ᠢᠳᠡᠰᠢᠨ ᠨᠣᠭᠤᠭᠠᠨ ᠤ ᠲᠣᠰᠬᠤᠨ ᠪᠣᠯ ᠰᠢᠩ ᠡᡁᠧ ᠰᠢᠶᠠᠨ ᠤ ᠬᠠᠭᠤᠴᠢᠨ ᠬᠤᠳᠠ ᠶᠢᠨ ᠲᠣᠭᠤᠷᠢᠭ ᠲᠤ | ᠪᠠᠶᠢᠷᠢᠯᠠᠵᠤ᠂ ᠳᠣᠣᠷ᠎ᠠ ᠨᠢ 5 ᠠᠶᠢᠯ ᠲᠣᠰᠬᠤᠨ ᠢ ᠬᠠᠷᠢᠶᠠᠯᠠᠵᠤ᠂ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ | ᠴᠧᠩ ᠭᠤᠸᠠᠨ ᠪᠠᠯᠭᠠᠰᠤᠨ ᠳᠤ ᠬᠠᠷᠢᠶᠠᠯᠠᠭᠳᠠᠵᠤ᠂ ᠨᠡᠶᠢᠲᠡᠯᠢᠭ ᠵᠢᠱᠢᠶ᠎ᠡ ᠲᠠᠢ ︽ᠬᠤᠳᠠ ᠶᠢᠨ ᠳᠤᠮᠳᠠᠬᠢ ᠲᠣᠰᠬᠤᠨ︾ | ᠪᠣᠯᠤᠨ᠎ᠠ᠃ ᠳᠡᠭᠡᠷ᠎ᠡ ᠵᠠᠭᠤᠨ ᠤ ᠨᠠᠶᠠᠭᠠᠳ ᠣᠨ ᠤ ᠦᠶ᠎ᠡ ᠳᠤ᠂ ᠢᠳᠡᠰᠢᠨ ᠨᠣᠭᠤᠭᠠᠨ ᠤ ᠲᠣᠰᠬᠤᠨ ᠪᠠᠶᠢᠭᠤᠯᠬᠤ | ᠦᠶ᠎ᠡ ᠳᠤ᠂ ᠲᠣᠰᠬᠤᠨ ᠤ ᠠᠷᠠᠳ ᠭᠤᠣᠯᠳᠠᠭᠤ ᠨᠣᠭᠤᠭ᠎ᠠ ᠲᠠᠷᠢᠵᠤ ᠨᠣᠭᠤᠭ᠎ᠠ ᠬᠤᠳᠠᠯᠳᠤᠬᠤ ᠪᠠᠷ ᠦᠨᠳᠦᠰᠦᠨ | ᠠᠮᠢᠳᠤᠷᠠᠯ ᠢᠶᠠᠨ ᠠᠷᠭᠠᠴᠠᠵᠤ ᠪᠠᠶᠢᠭᠰᠠᠨ ᠢ ᠪᠣᠳᠣᠯᠬᠢᠯᠠᠭᠠᠳ ᠢᠳᠡᠰᠢᠨ ᠨᠣᠭᠤᠭᠠᠨ ᠤ ᠲᠣᠰᠬᠤᠨ ᠭᠡᠵᠦ ᠨᠡᠷᠡᠶᠢᠳᠴᠡᠶ | ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ᠂ ᠢᠳᠡᠰᠢᠨ ᠨᠣᠭᠤᠭᠠᠨ ᠤ | ᠲᠣᠰᠬᠤᠨ ᠤ ᠬᠢᠨ ᠳᠡᠭᠡᠳᠦ ᠱᠠᠲᠤᠨ ᠤ ᠬᠦᠴᠦᠲᠡᠢ ᠬᠠᠪᠰᠤᠷᠤᠯᠭ᠎ᠠ ᠳᠣᠣᠷ᠎ᠠ᠂ ᠪᠦᠬᠦ ᠲᠣᠰᠬᠤᠨ ᠤ ᠨᠠᠮ ᠤᠨ | ᠭᠡᠰᠢᠭᠦᠨ ᠺᠠᠳ᠋ᠷ ᠤᠯᠠᠨ ᠲᠦᠮᠡᠨ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ 2019 ᠣᠨ ᠤ ᠰᠡᠭᠦᠯᠴᠢ | ᠪᠣᠯᠬᠤ ᠳᠤ᠂ ᠪᠦᠬᠦ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠨ᠎ᠡ ᠵᠢᠯ ᠤᠨ ᠡᠬᠢᠨ ᠳᠤ᠂ | ᠰᠤᠷᠪᠤᠯᠵᠢᠯᠠᠭᠴᠢ ᠢᠳᠡᠰᠢᠨ ᠨᠣᠭᠤᠭᠠᠨ ᠤ ᠲᠣᠰᠬᠤᠨ ᠳᠤ ᠬᠦᠷᠴᠦ᠂ ᠺᠠᠳ᠋ᠷ ᠢ ᠰᠤᠷᠪᠤᠯᠵᠢᠯᠠᠵᠤ᠂ ᠲᠣᠰᠬᠤᠨ ᠤ | ᠠᠷᠠᠳ ᠠᠴᠠ ᠠᠰᠠᠭᠤᠵᠤ᠂ ᠪᠣᠳᠠᠲᠤ ᠪᠠᠶᠢᠳᠠᠯ ᠢ ᠦᠵᠡᠵᠦ᠂ ᠡᠭᠦᠨ ᠢ ᠭᠦᠨᠵᠡᠭᠡᠶ ᠣᠶᠢᠯᠠᠭᠠᠵᠤ ᠮᠡᠳᠡᠭᠰᠡᠨ ᠨᠢ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠦᠷᠲᠡᠯ᠎ᠡ᠂ ᠢᠳᠡᠰᠢᠨ ᠨᠣᠭᠤᠭᠠᠨ ᠤ | ᠲᠣᠰᠬᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢᠶᠠᠨ | ᠪᠠᠬᠢᠵᠢᠭᠦᠯᠬᠦ ᠶᠢᠨ ᠬᠠᠮᠲᠤ᠂ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠶᠢ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢᠨ ᠭᠤᠣᠯ ᠳᠠᠭᠠᠷᠢᠯᠳᠠ ᠶᠢᠨ ᠠᠷᠭ᠎ᠠ | ᠬᠡᠮᠵᠢᠶ᠎ᠡ ᠪᠣᠯᠭᠠᠵᠤ᠂ ᠪᠦᠬᠦ ᠲᠣᠰᠬᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠶᠠᠭ ︽ᠤᠷᠳᠤ ᠴᠠᠭᠠᠨ | ᠬᠡᠷᠡᠮ ᠳᠤ ᠬᠦᠷᠬᠦ ᠦᠭᠡᠢ ᠪᠣᠯ ᠰᠠᠶᠢᠨ ᠡᠷ᠎ᠡ ᠪᠢᠰᠢ︾ ᠭᠡᠬᠦ ᠠᠤᠭ᠎ᠠ ᠰᠡᠳᠬᠢᠯᠭᠡ ᠡᠷᠡᠯᠬᠡᠭ ᠵᠣᠷᠢᠭ ᠪᠣᠯᠤᠨ ︽ | ᠠᠯᠬᠤᠮ ᠠᠯᠬᠤᠮ ᠢᠶᠠᠷ ᠤᠷᠤᠭᠰᠢᠯᠠᠬᠤ︾ ᠲᠩᠷᠢ ᠲᠤᠯᠤᠮ᠎ᠠ ᠡᠷᠴᠢ ᠵᠣᠷᠢᠭ ᠢᠶᠠᠷ ᠰᠠᠶᠢᠨ ᠰᠠᠶᠢᠬᠠᠨ ᠠᠮᠢᠳᠤᠷᠠᠯ ᠤᠨ | ᠰᠢᠨ᠎ᠡ ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ ᠰᠢᠨ᠎ᠡ ᠮᠠᠶ᠋ᠢᠭ ᠤᠨ ᠬᠠᠮᠲᠤ ᠶᠢᠨ ᠠᠵᠤ | ᠠᠬᠤᠶ ᠶᠢ | ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠦᠵᠡᠰᠬᠦᠯᠡᠩᠲᠦ | ᠰᠠᠶᠢᠬᠠᠨ ᠪᠠᠶᠠᠨ ᠴᠢᠨᠡᠭᠡᠯᠢᠭ ᠰᠢᠨ᠎ᠡ ᠬᠥᠳᠡᠭᠡ ᠲᠣᠰᠬᠤᠨ ᠢ ᠴᠢᠷᠮᠠᠶᠢᠨ ᠪᠦᠳᠦᠭᠡᠨ ᠪᠠᠶᠢᠭᠤᠯᠤᠶ᠎ᠠ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠪᠣᠯᠤᠨ᠎ᠠ︾᠃ | 2019 ᠣᠨ ᠤ 5 ᠰᠠᠷ᠎ᠠ ᠳᠤ᠂ ᠢᠳᠡᠰᠢᠨ ᠨᠣᠭᠤᠭ᠎ᠠ ᠶᠢᠨ ᠲᠣᠰᠬᠤᠨ ᠤ ᠨᠠᠮ ᠤᠨ ᠡᠭᠦᠷ ᠤᠨ ᠳᠠᠭᠠᠭᠤᠯᠭ᠎ᠠ ᠪᠠᠷ᠂ | ᠲᠤᠰ ᠪᠠᠯᠭᠠᠰᠤᠨ ᠤ ᠹᠦ᠋ ᠷᠦᠢ᠂ ᠮᠠ ᠴᠢᠶᠣᠤ᠂ ᠳ᠋ᠦᠩ ᠯᠢᠶᠠᠩ᠂ ᠪᠸᠢ ᠭᠤᠸᠠᠨ ᠵᠡᠷᠭᠡ ᠳᠥᠷᠪᠡᠨ ︽ᠴᠧᠩ ᠵᠥᠩ | ᠲᠣᠰᠬᠤᠨ︾ ᠲᠠᠢ ᠬᠠᠮᠲᠤᠷᠠᠨ ᠬᠤᠪᠢ ᠣᠷᠣᠵᠤ᠂ ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠮᠧᠢ | ᠵᠢᠶᠧ ᠬᠥᠳᠡᠭᠡ ᠲᠣᠰᠬᠤᠨ ᠤ ᠠᠳᠠᠯ ᠠᠬᠤᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠤᠰ ᠪᠠᠯᠭᠠᠰᠤ ᠶᠢᠨ | 19 ᠵᠠᠰᠠᠭ ᠵᠠᠬᠢᠷᠭᠠᠨ ᠤ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠦᠩᠰᠡ ᠶᠢ | ᠲᠦᠭᠡᠭᠡᠵᠦ᠂ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠲᠡᠷᠭᠡ᠂ ᠲᠤᠮᠤ ᠬᠡᠯᠪᠡᠷᠢ ᠶᠢᠨ 50 ᠬᠡᠯᠪᠡᠷᠢ ᠶᠢᠨ | ᠯᠣᠣ ᠶᠢᠨ ᠠᠵᠢᠯᠴᠢᠨ ᠤ ᠠᠴᠢᠶᠠᠯᠠᠪᠤᠷᠢ ᠶᠢᠨ ᠮᠠᠰᠢᠨ᠂ ᠵᠢᠵᠢᠭ ᠮᠠᠯᠲᠠᠭᠤᠷ ᠮᠠᠰᠢᠨ᠂ ᠡᠷᠦᠬᠡ ᠶᠢᠨ ᠵᠣᠷᠯᠣᠩ ᠤᠨ | ᠪᠠᠭᠠᠰᠤᠨ ᠰᠣᠷᠣᠭᠤᠯ ᠲᠡᠷᠭᠡ ᠵᠡᠷᠭᠡ ᠲᠤᠰᠬᠠᠢ ᠮᠡᠷᠭᠡᠵᠢᠯ ᠤᠨ ᠴᠡᠪᠡᠷᠯᠡᠬᠦ ᠲᠥᠬᠦᠭᠡᠷᠦᠮᠵᠢ ᠵᠢᠴᠢ ᠵᠣᠬᠢᠬᠤ ᠲᠣᠭᠠᠨ ᠤ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠲᠤᠬᠢᠷᠠᠭᠤᠯᠵᠠᠢ᠃ ᠰᠢᠩ ᠾᠧ ᠰᠢᠶᠠᠨ ᠤ ᠴᠧᠩ | ᠭᠤᠸᠠᠨ ᠪᠠᠯᠭᠠᠰᠤᠨ ᠤ ᠮᠧᠶ ᠵᠢᠶᠧ ᠬᠥᠳᠡᠭᠡ ᠲᠣᠰᠬᠤᠨ ᠤ ᠠᠳᠠᠯ ᠠᠬᠤᠶ ᠶᠢᠨ ᠦᠢᠯᠡᠴᠢᠯᠡᠭᠡᠨ ᠤ ᠲᠥᠪ | ᠪᠠᠶᠢᠭᠤᠯᠤᠭᠳᠠᠭᠰᠠᠨ ᠠᠴᠠ ᠨᠠᠰᠢ᠂ ᠲᠤᠬᠠᠶ ᠶᠢᠨ ᠭᠠᠵᠠᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠳᠤᠮᠳᠠ᠂ ︽ᠬᠤᠲᠠ ᠶᠢᠨ ᠳᠣᠲᠣᠷᠠᠬᠢ ᠲᠠᠪᠤᠨ ᠲᠣᠰᠬᠤᠨ︾ ᠤ ᠬᠠᠮᠲᠤ ᠶᠢᠨ ᠠᠵᠤ ᠠᠬᠤᠶ ᠶᠢᠨ | ᠠᠰᠢᠭ ᠣᠷᠣᠯᠭ᠎ᠠ ᠶᠢ ᠬᠥᠭᠵᠢᠭᠦᠯᠦᠨ ᠪᠤᠵᠠᠭᠠᠶᠢᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠲᠣᠰ ᠪᠠᠯᠭᠠᠰᠤᠨ ᠤ ︽ | ᠶᠠᠳᠠᠭᠤ ᠠᠴᠠ ᠠᠩᠭᠢᠵᠢᠷᠠᠭᠰᠠᠨ︾ ᠲᠠᠷᠢᠶᠠᠴᠢᠨ ᠡᠷᠦᠬᠡ ᠳᠤ ᠠᠵᠤ ᠠᠬᠤᠶ ᠶᠢᠨ ᠣᠷᠣᠯᠭ᠎ᠠ ᠶᠢᠨ ᠲᠣᠭᠲᠠᠭᠤᠨ | ᠢᠷᠡᠯᠲᠡ ᠶᠢ ᠨᠡᠭᠡᠭᠡᠨ ᠥᠭᠴᠦ᠂ ᠡᠭᠦᠨ ᠤ ᠬᠠᠮᠲᠤ ᠲᠣᠰ ᠪᠠᠯᠭᠠᠰᠤᠨ ᠤ 19 ᠵᠠᠰᠠᠭ ᠵᠠᠬᠢᠷᠭᠠᠨ ᠤ ᠲᠣᠰᠬᠤᠨ ᠤ | 118 ᠠᠶᠢᠯ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠪᠠ ᠡᠷᠦᠬᠡ ᠶᠢᠨ ᠵᠣᠷᠯᠣᠩ ᠤᠨ | ᠪᠠᠭᠠᠰᠤ ᠰᠢᠭᠡᠰᠦ ᠶᠢ ᠴᠡᠪᠡᠷᠯᠡᠨ ᠵᠥᠭᠡᠭᠡᠪᠦᠷᠢᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠵᠦ᠂ ᠲᠣᠰ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ | ᠪᠠᠶᠢᠩᠭᠤᠵᠢᠭᠤᠯᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ 2022 ᠣᠨ ᠤ ᠰᠡᠭᠦᠯᠴᠢ ᠪᠣᠯᠲᠠᠯ᠎ᠠ᠂ ᠢᠳᠡᠰᠢᠨ | ᠨᠣᠭᠤᠭ᠎ᠠ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 56 ᠲᠦᠮᠡᠨ ᠲᠥᠭᠦᠷᠢᠭ ᠲᠤ ᠬᠦᠷᠴᠦ᠂ | 1358 ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ 3293 ᠲᠣᠰᠬᠤᠨ ᠤ ᠠᠷᠠᠳ ᠲᠤ ᠠᠰᠢᠭ ᠬᠦᠷᠲᠡᠭᠡᠵᠡᠢ᠃ | ᠰᠤᠷᠪᠤᠯᠵᠢᠯᠠᠭᠴᠢ ᠢᠳᠡᠰᠢᠨ ᠨᠣᠭᠤᠭᠠᠨ ᠤ ᠲᠣᠰᠬᠤᠨ ᠳᠤ ᠬᠦᠷᠴᠦ ᠬᠠᠷᠠᠬᠤ ᠳᠤ᠂ ᠵᠡᠭᠡᠯᠢ ᠭᠤᠳᠤᠮᠵᠢ ᠴᠡᠪᠡᠷ | ᠴᠡᠮᠴᠡᠭᠡᠷ᠂ ᠬᠡᠷ ᠪᠠᠶᠢᠰᠢᠩ ᠰᠢᠭ᠋᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠢᠳᠠᠯ ᠢᠯᠡᠷᠡᠨ᠎ᠡ᠃ ᠢᠳᠡᠰᠢᠨ | ᠨᠣᠭᠤᠭ᠎ᠠ ᠶᠢᠨ ᠨᠢᠭᠡᠳᠦᠭᠡᠷ ᠲᠣᠰᠬᠤᠨ ᠤ ᠭᠠᠭᠴᠠ ᠪᠡᠶ᠎ᠡ ᠲᠣᠰᠬᠤᠨ ᠤ ᠠᠷᠠᠳ ᠰᠢᠤᠸᠠᠢ ᠲᠠᠢ ᠶᠢᠨ ᠭᠡᠷ ᠲᠤ᠂ | ᠰᠤᠷᠪᠤᠯᠵᠢᠯᠠᠭᠴᠢ ᠬᠠᠨᠵᠤᠨ ᠳᠡᠭᠡᠷ᠎ᠡ ᠲᠡᠭᠦᠨ ᠲᠠᠢ ᠶᠠᠷᠢᠯᠴᠠᠵᠤ ᠡᠬᠢᠯᠡᠪᠡ᠃ ᠰᠢᠤᠸᠠᠢ ᠲᠠᠢ᠄ ︽ᠲᠡᠳᠡᠨ ᠤ ᠭᠡᠷ ᠤᠨ | ᠤᠢᠢᠷ᠎ᠠ ᠶᠢᠨ ᠵᠢᠯ ᠤᠨ ᠭᠤᠣᠯ ᠪᠣᠯᠬᠤ ᠠᠵᠤ ᠠᠬᠤᠢ ᠶᠢᠨ ᠣᠷᠣᠯᠭ᠎ᠠ ᠶᠢᠨ ᠢᠷᠡᠯᠲᠡ ᠪᠣᠯ ᠰᠢᠩ ᠡᡁᠧ ᠰᠢᠶᠠᠨ ᠤ | ᠴᠧᠩ ᠭᠤᠸᠠᠨ ᠪᠠᠯᠭᠠᠰᠤ ᠶᠢᠨ ᠮᠧᠢ ᠵᠢᠶᠧ ᠬᠥᠳᠡᠭᠡ ᠲᠣᠰᠬᠤᠨ ᠤ ᠠᠳᠠᠯ ᠠᠬᠤᠢ ᠶᠢᠨ ᠦᠢᠯᠡᠴᠢᠯᠡᠭᠡᠨ ᠤ ᠲᠥᠪ ᠲᠤ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠢᠴᠢ ᠲᠤᠰ ᠲᠣᠰᠬᠤᠨ ᠳᠤ ᠴᠡᠪᠡᠷᠯᠡᠭᠴᠢ ᠪᠤᠯᠵᠤ ᠪᠠᠶᠢᠨ᠎ᠠ | ᠃ ᠰᠠᠷ᠎ᠠ ᠪᠦᠷᠢ ᠨᠡᠶᠢᠲᠡ 1300 ᠲᠥᠭᠦᠷᠢᠭ ᠣᠯᠤᠨ᠎ᠠ᠂ ᠡᠭᠦᠨ ᠠᠴᠠ ᠭᠠᠳᠠᠨ᠎ᠠ᠂ ᠥᠪᠡᠷ ᠢᠶᠠᠨ ᠨᠢᠭᠡ ᠮᠥ ᠡᠷᠳᠡᠨᠢ | ᠰᠢᠰᠢ ᠳᠠᠷᠢᠵᠤ᠂ ᠬᠤᠶᠠᠷ ᠬᠤᠨᠢ ᠬᠠᠰᠢᠶᠠᠯᠠᠨ ᠲᠡᠵᠢᠭᠡᠵᠦ᠂ ᠨᠢᠭᠡ ᠦᠬᠡᠷ ᠣᠷᠣᠯᠠᠨ ᠲᠡᠵᠢᠭᠡᠵᠦ᠂ ᠰᠤᠯᠠ ᠰᠡᠯᠡᠭᠦᠤ | ᠴᠠᠭ ᠢᠶᠠᠷ ᠢᠶᠠᠨ ᠲᠤᠬᠠᠶ ᠶᠢᠨ ᠭᠠᠵᠠᠷ ᠲᠠᠭᠠᠨ ᠡᠳᠦᠷ ᠤᠨ ᠬᠦᠴᠦ ᠭᠠᠷᠭᠠᠨ ᠠᠵᠤ ᠠᠬᠤᠶ ᠶᠢᠨ ᠣᠷᠣᠯᠭ᠎ᠠ ᠪᠠᠨ | ᠨᠡᠮᠡᠭᠳᠡᠭᠦᠯᠵᠦ᠂ ᠰᠠᠷ᠎ᠠ ᠪᠦᠷᠢ 200 ᠲᠥᠭᠦᠷᠢᠭ ᠤᠨ ᠳᠠᠭᠠᠳᠬᠠᠯ ᠤᠨ ᠳᠣᠤᠷ᠎ᠠ ᠵᠠᠷᠤᠳᠠᠯ ᠠᠪᠴᠤ᠂ ᠨᠢᠭᠡ ᠵᠢᠯ ᠤᠨ | ᠳᠣᠲᠣᠷ᠎ᠠ ᠪᠥᠬᠦ ᠣᠷᠣᠯᠭ᠎ᠠ ᠨᠢ ᠭᠤᠷᠪᠠᠨ ᠲᠦᠮᠡᠨ ᠲᠥᠭᠦᠷᠢᠭ ᠲᠤ ᠣᠶᠢᠷᠠᠳᠴᠤ᠂ ᠠᠮᠢᠳᠤᠷᠠᠯ ᠨᠢ ᠨᠡᠯᠢᠶᠡᠳ ᠰᠠᠶᠢᠨ | ᠪᠠᠶᠢᠨ᠎ᠠ︾ ᠭᠡᠵᠦ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠳᠠᠮᠵᠢ ᠶᠢ ᠭᠦᠶ᠋ᠴᠡᠳ | ᠪᠠᠳᠠᠷᠠᠭᠤᠯᠤᠨ᠎ᠠ᠃ | ᠠᠷᠠᠳ ᠲᠤ ᠲᠦᠬᠦᠮ ᠦᠵᠡᠭᠦᠯᠬᠦ ᠨᠠᠮ ᠤᠨ ᠪᠠᠶᠢᠭᠤᠯᠤᠯᠲᠠ ᠰᠣᠶᠣᠯ ᠢᠶᠠᠷ ᠲᠣᠰᠬᠤᠨ ᠢ ᠮᠠᠨᠳᠤᠭᠤᠯᠬᠤ | ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ | ᠰᠢᠤᠸᠠᠢ ᠲᠠᠢ ᠶᠢᠨ ᠰᠠᠭᠤᠴᠠ ᠠᠴᠠ ᠰᠠᠯᠤᠭᠠᠳ ᠰᠤᠷᠪᠤᠯᠵᠢᠯᠠᠭᠴᠢ ᠢᠳᠡᠰᠢᠨ ᠨᠣᠭᠤᠭ᠎ᠠ ᠶᠢᠨ ᠲᠣᠰᠬᠤᠨ ᠤ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠠᠵᠢᠯᠲᠠᠳ ᠶᠠᠭ ᠰᠠᠶᠢᠬᠠᠨ ᠲᠣᠰᠬᠤᠨ ᠤ ᠠᠷᠠᠳ ᠲᠤ ᠤᠴᠢᠷ ᠶᠠᠪᠤᠳᠠᠯ ᠢ ᠰᠢᠢᠳᠪᠦᠷᠢᠯᠡᠵᠦ ᠥᠭᠬᠦ ᠪᠠᠷ ᠶᠠᠭᠠᠷᠠᠵᠤ | ᠪᠠᠶᠢᠨ᠎ᠠ ᠁ ᠲᠤᠰ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠡᠷᠬᠢᠯᠡᠭᠴᠢ ᠳ᠋ᠦᠩ ᠵᠢᠶᠧ ᠶᠢᠨ | ᠲᠠᠨᠢᠯᠴᠠᠭᠤᠯᠤᠭᠰᠠᠨ ᠢᠶᠠᠷ᠂ ᠢᠳᠡᠰᠢᠨ ᠨᠣᠭᠤᠭᠠᠨ ᠤ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠨᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠲᠠᠢ ᠬᠠᠷᠢᠯᠴᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ᠂ | ᠦᠢᠯᠡᠴᠢᠯᠡᠬᠦ᠂ ᠨᠢᠭᠲᠠᠷᠠᠭᠤᠯᠬᠤ᠂ ᠬᠥᠲᠥᠯᠥᠨ ᠳᠠᠭᠠᠭᠤᠯᠬᠤ ᠪᠠᠷ ᠦᠨᠳᠦᠰᠦᠨ ᠡᠭᠦᠷᠭᠡ ᠴᠢᠳᠠᠪᠤᠷᠢ ᠪᠠᠨ ᠪᠣᠯᠭᠠᠵᠤ᠂ | ᠰᠤᠷᠤᠯᠴᠠᠯᠭ᠎ᠠ ᠬᠥᠮᠦᠵᠢᠯ᠂ ᠠᠵᠢᠯᠯᠠᠭ᠎ᠠ ᠶᠢᠨ ᠬᠠᠮᠢᠶᠠᠷᠤᠯᠲᠠ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ | ᠠᠷᠠᠳ ᠤᠨ ᠪᠠᠶᠢᠳᠠᠯ ᠢ ᠰᠢᠢᠳᠪᠦᠷᠢᠯᠡᠬᠦ᠂ ᠤᠬᠠᠭᠤᠯᠭ᠎ᠠ ᠬᠥᠮᠦᠵᠢᠯ ᠢᠶᠠᠷ ᠭᠤᠣᠯ ᠠᠭᠤᠯᠭ᠎ᠠ ᠪᠣᠯᠭᠠᠵᠤ᠂ ︽ | ᠭᠤᠷᠪᠠᠨ ᠲᠥᠪ︾ ︵ᠨᠠᠮ ᠤᠨ ᠪᠠᠶᠢᠭᠤᠯᠤᠯᠲᠠ ᠶᠢᠨ ᠠᠵᠢᠯ᠂ ᠨᠡᠶᠢᠭᠡᠮ ᠤᠨ ᠵᠠᠰᠠᠯᠲᠠ᠂ ᠣᠯᠠᠨ ᠲᠦᠮᠡᠨ ᠳᠤ | ᠦᠢᠯᠡᠴᠢᠯᠡᠬᠦ︶᠂ ︽ᠭᠤᠷᠪᠠ ᠶᠢ ᠤᠬᠠᠭᠤᠯᠬᠤ︾ ︵ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠱᠤᠭᠤᠮ ᠴᠢᠭᠯᠡᠯᠲᠡ ᠲᠥᠷᠥ ᠶᠢᠨ | ᠪᠣᠳᠣᠯᠭ᠎ᠠ᠂ ᠡᠯ᠎ᠡ ᠲᠥᠷᠥᠯ ᠤᠨ ᠲᠡᠷᠢᠭᠦᠨ ᠤ ᠨᠡᠶᠢᠲᠡᠯᠢᠭ ᠵᠢᠱᠢᠶ᠎ᠡ︶᠂ ︽ᠭᠤᠷᠪᠠ ᠶᠢ ᠵᠠᠰᠠᠬᠤ︾ ︵ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ︶᠂ ︽ᠭᠤᠷᠪᠠ ᠳᠤ ᠦᠢᠯᠡᠴᠢᠯᠡᠬᠦ︾ ︵ ᠦᠢᠯᠡᠳᠪᠦᠷᠢᠯᠡᠯ᠂ | ᠠᠮᠢᠳᠤᠷᠠᠯ᠂ ᠠᠮᠢ ᠠᠬᠤᠶ︶ ᠪᠠ ︽ᠭᠤᠷᠪᠠ ᠶᠢ ᠢᠯᠡ ᠪᠣᠯᠭᠠᠬᠤ︾ ︵ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ | ᠡᠳ᠋ ᠤᠨ ᠶᠠᠪᠤᠳᠠᠯ︶ ᠪᠠᠷ ᠦᠨᠳᠦᠰᠦᠨ ᠠᠵᠢᠯ ᠤᠨ ᠬᠡᠪ ᠵᠠᠭᠪᠤᠷ ᠪᠣᠯᠭᠠᠵᠤ᠂ ᠲᠣᠰᠬᠤᠨ ᠤ ᠠᠷᠠᠳ ᠲᠤ | ᠲᠠᠲᠠᠪᠤᠷᠢᠯᠠᠨ ᠨᠤᠷᠠᠭᠠᠬᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ ᠪᠠᠲᠤᠯᠠᠭ᠎ᠠ᠂ ᠡᠮ | ᠡᠮᠨᠡᠯᠭᠡ ᠶᠢᠨ ᠳᠠᠭᠠᠳᠬᠠᠯ᠂ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ | ᠵᠠᠷᠤᠳᠠᠯ ᠢ ᠣᠷᠣᠯᠠᠨ ᠲᠤᠰᠢᠶᠠᠬᠤ᠂ ᠣᠷᠣᠯᠠᠨ ᠬᠠᠪᠰᠤᠷᠴᠤ ᠣᠷᠣᠯᠠᠨ ᠭᠦᠢᠴᠡᠳᠬᠡᠬᠦ᠂ ᠲᠦᠬᠦᠮ ᠪᠦᠳᠦᠴᠡᠳᠦ | ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ᠂ ᠵᠥᠷᠢᠴᠡᠯ | ᠵᠢᠭᠤᠷᠠᠯᠳᠤᠭᠠᠨ ᠢ ᠡᠶᠡᠳᠡᠭᠦᠯᠬᠦ ᠵᠡᠷᠭᠡ 72 ᠵᠦᠢᠯ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠬᠠᠩᠭᠠᠵᠤ᠂ | ᠲᠤᠭ᠎ᠠ ᠪᠠᠷᠢᠮᠲᠠ ᠪᠠᠷ ᠠᠴᠢᠶᠠᠯᠠᠪᠤᠷᠢ ᠪᠣᠯᠭᠠᠵᠤ᠂ ᠲᠣᠰᠬᠤᠨ ᠤ ᠠᠷᠠᠳ ᠢ ᠳᠤᠲᠠᠭᠤ ᠭᠦᠶᠦᠯᠭᠡᠵᠦ᠂ ᠺᠠᠳ᠋ᠷᠴᠤᠳ ᠢ | ᠢᠯᠡᠭᠦᠦ ᠭᠦᠶᠦᠯᠭᠡᠪᠡ᠃ | ᠣᠶᠢᠷ᠎ᠠ ᠶᠢᠨ ᠵᠢᠯ ᠠᠴᠠ ᠨᠠᠰᠢ᠂ ᠢᠳᠡᠰᠢᠨ ᠨᠣᠭᠤᠭ᠎ᠠ ᠶᠢᠨ ᠲᠣᠰᠬᠤᠨ ᠨᠠᠮ ᠤᠨ ᠪᠠᠶᠢᠭᠤᠯᠤᠯᠲᠠ ᠶᠢᠨ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠴᠢᠷᠮᠠᠶᠢᠨ ᠪᠠᠶᠢᠭᠤᠯᠵᠤ᠂ ᠨᠠᠮ ᠤᠨ ᠪᠠᠶᠢᠭᠤᠯᠤᠯᠲᠠ | ᠪᠣᠯᠤᠨ ᠰᠣᠶᠣᠯ ᠤᠨ ᠪᠠᠶᠢᠭᠤᠯᠤᠯᠲᠠ ᠪᠠᠷ ᠲᠣᠰᠬᠤᠨ ᠤ ᠠᠵᠤ ᠠᠬᠤᠶ ᠨᠡᠶᠢᠭᠡᠮ ᠤᠨ ᠡᠷᠡᠭᠦᠯ ᠲᠦᠷᠭᠡᠨ | ᠬᠥᠭᠵᠢᠯᠲᠡ ᠶᠢ ᠠᠬᠢᠭᠤᠯᠵᠤ᠂ ︽ᠪᠣᠯᠪᠠᠰᠤᠨ ᠲᠣᠰᠬᠤᠨ ᠤ ᠠᠷᠠᠳ︾ ︽ᠬᠠᠮᠤᠭ ᠤᠨ ᠭᠤᠶᠣ ᠬᠦᠷᠢᠶ᠎ᠡ ᠬᠠᠰᠢᠶ᠎ᠠ︾ | ᠪᠠ ︽ᠬᠠᠮᠤᠭ ᠤᠨ ᠭᠤᠶᠣ ᠭᠡᠷ ᠪᠦᠯᠢ︾ ᠵᠡᠷᠭᠡ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠢᠳᠡᠪᠬᠢᠲᠡᠶ ᠥᠷᠨᠢᠭᠦᠯᠵᠦ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠨᠠᠮ ᠤᠨ | ᠪᠠᠶᠢᠭᠤᠯᠤᠯᠲᠠ ᠶᠢᠨ ᠠᠵᠢᠯᠯᠠᠭᠠᠨ ᠤ ᠲᠠᠰᠤᠭ᠂ ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ ᠪᠠ ᠨᠣᠮ ᠤᠩᠰᠢᠬᠤ | ᠲᠠᠰᠤᠭ ᠢ ᠪᠠᠶᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠲᠠᠰᠢᠷᠠᠮ ᠢᠶᠠᠷ᠂ ᠲᠤᠰ ᠲᠣᠰᠬᠤᠨ ᠤ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ | ᠪᠠᠶᠢᠭᠤᠯᠤᠨ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ | ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ | ᠵᠠᠭᠤᠨ ᠵᠢᠯ ᠤᠨ ᠨᠠᠮ ᠤᠨ ᠲᠡᠦᠬᠡ ᠠᠴᠠ ᠲᠤᠮᠤ ᠠᠯᠬᠤᠮ ᠤᠨ ᠰᠢᠨ᠎ᠡ ᠠᠶᠠᠨ ᠤ ᠰᠦᠷ ᠳᠠᠯᠠᠶᠢᠴᠠᠲᠠᠢ ᠬᠦᠴᠦᠨ ᠢ | ᠰᠢᠩᠭᠡᠭᠡᠨ ᠠᠪᠴᠠᠢ᠃ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠤ ᠲᠠᠷᠠᠭ᠎ᠠ᠂ ᠲᠤᠰ ᠭᠠᠴᠠᠭᠠᠨ ᠤ | ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ︽ᠤᠯᠤᠰ ᠢᠶᠠᠨ ᠬᠦᠴᠦᠷᠬᠡᠭᠵᠢᠭᠦᠯᠬᠦ ᠠᠴᠠ | ᠰᠤᠷᠤᠯᠴᠠᠬᠤ︾ ᠪᠠ ︽ᠲᠠᠯ᠎ᠠ ᠨᠤᠲᠤᠭ ᠤᠨ ᠨᠣᠮ ᠤᠨ ᠦᠷᠦᠭᠡ︾ ᠵᠡᠷᠭᠡ ᠵᠢᠭᠰᠠᠭᠠᠯ ᠤᠨ ᠭᠠᠵᠠᠷ ᠲᠤ ᠲᠦᠰᠢᠭᠯᠡᠨ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠵᠢᠮᠢᠰ | ᠰᠠᠭᠤᠯᠭᠠᠪᠠ᠃ ᠲᠤᠤᠷᠴᠢᠯᠠᠭᠰᠠᠨ ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠦᠨ᠎ᠡ | ᠠᠮᠤᠷ ᠠᠮᠤᠭᠤᠯᠠᠩ ᠬᠠᠤᠯᠢᠵᠢᠯ ᠡᠶ᠎ᠡ ᠵᠣᠬᠢᠴᠠᠩᠭᠤᠢ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠶ᠎ᠠ | ᠣᠶᠢᠷ᠎ᠠ ᠶᠢᠨ ᠵᠢᠯ ᠠᠴᠠ ᠨᠠᠰᠢ᠂ ᠢᠳᠡᠰᠢᠨ ᠨᠣᠭᠤᠭ᠎ᠠ ᠶᠢᠨ ᠲᠣᠰᠬᠤᠨ ᠨᠢ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠴᠠᠭ ᠦᠶ᠎ᠡ ᠶᠢᠨ ᠹᠤᠩᠴᠢᠶᠤᠤ ᠶᠢᠨ | ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠬᠠᠷᠢᠶᠠᠨ ᠳᠠᠬᠢ 5 ᠠᠶᠢᠯ ᠲᠣᠰᠬᠤᠨ ᠳᠤ ᠲᠣᠣᠷᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠲᠣᠰᠬᠤᠨ ᠢᠶᠠᠷ ᠢᠶᠠᠨ 5 ᠲᠣᠣᠷᠵᠢᠯ ᠬᠤᠪᠢᠶᠠᠵᠤ᠂ ᠰᠦᠯᠵᠢᠶᠡᠨ ᠤ | ᠲᠠᠰᠤᠯᠪᠤᠷᠢ ᠪᠦᠷᠢ ᠳᠤ 1 ᠨᠡᠷᠡᠰ ᠰᠦᠯᠵᠢᠶᠡᠨ ᠤ ᠲᠠᠰᠤᠯᠪᠤᠷᠢ ᠶᠢᠨ ᠳᠠᠷᠤᠭ᠎ᠠ ᠪᠠ 1 ᠨᠡᠷᠡᠰ ᠰᠦᠯᠵᠢᠶᠡᠨ ᠤ | ᠲᠠᠰᠤᠯᠪᠤᠷᠢ ᠶᠢᠨ ᠠᠵᠢᠯᠲᠠᠨ ᠢ ᠲᠣᠬᠢᠷᠠᠭᠤᠯᠤᠨ᠎ᠠ᠃ ᠰᠦᠯᠵᠢᠶᠡᠨ ᠤ ᠲᠠᠰᠤᠯᠪᠤᠷᠢ ᠪᠦᠷᠢ ᠳᠤ ᠨᠢᠭᠡ ᠵᠢᠷᠭᠢᠶ᠎ᠡ ᠶᠢᠨ | ᠪᠦᠯᠦᠭ ᠪᠠᠶᠢᠭᠤᠯᠤᠨ᠎ᠠ᠃ ᠡᠷᠦᠬᠡ ᠪᠦᠷᠢ ᠴᠥᠮ ᠰᠦᠯᠵᠢᠶᠡᠨ ᠤ ᠸᠢᠴᠠᠲ ᠤᠨ ᠪᠦᠯᠦᠭᠯᠡᠯ ᠳᠤ ᠠᠵᠢᠯᠯᠠᠵᠤ᠂ | ᠰᠦᠯᠵᠢᠶᠡᠨ ᠤ ᠲᠠᠰᠤᠭ ᠤᠨ ᠳᠠᠷᠤᠭ᠎ᠠ ᠪᠠ ᠰᠦᠯᠵᠢᠶᠡᠨ ᠤ ᠲᠠᠰᠤᠭ ᠤᠨ ᠠᠵᠢᠯᠲᠠᠨ ᠢ ᠨᠡᠶᠢᠲᠡ 10 ᠬᠥᠮᠦᠨ | ᠰᠣᠩᠭᠤᠨ ᠬᠡᠷᠡᠭᠯᠡᠵᠦ᠂ ᠰᠦᠯᠵᠢᠶᠡᠨ ᠤ ᠲᠠᠰᠤᠭ ᠤᠨ ᠳᠠᠷᠤᠭ᠎ᠠ ᠶᠢ ᠴᠥᠮ ᠲᠣᠰ ᠲᠣᠰᠬᠤᠨ ᠤ ︽ᠬᠤᠶᠠᠷ ᠵᠥᠪᠯᠡᠯ︾ | ᠤᠨ ᠺᠠᠳ᠋ᠷ᠂ ᠨᠠᠮ ᠤᠨ ᠭᠡᠰᠢᠭᠦᠨ ᠢᠶᠠᠷ ᠡᠭᠦᠷᠭᠡᠯᠡᠭᠦᠯᠵᠦ᠂ ᠰᠦᠯᠵᠢᠶᠡᠨ ᠤ ᠲᠠᠰ ᠤᠨ ᠳᠠᠷᠤᠭ᠎ᠠ ᠪᠠ ᠰᠦᠯᠵᠢᠶᠡᠨ ᠤ | ᠲᠠᠰᠤᠭ ᠤᠨ ᠠᠵᠢᠯᠲᠠᠨ ᠠᠷᠠᠳ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠲᠣᠰᠬᠤᠨ ᠤ ᠠᠷᠠᠳ ᠤᠨ | ᠤᠴᠢᠷ ᠶᠠᠪᠤᠳᠠᠯ ᠢ ᠣᠷᠣᠯᠠᠨ ᠭᠦᠢᠴᠡᠳᠭᠡᠬᠦ᠂ ᠵᠥᠷᠢᠴᠡᠯ ᠵᠢᠭᠤᠷᠠᠯᠳᠤᠭᠠᠨ ᠢ ᠢᠳᠬᠠᠨ ᠲᠣᠬᠢᠷᠠᠭᠤᠯᠬᠤ᠂ ᠣᠨᠴᠠᠭᠠᠶ | ᠬᠥᠮᠦᠰ ᠢ ᠬᠠᠪᠰᠤᠷᠤᠨ ᠰᠤᠷᠭᠠᠬᠤ᠂ ᠨᠡᠭᠦᠳᠡᠯ ᠬᠥᠮᠦᠨ ᠠᠮᠠ ᠶᠢ ᠬᠠᠮᠢᠶᠠᠷᠬᠤ᠂ ᠠᠮᠤᠷ ᠲᠦᠪᠰᠢᠨ ᠤ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ ᠵᠡᠷᠭᠡ ᠠᠵᠢᠯ ᠤᠨ | ᠡᠭᠦᠷᠭᠡ ᠬᠠᠷᠢᠭᠤᠴᠠᠯᠭ᠎ᠠ ᠶᠢ ᠶᠡᠷᠦᠩᠬᠡᠶᠢᠯᠡᠨ ᠭᠦᠢᠴᠡᠳᠭᠡᠨ᠎ᠡ᠃ ᠰᠦᠯᠵᠢᠶᠡᠨ ᠤ ᠬᠠᠮᠢᠶᠠᠷᠤᠯᠲᠠ ᠶᠢᠨ ᠠᠵᠢᠯ ᠢ | ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠳᠠᠮᠵᠢᠨ᠂ ᠲᠤᠰ ᠲᠣᠰᠬᠤᠨ ᠤ ︽ᠪᠠᠭ᠎ᠠ ᠶᠠᠪᠤᠳᠠᠯ ᠢ | ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ | ᠲᠤᠰᠢᠶᠠᠬᠤ ᠦᠭᠡᠢ︾ ᠵᠢᠱᠢᠭᠰᠡᠨ ᠠᠵᠢᠯ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠮᠤᠷ ᠠᠮᠤᠭᠤᠯᠠᠩ | ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠪᠣᠯᠪᠠᠰᠤᠨ ᠰᠢᠨ᠎ᠡ ᠬᠥᠳᠡᠭᠡ ᠲᠣᠰᠬᠤᠨ ᠢ | ᠪᠦᠲᠦᠭᠡᠨ ᠪᠠᠶᠢᠭᠤᠯᠬᠤ ᠳᠤ᠂ ᠲᠤᠰ ᠲᠣᠰᠬᠤᠨ ᠤ ᠰᠦᠯᠵᠢᠶᠡᠨ ᠤ ᠲᠠᠰᠤᠯᠪᠤᠷᠢ ᠶᠢᠨ ᠳᠠᠷᠤᠭ᠎ᠠ ᠪᠠ ᠰᠦᠯᠵᠢᠶᠡᠨ ᠤ | ᠲᠠᠰᠤᠯᠤᠭᠴᠢ ᠲᠠᠢ ᠠᠳᠠᠯᠢᠬᠠᠨ ᠢᠶᠠᠷ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠡᠢ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠮᠤᠷ ᠠᠮᠤᠭᠤᠯᠠᠩ ᠦᠵᠡᠰᠬᠦᠯᠡᠩᠲᠦ ᠰᠠᠶᠢᠬᠠᠨ ᠡᠶ᠎ᠡ | ᠵᠣᠬᠢᠴᠠᠩᠭᠤᠶ ᠪᠠᠶᠠᠨ ᠴᠢᠨᠡᠭᠡᠯᠢᠭ ᠪᠣᠯᠪᠠᠰᠤᠨ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢᠨ ᠲᠥᠯᠥᠭᠡ᠂ | ᠢᠳᠡᠰᠢᠨ ᠨᠣᠭᠤᠭ᠎ᠠ ᠶᠢᠨ ᠲᠣᠰᠬᠤᠨ ᠪᠦᠬᠦ ᠲᠣᠰᠬᠤᠨ ᠤ ᠠᠷᠠᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠪᠠᠷ ︽ | ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢᠨ ᠠᠷᠪᠠᠨ ᠲᠠᠪᠤᠨ ᠵᠤᠷᠪᠤᠰ︾ ᠢ ᠲᠣᠭᠲᠠᠭᠠᠨ ᠨᠡᠶᠢᠲᠡᠯᠡᠵᠦ᠂ ᠪᠦᠬᠦ | ᠲᠣᠰᠬᠤᠨ ᠤ ᠠᠷᠠᠳ ᠤᠨ ᠡᠬᠡ ᠤᠯᠤᠰ ᠢᠶᠠᠨ ᠬᠠᠶᠢᠷᠠᠯᠠᠬᠤ᠂ ᠬᠠᠮᠲᠤ ᠨᠡᠶᠢᠲᠡ ᠪᠠᠨ ᠬᠠᠶᠢᠷᠠᠯᠠᠬᠤ᠂ ᠳᠤᠮᠳᠠᠳᠤ | ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ ᠶᠢ ᠰᠠᠨᠠᠭᠠᠴᠢᠯᠠᠵᠤ᠂ ᠴᠤᠤᠷᠬᠠᠯ ᠲᠠᠯᠪᠢᠬᠤ ᠦᠭᠡᠶ᠂ ᠴᠤᠤᠷᠬᠠᠯ | ᠲᠠᠷᠬᠠᠭᠠᠬᠤ ᠦᠭᠡᠶ᠂ ᠴᠤᠤᠷᠬᠠᠯ ᠢ ᠢᠲᠡᠭᠡᠬᠦ ᠦᠭᠡᠶ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠨᠠᠰᠤᠲᠠᠨ ᠢᠶᠠᠨ | ᠬᠦᠨᠳᠦᠯᠡᠨ ᠨᠢᠯᠬᠠᠰ ᠢᠶᠠᠨ ᠬᠠᠶᠢᠷᠠᠯᠠᠵᠤ᠂ ᠪᠠᠶᠠᠷ ᠤᠨ ᠶᠠᠪᠤᠳᠠᠯ ᠢ ᠰᠢᠨ᠎ᠡ ᠪᠠᠷ ᠬᠢᠵᠦ᠂ ᠪᠡᠯᠪᠡᠰᠦᠷᠡᠯ ᠤᠨ ᠶᠠᠪᠤᠳᠠᠯ ᠢ | ᠠᠷᠪᠢᠴᠢ ᠭᠠᠮᠲᠠᠶ ᠬᠢᠵᠦ᠂ ᠡᠶ᠎ᠡ ᠨᠠᠶᠢᠷᠲᠠᠶ ᠪᠠᠷ ᠬᠠᠮᠲᠤ ᠣᠷᠣᠰᠢᠵᠤ᠂ ᠬᠤᠭ ᠨᠣᠪᠰᠢ ᠶᠢ ᠳᠤᠷ᠎ᠠ ᠪᠠᠷ ᠬᠠᠶᠠᠬᠤ | ᠦᠭᠡᠢ᠂ ᠬᠤᠭ ᠨᠣᠪᠰᠢ ᠶᠢ ᠳᠤᠷ᠎ᠠ ᠪᠠᠷ ᠣᠪᠣᠭᠠᠯᠠᠬᠤ ᠦᠭᠡᠢ᠂ ᠲᠦᠯᠡᠭᠡ ᠡᠪᠡᠰᠦ ᠶᠢ ᠳᠤᠷ᠎ᠠ ᠪᠠᠷ ᠲᠠᠯᠪᠢᠬᠤ ᠦᠭᠡᠢ᠂ | ᠤᠯᠠᠨ ᠨᠡᠶᠢᠲᠡ ᠶᠢᠨ ᠡᠳ᠋ ᠬᠦᠷᠦᠩᠭᠡ ᠶᠢ ᠬᠠᠶᠢᠷᠠᠯᠠᠨ ᠬᠠᠮᠠᠭᠠᠯᠠᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ | ᠬᠠᠶᠢᠷᠠᠯᠠᠨ ᠬᠠᠮᠠᠭᠠᠯᠠᠵᠤ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠬᠠᠶᠢᠷᠠᠯᠠᠨ ᠬᠠᠮᠠᠭᠠᠯᠠᠵᠤ᠂ ᠭᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠵᠦ᠂ ᠹᠸᠤᠳᠠᠯ ᠤᠨ ᠮᠤᠬᠤᠷ ᠪᠢᠰᠢᠷᠡᠯ ᠢ ᠡᠰᠡᠷᠭᠦᠴᠡᠵᠦ᠂ ᠡᠬᠢ ᠪᠠᠶᠠᠯᠢᠭ ᠢ ᠠᠷᠪᠢᠯᠠᠬᠤ | ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠤᠢ ᠪᠣᠯᠭᠠᠵᠤ᠂ ᠬᠠᠮᠲᠤ ᠶᠢᠨ ᠡᠳ᠋ ᠬᠦᠷᠦᠩᠭᠡ ᠪᠠ ᠬᠠᠮᠲᠤ ᠶᠢᠨ | ᠠᠰᠢᠭ ᠲᠤᠰᠠ ᠶᠢ ᠬᠤᠬᠢᠷᠠᠯ ᠳᠤ ᠤᠴᠠᠷᠠᠭᠤᠯᠬᠤ ᠦᠭᠡᠢ ᠪᠠᠶᠢᠬᠤ ᠶᠢ ᠤᠬᠠᠮᠰᠠᠷ ᠠᠴᠠ ᠪᠠᠨ ᠬᠠᠮᠠᠭᠠᠯᠠᠵᠤ᠂ ︽ | ᠲᠣᠰᠬᠤᠨ ᠬᠥᠭᠵᠢᠨ ᠮᠠᠨᠳᠤᠪᠠᠯ ᠪᠢ ᠢᠷᠠᠭᠤ ᠠᠯᠳᠠᠷᠲᠠᠶ᠂ ᠲᠣᠰᠬᠤᠨ ᠮᠠᠭᠤᠳᠠᠪᠠᠯ ᠪᠢ ᠢᠴᠢᠭᠦᠷᠢ ᠭᠤᠲᠤᠮᠰᠢᠭᠲᠠᠶ︾ | ᠭᠡᠬᠦ ᠦᠷᠳᠡᠭ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ᠃ ︽2023 ᠣᠨ ᠪᠣᠯ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ | ᠪᠣᠯᠤᠨ᠎ᠠ᠂ ᠮᠠᠨ ᠤ ᠲᠣᠰᠬᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ | ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠶ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠦᠭᠡᠶ᠂ | ᠭᠤᠷᠪᠠ ᠶᠢ ᠪᠠᠲᠤᠯᠠᠬᠤ᠂ ᠨᠢᠭᠡ ᠶᠢ ᠣᠷᠣᠯᠭ᠎ᠠ ᠲᠠᠢ ᠪᠣᠯᠭᠠᠬᠤ︾ ᠶᠢ ᠬᠥᠳᠡᠯᠦᠩᠭᠦᠶ ᠪᠠᠷ ᠬᠢᠨᠠᠨ ᠬᠡᠮᠵᠢᠬᠦ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠡᠲᠡᠭᠡᠳ ᠢ ᠬᠢᠨᠠᠨ ᠬᠡᠮᠵᠢᠬᠦ | ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︿ᠨᠢᠭᠡ ᠴᠦ ᠶᠠᠳᠠᠭᠤᠷᠠᠬᠤ ᠦᠭᠡᠢ᠂ ᠨᠢᠭᠡ | ᠴᠦ ᠶᠠᠳᠠᠭᠤᠷᠠᠬᠤ ᠦᠭᠡᠢ﹀ ᠬᠠᠷᠠᠯᠲᠠ ᠶᠢ ᠪᠡᠶᠡᠯᠡᠭᠦᠯᠵᠦ᠂ ᠨᠢᠭᠡ ᠴᠦ ᠶᠠᠳᠠᠭᠤᠷᠠᠬᠤ ᠦᠭᠡᠢ ᠪᠣᠯᠬᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠲᠣᠰᠬᠤᠨ ᠤ ᠵᠠᠮ ᠭᠤᠳᠤᠮᠵᠢ ᠶᠢ ᠬᠠᠲᠠᠭᠤᠷᠠᠭᠤᠯᠬᠤ᠂ ᠬᠥᠮᠦᠨ ᠮᠠᠯ ᠤᠨ ᠤᠤᠭᠤᠬᠤ | ᠤᠰᠤᠨ ᠤ ᠠᠮᠤᠷ ᠲᠦᠪᠰᠢᠨ ᠪᠠ ᠰᠠᠭᠤᠷᠢ ᠲᠥᠬᠦᠭᠡᠷᠦᠮᠵᠢ ᠶᠢ ᠲᠡᠰ ᠳᠡᠪᠰᠢᠭᠦᠯᠬᠦ ᠵᠡᠷᠭᠡ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠵᠦ᠂ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠵᠦ᠂ ︿ᠲᠠᠷᠢᠶᠠᠴᠢᠨ ᠠᠶᠢᠯ ᠤᠨ | ᠵᠤᠭᠠᠴᠠᠯ﹀ ᠪᠠ ᠤᠨᠴᠠᠯᠢᠬᠳᠤ ᠢᠳᠡᠰᠢᠨ ᠨᠣᠭᠤᠭ᠎ᠠ ᠲᠡᠭᠦᠬᠦ ᠬᠦᠯᠡᠮᠵᠢ ᠶᠢ ᠲᠤᠪᠤᠶᠢᠯᠭᠠᠨ ᠪᠦᠳᠦᠬᠡᠨ ᠪᠠᠶᠢᠭᠤᠯᠤᠨ᠎ᠠ ᠁ | ᠮᠠᠨ ᠤ ᠲᠣᠰᠬᠤᠨ ᠤ ᠰᠠᠶᠢᠨ ᠰᠠᠶᠢᠬᠠᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ︾ | ᠭᠡᠵᠦ ᠬᠡᠯᠡᠪᠡ᠃ ᠢᠳᠡᠰᠢᠨ ᠨᠣᠭᠤᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠡᠷᠬᠢᠯᠡᠭᠴᠢ | ᠳ᠋ᠦᠩ ᠵᠢᠶᠧ ᠰᠤᠷᠪᠤᠯᠵᠢᠯᠠᠭᠴᠢ ᠳᠤ ᠲᠤᠰ ᠲᠣᠰᠬᠤᠨ ᠤ ᠰᠢᠨ᠎ᠡ ᠵᠢᠯ ᠤᠨ ᠠᠩᠬ᠎ᠠ ᠠᠯᠬᠤᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠯᠡᠵᠦ ᠥᠭᠪᠡ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |