠤ ᠰᠢᠨᠡᠳᠬᠡᠵᠦ᠂ ᠬᠥᠳᠡᠯᠦᠩᠭᠦᠶ ᠪᠠᠷ ᠬᠠᠮᠢᠶᠠᠷᠴᠤ᠂ | ︽ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ︾ ᠪᠠᠶᠢᠬᠤ ᠬᠡᠷᠡᠭᠲᠡᠶ᠃ | ᠭᠤᠷᠪᠠ ᠳᠤ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠲᠠᠷᠢᠯᠭ᠎ᠠ ᠶᠢᠨ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠨ᠎ᠠ᠃ ᠰᠦᠯᠵᠢᠶᠡᠨ ᠳᠡᠭᠡᠷ᠎ᠡ ᠪᠠᠯᠭᠠᠰᠤᠨ ᠤ ᠸᠢᠴᠠᠲ ᠤᠨ ᠣᠯᠠᠨ ᠨᠡᠶᠢᠲᠡ ᠶᠢᠨ | ᠳ᠋ᠤᠭᠠᠷ ᠢᠶᠠᠷ ᠳᠠᠮᠵᠢᠭᠤᠯᠤᠨ ︽ᠰᠢᠨ᠎ᠡ ᠸᠠᠺᠼᠢᠨ ᠤ ᠲᠠᠷᠢᠯᠭ᠎ᠠ ᠬᠢᠬᠦ ᠳᠤᠷ᠎ᠠ ᠥᠬᠡᠶ ᠨᠠᠶᠢᠵᠠ ᠨᠠᠷ ᠲᠤ ᠳᠠᠬᠢᠨ ᠨᠢᠭᠡ | ᠬᠤᠪᠢ ᠵᠠᠬᠢᠳᠠᠯ︾ ᠨᠡᠶᠢᠲᠡᠯᠡᠭᠰᠡᠨ ᠪᠥᠭᠡᠳ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠨᠠᠶᠢᠵᠠ ᠶᠢᠨ | ᠲᠣᠭᠤᠷᠢᠭ᠂ ᠰᠠᠭᠤᠭᠠᠯᠢ ᠠᠷᠠᠳ ᠤᠨ ᠸᠢᠴᠠᠲ ᠤᠨ ᠪᠦᠯᠦᠭ ᠲᠤ ᠢᠳᠡᠪᠬᠢᠲᠡᠶ ᠳᠠᠮᠵᠢᠭᠤᠯᠤᠨ ᠲᠠᠷᠬᠠᠭᠠᠵᠤ᠂ | ᠲᠠᠷᠢᠯᠭ᠎ᠠ ᠬᠢᠭᠰᠡᠨ ᠥᠬᠡᠶ ᠬᠥᠮᠦᠰ ᠢ ᠤᠯᠤᠰ ᠤᠨ ᠰᠢᠨ᠎ᠡ ᠸᠢᠴᠠᠲ ᠤᠨ ᠸᠠᠺᠼᠢᠨ ᠤ ᠲᠠᠷᠢᠯᠭ᠎ᠠ ᠶᠢᠨ ᠲᠥᠷᠥ ᠶᠢᠨ | ᠪᠣᠳᠣᠯᠭ᠎ᠠ ᠶᠢ ᠢᠳᠡᠪᠬᠢᠲᠡᠶ ᠳᠠᠭᠠᠵᠤ᠂ ᠪᠥᠬᠦ ᠪᠠᠯᠭᠠᠰᠤᠨ ᠤ ᠴᠡᠭᠡᠷᠯᠡᠬᠦ ᠡᠪᠡᠳᠴᠢᠨ ᠥᠬᠡᠶ ᠨᠠᠰᠤᠲᠠᠶᠢᠴᠤᠳ ᠤᠨ ︽ | ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠶᠢ ᠦᠨᠡᠨ ᠬᠦ ᠪᠠᠲᠤᠯᠠᠬᠤ ᠶᠢ ᠤᠷᠢᠶᠠᠯᠠᠪᠠ︔ | ᠰᠦᠯᠵᠢᠶᠡᠨ ᠠᠴᠠ ᠭᠠᠳᠠᠨ᠎ᠠ ︽ᠲᠣᠰᠬᠤᠨ ᠪᠣᠯᠭᠠᠨ ᠳᠤ ᠳᠤᠤᠭᠠᠷᠬᠤ︾ ᠪᠦᠷᠢᠶ᠎ᠡ᠂ ᠷᠠᠳᠢᠣ᠋ ᠨᠡᠪᠲᠡᠷᠡᠭᠦᠯᠭᠡ᠂ LED | ᠳᠡᠯᠭᠡᠴᠡ ᠪᠠᠷ ᠳᠠᠮᠵᠢᠭᠤᠯᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠡᠭᠡᠯᠵᠢᠯᠡᠨ | ᠨᠡᠪᠲᠡᠷᠡᠭᠦᠯᠵᠦ᠂ ᠴᠧᠩ ᠭᠤᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ | ᠥᠷᠲᠡᠭᠡᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠵᠦ᠂ 60 | ᠨᠠᠰᠤᠨ ᠠᠴᠠ ᠳᠡᠭᠡᠭᠰᠢᠬᠢ ᠬᠥᠮᠦᠰ ᠲᠤ ᠲᠠᠬᠢᠨ ᠤᠬᠠᠭᠤᠯᠭ᠎ᠠ ᠲᠠᠬᠢᠨ ᠲᠠᠶᠢᠴᠢᠯᠠᠯᠳᠠ ᠬᠢᠵᠦ᠂ ᠸᠠᠺᠼᠢᠨ ᠤ | ᠲᠠᠷᠢᠯᠭ᠎ᠠ ᠶᠢᠨ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ︽ᠬᠠᠯᠠᠭᠤᠨ︾ ᠤᠬᠠᠭᠤᠯᠭ᠎ᠠ ᠶᠢᠨ ᠠᠷᠭ᠎ᠠ ᠪᠠᠷ | ᠲᠡᠳᠡᠨ ᠤ ᠭᠡᠷ ᠪᠦᠯᠢ ᠶᠢᠨ ᠬᠢᠨ ᠤ ᠰᠡᠳᠬᠢᠯ ᠤᠨ ᠡᠷᠡᠭᠡᠯᠵᠡᠭᠡ ᠶᠢ ᠠᠷᠢᠯᠭᠠᠵᠤ᠂ ᠤᠯᠠᠨ ᠲᠦᠮᠡᠨ ᠤ ᠰᠠᠶᠢᠨ | ᠳᠤᠷ᠎ᠠ ᠠᠴᠠ ᠪᠠᠨ᠂ ᠪᠡᠶ᠎ᠡ ᠪᠠᠨ ᠳᠠᠭᠠᠭᠠᠵᠤ ᠲᠠᠷᠢᠯᠭ᠎ᠠ ᠬᠢᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠲᠠᠶᠢᠴᠢᠯᠠᠵᠠᠢ᠃ | ᠳᠥᠷᠪᠡ ᠳᠤ ᠪᠥᠬᠦ ᠲᠠᠯ᠎ᠠ ᠶᠢᠨ ᠦᠶ᠋ᠯᠡᠴᠢᠯᠡᠭᠡ ᠬᠠᠩᠭᠠᠵᠤ᠂ ᠸᠠᠺᠼᠢᠨ ᠤ ᠲᠠᠷᠢᠯᠭ᠎ᠠ ᠶᠢ ᠪᠠᠲᠤᠯᠠᠨ᠎ᠠ᠃ ᠡᠯ᠎ᠡ | ᠲᠣᠰᠬᠤᠨ᠂ ᠨᠡᠶᠢᠭᠡᠮ ᠲᠣᠭᠤᠷᠢᠭ ᠲᠤ ᠲᠠᠷᠢᠯᠭ᠎ᠠ ᠶᠢᠨ ᠨᠡᠭᠦᠳᠡᠯ ᠴᠡᠭ ᠭᠠᠷᠭᠠᠪᠠ᠃ ᠵᠠᠮ ᠬᠠᠷᠢᠯᠴᠠᠭ᠎ᠠ ᠳᠥᠭᠦᠮ | ᠦᠭᠡᠢ᠂ ᠬᠥᠭᠰᠢᠨ ᠪᠠᠭᠤᠷᠠᠢ ᠬᠥᠮᠦᠰ ᠤᠨ ᠶᠠᠪᠤᠵᠤ ᠰᠠᠭᠤᠬᠤ ᠳᠤ ᠬᠦᠴᠢᠷᠲᠡᠢ ᠪᠠᠶᠢᠬᠤ ᠠᠰᠠᠭᠤᠳᠠᠯ ᠳᠤ | ᠴᠢᠭᠯᠡᠭᠦᠯᠦᠨ᠂ ︽ᠬᠠᠶᠢᠷ᠎ᠠ ᠬᠠᠯᠠᠮᠵᠢ ᠶᠢᠨ ᠲᠤᠰᠬᠠᠢ ᠲᠡᠷᠭᠡ︾ ᠶᠢᠨ ᠦᠢᠯᠡᠴᠢᠯᠡᠭᠡ ᠬᠠᠩᠭᠠᠵᠤ᠂ ᠲᠤᠰᠬᠠᠢ ᠬᠥᠮᠦᠨ᠂ | ᠲᠤᠰᠬᠠᠢ ᠲᠡᠷᠭᠡ ᠶᠢ ᠭᠡᠷ ᠲᠤᠨᠢ ᠬᠦᠷᠭᠡᠵᠦ ᠰᠦᠢᠳᠬᠡᠯ ᠬᠤᠷᠢᠶᠠᠬᠤ ᠦᠭᠡᠢ ᠪᠠᠷ ᠲᠤᠰᠴᠤ ᠬᠦᠷᠭᠡᠬᠦ ᠦᠢᠯᠡᠴᠢᠯᠡᠭᠡ | ᠬᠠᠩᠭᠠᠵᠤ᠂ ᠲᠠᠷᠢᠯᠭ᠎ᠠ ᠶᠢᠨ ᠤᠯᠠᠨ ᠲᠦᠮᠡᠨ ᠤ ᠭᠠᠳᠠᠭᠰᠢ ᠭᠠᠷᠬᠤ᠂ ᠲᠡᠷᠭᠡᠨ ᠳᠤ ᠭᠠᠷᠬᠤ᠂ ᠪᠠᠷ᠎ᠠ ᠪᠣᠯᠬᠤ ᠠᠵᠢᠯ ᠢ | ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ︽ ᠬᠡᠯᠬᠢᠶ᠎ᠡ︾ ᠶᠢ | ᠪᠡᠶᠡᠯᠡᠭᠦᠯᠦᠨ᠎ᠡ︔ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠪᠠ ᠣᠨᠴᠠᠭᠠᠢ ᠬᠥᠮᠦᠰ ᠲᠤ | ᠬᠠᠨᠳᠤᠭᠤᠯᠤᠨ᠂ ︽ᠴᠢᠬᠢ ᠶᠢ ᠬᠡᠷ ᠲᠤᠨᠢ ᠬᠦᠷᠭᠡᠬᠦ︾ ᠦᠢᠯᠡᠴᠢᠯᠡᠭᠡ ᠬᠠᠩᠭᠠᠵᠤ᠂ ᠸᠠᠺᠼᠢᠨ ᠤ ᠲᠠᠷᠢᠯᠭ᠎ᠠ ᠶᠢᠨ | ᠦᠢᠯᠡᠴᠢᠯᠡᠭᠡ ᠶᠢ ︽ᠡᠴᠦᠰ ᠤᠨ ᠨᠢᠭᠡ ᠮᠧᠲᠷ︾ ᠬᠦᠷᠲᠡᠯ᠎ᠡ ᠦᠷᠭᠦᠯᠵᠢᠯᠡᠭᠦᠯᠵᠦ᠂ ᠸᠠᠺᠼᠢᠨ ᠤ ᠲᠠᠷᠢᠯᠭ᠎ᠠ ᠶᠢᠨ | ᠠᠵᠢᠯ ᠢ ᠦᠨᠡᠨᠬᠦ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠶᠢᠨ ᠬᠢᠨ ︽ᠠᠷᠠᠳ ᠲᠦᠮᠡᠨ ᠢᠶᠠᠷ ᠭᠤᠤᠯ | ᠪᠣᠯᠭᠠᠬᠤ︾ ᠦᠵᠡᠯ ᠰᠠᠨᠠᠭ᠎ᠠ ᠶᠢ ᠦᠷᠭᠦᠯᠵᠢᠯᠡᠨ ᠪᠠᠲᠤ ᠪᠠᠬᠢ ᠪᠣᠶ ᠪᠣᠯᠭᠠᠵᠤ᠂ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠭᠠᠵᠤ᠂ | ᠵᠣᠬᠢᠶᠠᠨ ᠪᠠᠶᠢᠭᠤᠯᠵᠤ ᠳᠠᠶᠢᠴᠢᠯᠠᠬᠤ ᠪᠠ ᠠᠵᠢᠯ ᠢᠶᠠᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠭᠡᠯᠢᠯᠡᠭᠡ ᠶᠢᠨ ᠬᠠᠯᠬᠠᠪᠴᠢ | ᠪᠠᠶᠢᠭᠤᠯᠵᠤ ᠥᠭᠭᠦᠨ᠎ᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |