︽ᠸᠠᠺᠼᠢᠨ︾ ᠢ ᠡᠷᠦᠬᠡ ᠳᠤ ᠬᠦᠷᠭᠡᠨ᠎ᠡ᠄ ᠴᠧᠩ ᠭᠤᠸᠠᠨ ᠪᠠᠯᠭᠠᠰᠤ 60 ᠨᠠᠰᠤᠨ ᠠᠴᠠ ᠳᠡᠭᠡᠭᠰᠢᠬᠢ ᠬᠥᠮᠦᠰ ᠲᠤ ᠰᠢᠨ᠎ᠡ ᠸᠠᠺᠼᠢᠨ ᠤ ᠲᠠᠷᠢᠯᠭ᠎ᠠ ᠬᠢᠬᠦ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2023/1/30
     60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠶᠢᠨ ᠰᠢᠨ᠎ᠡ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠢᠵᠢᠭ ᠢ ᠰᠡᠷᠭᠡᠶᠢᠯᠡᠬᠦ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ ᠬᠤᠲᠠ ᠶᠢᠨ ᠪᠣᠭᠤᠮᠲᠠ ᠪᠠᠯᠭᠠᠰᠤ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠭᠦᠴᠦᠨ ᠢᠶᠠᠷ ᠲᠦᠯᠬᠢᠨ᠎ᠡ᠃      ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠢᠶᠠᠨ ᠴᠠᠭ ᠲᠤᠬᠠᠶ ᠳᠤᠨᠢ ᠲᠣᠬᠢᠷᠠᠭᠤᠯᠬᠤ ᠬᠡᠷᠡᠭᠲᠡᠶ᠃ ᠴᠧᠩ ᠭᠤᠸᠠᠨ ᠪᠠᠯᠭᠠᠰᠤᠨ ᠤ ᠬᠢᠨ 60 ᠨᠠᠰᠤᠨ ᠠᠴᠠ ᠳᠡᠭᠡᠭᠰᠢᠬᠢ ᠬᠥᠮᠦᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ ᠤ ᠨᠡᠶᠢᠭᠡᠮ ᠲᠣᠭᠤᠷᠢᠭ ︵ᠲᠣᠰᠬᠤᠨ︶ ᠤᠨ ᠬᠠᠷᠢᠭᠤᠴᠠᠯᠭ᠎ᠠ ᠪᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠠᠷᠢᠭᠤᠴᠠᠯᠭ᠎ᠠ ᠶᠢ ᠳᠠᠭᠠᠭᠠᠬᠤ ᠶᠢ ᠪᠣᠳᠠᠲᠠᠶᠢᠵᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ 60 ᠨᠠᠰᠤᠨ ᠠᠴᠠ ᠳᠡᠭᠡᠭᠰᠢᠬᠢ ᠬᠥᠮᠦᠰ ᠲᠤ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠬᠤᠷᠠᠯ᠂ ᠲᠣᠬᠢᠷᠠᠭᠤᠯᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠲᠠᠷᠢᠯᠭ᠎ᠠ ᠶᠢᠨ ᠠᠵᠢᠯ ᠤᠨ ᠡᠮᠬᠢ ᠵᠢᠷᠤᠮ ᠲᠠᠢ ᠪᠥᠭᠡᠳ ᠲᠦᠷᠭᠡᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠪᠠ᠃      ᠬᠤᠶᠠᠷ ᠲᠤ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠲᠠᠷᠢᠯᠭ᠎ᠠ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ᠃ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠨ ᠡᠷᠦᠬᠡ ᠳᠤ ᠣᠷᠣᠵᠤ ᠬᠡᠪᠢᠰ ᠮᠠᠶ᠋ᠢᠭ ᠤᠨ ᠬᠠᠷᠭᠤᠭᠤᠯᠤᠨ ᠪᠠᠶᠢᠴᠠᠭᠠᠬᠤ᠂ ᠡᠭᠦᠳᠡ ᠲᠣᠭᠰᠢᠵᠤ ᠡᠷᠦᠬᠡ ᠳᠤ ᠣᠷᠣᠬᠤ ᠶᠢ ᠥᠷᠨᠢᠭᠦᠯᠵᠦ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨᠬᠦ ᠪᠠᠲᠤᠯᠠᠵᠤ᠂ ᠲᠠᠷᠢᠯᠭ᠎ᠠ ᠬᠢᠯᠭᠡᠭᠰᠡᠨ ᠥᠬᠡᠶ ᠬᠥᠮᠦᠰ ᠢ ᠳᠡᠩᠰᠡᠯᠡᠨ ᠲᠡᠮᠳᠡᠭᠯᠡᠵᠦ᠂ ᠴᠡᠭᠡᠷᠯᠡᠬᠦ ᠡᠪᠡᠳᠴᠢᠨ ᠲᠠᠢ᠂ ᠡᠷᠡᠭᠡᠯᠵᠡᠭᠡ ᠲᠠᠢ᠂ ᠶᠠᠪᠤᠵᠤ ᠰᠠᠭᠤᠬᠤ ᠳᠤ ᠳᠥᠭᠦᠮ ᠦᠭᠡᠢ᠂ ᠭᠠᠳᠠᠭᠰᠢ ᠭᠠᠷᠬᠤ ᠵᠡᠷᠭᠡ ᠠᠳᠠᠯᠢ ᠪᠤᠰᠤ ᠲᠥᠷᠥᠯ ᠢᠯᠭᠠᠯ ᠳᠤ ᠴᠢᠭᠯᠡᠭᠦᠯᠦᠨ ᠨᠢᠭᠡᠳ ᠨᠢᠭᠡ ᠪᠠᠷ ᠲᠥᠷᠥᠯ ᠬᠤᠪᠢᠶᠠᠵᠤ᠂ ᠡᠬᠡ ᠲᠠᠩᠰᠠ ᠪᠠᠶᠢᠭᠤᠯᠤᠨ᠂ ᠲᠣᠭᠲᠠᠭᠰᠠᠨ ᠴᠠᠭ ᠲᠤ ᠰᠢᠨᠡᠳᠬᠡᠵᠦ᠂ ᠬᠥᠳᠡᠯᠦᠩᠭᠦᠶ ᠪᠠᠷ ᠬᠠᠮᠢᠶᠠᠷᠴᠤ᠂ ︽ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ︾ ᠪᠠᠶᠢᠬᠤ ᠬᠡᠷᠡᠭᠲᠡᠶ᠃      ᠭᠤᠷᠪᠠ ᠳᠤ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠲᠠᠷᠢᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠰᠦᠯᠵᠢᠶᠡᠨ ᠳᠡᠭᠡᠷ᠎ᠡ ᠪᠠᠯᠭᠠᠰᠤᠨ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ︽ᠰᠢᠨ᠎ᠡ ᠸᠠᠺᠼᠢᠨ ᠤ ᠲᠠᠷᠢᠯᠭ᠎ᠠ ᠬᠢᠬᠦ ᠳᠤᠷ᠎ᠠ ᠥᠬᠡᠶ ᠨᠠᠶᠢᠵᠠ ᠨᠠᠷ ᠲᠤ ᠳᠠᠬᠢᠨ ᠨᠢᠭᠡ ᠬᠤᠪᠢ ᠵᠠᠬᠢᠳᠠᠯ︾ ᠨᠡᠶᠢᠲᠡᠯᠡᠭᠰᠡᠨ ᠪᠥᠭᠡᠳ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠨᠠᠶᠢᠵᠠ ᠶᠢᠨ ᠲᠣᠭᠤᠷᠢᠭ᠂ ᠰᠠᠭᠤᠭᠠᠯᠢ ᠠᠷᠠᠳ ᠤᠨ ᠸᠢᠴᠠᠲ ᠤᠨ ᠪᠦᠯᠦᠭ ᠲᠤ ᠢᠳᠡᠪᠬᠢᠲᠡᠶ ᠳᠠᠮᠵᠢᠭᠤᠯᠤᠨ ᠲᠠᠷᠬᠠᠭᠠᠵᠤ᠂ ᠲᠠᠷᠢᠯᠭ᠎ᠠ ᠬᠢᠭᠰᠡᠨ ᠥᠬᠡᠶ ᠬᠥᠮᠦᠰ ᠢ ᠤᠯᠤᠰ ᠤᠨ ᠰᠢᠨ᠎ᠡ ᠸᠢᠴᠠᠲ ᠤᠨ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠳᠠᠭᠠᠵᠤ᠂ ᠪᠥᠬᠦ ᠪᠠᠯᠭᠠᠰᠤᠨ ᠤ ᠴᠡᠭᠡᠷᠯᠡᠬᠦ ᠡᠪᠡᠳᠴᠢᠨ ᠥᠬᠡᠶ ᠨᠠᠰᠤᠲᠠᠶᠢᠴᠤᠳ ᠤᠨ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠶᠢ ᠦᠨᠡᠨ ᠬᠦ ᠪᠠᠲᠤᠯᠠᠬᠤ ᠶᠢ ᠤᠷᠢᠶᠠᠯᠠᠪᠠ︔ ᠰᠦᠯᠵᠢᠶᠡᠨ ᠠᠴᠠ ᠭᠠᠳᠠᠨ᠎ᠠ ︽ᠲᠣᠰᠬᠤᠨ ᠪᠣᠯᠭᠠᠨ ᠳᠤ ᠳᠤᠤᠭᠠᠷᠬᠤ︾ ᠪᠦᠷᠢᠶ᠎ᠡ᠂ ᠷᠠᠳᠢᠣ᠋ ᠨᠡᠪᠲᠡᠷᠡᠭᠦᠯᠭᠡ᠂ LED ᠳᠡᠯᠭᠡᠴᠡ ᠪᠠᠷ ᠳᠠᠮᠵᠢᠭᠤᠯᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠡᠭᠡᠯᠵᠢᠯᠡᠨ ᠨᠡᠪᠲᠡᠷᠡᠭᠦᠯᠵᠦ᠂ ᠴᠧᠩ ᠭᠤᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠵᠦ᠂ 60 ᠨᠠᠰᠤᠨ ᠠᠴᠠ ᠳᠡᠭᠡᠭᠰᠢᠬᠢ ᠬᠥᠮᠦᠰ ᠲᠤ ᠲᠠᠬᠢᠨ ᠤᠬᠠᠭᠤᠯᠭ᠎ᠠ ᠲᠠᠬᠢᠨ ᠲᠠᠶᠢᠴᠢᠯᠠᠯᠳᠠ ᠬᠢᠵᠦ᠂ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ︽ᠬᠠᠯᠠᠭᠤᠨ︾ ᠤᠬᠠᠭᠤᠯᠭ᠎ᠠ ᠶᠢᠨ ᠠᠷᠭ᠎ᠠ ᠪᠠᠷ ᠲᠡᠳᠡᠨ ᠤ ᠭᠡᠷ ᠪᠦᠯᠢ ᠶᠢᠨ ᠬᠢᠨ ᠤ ᠰᠡᠳᠬᠢᠯ ᠤᠨ ᠡᠷᠡᠭᠡᠯᠵᠡᠭᠡ ᠶᠢ ᠠᠷᠢᠯᠭᠠᠵᠤ᠂ ᠤᠯᠠᠨ ᠲᠦᠮᠡᠨ ᠤ ᠰᠠᠶᠢᠨ ᠳᠤᠷ᠎ᠠ ᠠᠴᠠ ᠪᠠᠨ᠂ ᠪᠡᠶ᠎ᠡ ᠪᠠᠨ ᠳᠠᠭᠠᠭᠠᠵᠤ ᠲᠠᠷᠢᠯᠭ᠎ᠠ ᠬᠢᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠲᠠᠶᠢᠴᠢᠯᠠᠵᠠᠢ᠃      ᠳᠥᠷᠪᠡ ᠳᠤ ᠪᠥᠬᠦ ᠲᠠᠯ᠎ᠠ ᠶᠢᠨ ᠦᠶ᠋ᠯᠡᠴᠢᠯᠡᠭᠡ ᠬᠠᠩᠭᠠᠵᠤ᠂ ᠸᠠᠺᠼᠢᠨ ᠤ ᠲᠠᠷᠢᠯᠭ᠎ᠠ ᠶᠢ ᠪᠠᠲᠤᠯᠠᠨ᠎ᠠ᠃ ᠡᠯ᠎ᠡ ᠲᠣᠰᠬᠤᠨ᠂ ᠨᠡᠶᠢᠭᠡᠮ ᠲᠣᠭᠤᠷᠢᠭ ᠲᠤ ᠲᠠᠷᠢᠯᠭ᠎ᠠ ᠶᠢᠨ ᠨᠡᠭᠦᠳᠡᠯ ᠴᠡᠭ ᠭᠠᠷᠭᠠᠪᠠ᠃ ᠵᠠᠮ ᠬᠠᠷᠢᠯᠴᠠᠭ᠎ᠠ ᠳᠥᠭᠦᠮ ᠦᠭᠡᠢ᠂ ᠬᠥᠭᠰᠢᠨ ᠪᠠᠭᠤᠷᠠᠢ ᠬᠥᠮᠦᠰ ᠤᠨ ᠶᠠᠪᠤᠵᠤ ᠰᠠᠭᠤᠬᠤ ᠳᠤ ᠬᠦᠴᠢᠷᠲᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ︽ᠬᠠᠶᠢᠷ᠎ᠠ ᠬᠠᠯᠠᠮᠵᠢ ᠶᠢᠨ ᠲᠤᠰᠬᠠᠢ ᠲᠡᠷᠭᠡ︾ ᠶᠢᠨ ᠦᠢᠯᠡᠴᠢᠯᠡᠭᠡ ᠬᠠᠩᠭᠠᠵᠤ᠂ ᠲᠤᠰᠬᠠᠢ ᠬᠥᠮᠦᠨ᠂ ᠲᠤᠰᠬᠠᠢ ᠲᠡᠷᠭᠡ ᠶᠢ ᠭᠡᠷ ᠲᠤᠨᠢ ᠬᠦᠷᠭᠡᠵᠦ ᠰᠦᠢᠳᠬᠡᠯ ᠬᠤᠷᠢᠶᠠᠬᠤ ᠦᠭᠡᠢ ᠪᠠᠷ ᠲᠤᠰᠴᠤ ᠬᠦᠷᠭᠡᠬᠦ ᠦᠢᠯᠡᠴᠢᠯᠡᠭᠡ ᠬᠠᠩᠭᠠᠵᠤ᠂ ᠲᠠᠷᠢᠯᠭ᠎ᠠ ᠶᠢᠨ ᠤᠯᠠᠨ ᠲᠦᠮᠡᠨ ᠤ ᠭᠠᠳᠠᠭᠰᠢ ᠭᠠᠷᠬᠤ᠂ ᠲᠡᠷᠭᠡᠨ ᠳᠤ ᠭᠠᠷᠬᠤ᠂ ᠪᠠᠷ᠎ᠠ ᠪᠣᠯᠬᠤ ᠠᠵᠢᠯ ᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ︽ ᠬᠡᠯᠬᠢᠶ᠎ᠡ︾ ᠶᠢ ᠪᠡᠶᠡᠯᠡᠭᠦᠯᠦᠨ᠎ᠡ︔ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠪᠠ ᠣᠨᠴᠠᠭᠠᠢ ᠬᠥᠮᠦᠰ ᠲᠤ ᠬᠠᠨᠳᠤᠭᠤᠯᠤᠨ᠂ ︽ᠴᠢᠬᠢ ᠶᠢ ᠬᠡᠷ ᠲᠤᠨᠢ ᠬᠦᠷᠭᠡᠬᠦ︾ ᠦᠢᠯᠡᠴᠢᠯᠡᠭᠡ ᠬᠠᠩᠭᠠᠵᠤ᠂ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡ ᠶᠢ ︽ᠡᠴᠦᠰ ᠤᠨ ᠨᠢᠭᠡ ᠮᠧᠲᠷ︾ ᠬᠦᠷᠲᠡᠯ᠎ᠡ ᠦᠷᠭᠦᠯᠵᠢᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠶᠢᠨ ᠬᠢᠨ ︽ᠠᠷᠠᠳ ᠲᠦᠮᠡᠨ ᠢᠶᠠᠷ ᠭᠤᠤᠯ ᠪᠣᠯᠭᠠᠬᠤ︾ ᠦᠵᠡᠯ ᠰᠠᠨᠠᠭ᠎ᠠ ᠶᠢ ᠦᠷᠭᠦᠯᠵᠢᠯᠡᠨ ᠪᠠᠲᠤ ᠪᠠᠬᠢ ᠪᠣᠶ ᠪᠣᠯᠭᠠᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠭᠠᠵᠤ᠂ ᠵᠣᠬᠢᠶᠠᠨ ᠪᠠᠶᠢᠭᠤᠯᠵᠤ ᠳᠠᠶᠢᠴᠢᠯᠠᠬᠤ ᠪᠠ ᠠᠵᠢᠯ ᠢᠶᠠᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠭᠡᠯᠢᠯᠡᠭᠡ ᠶᠢᠨ ᠬᠠᠯᠬᠠᠪᠴᠢ ᠪᠠᠶᠢᠭᠤᠯᠵᠤ ᠥᠭᠭᠦᠨ᠎ᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3