ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠢᠳᠡᠰᠢᠨ ᠨᠣᠭᠤᠭᠠᠨ ᠤ ᠲᠣᠰᠬᠤᠨ ᠳᠤ ᠦᠵᠡᠵᠦ ᠰᠣᠨᠣᠰᠤᠭᠰᠠᠨ ᠵᠦᠢᠯ
ᠨᠡᠶᠢᠲᠡᠯᠡᠭᠰᠡᠨ ᠴᠠᠭ᠄
2023/1/31
    ᠢᠳᠡᠰᠢᠨ ᠨᠣᠭᠤᠭᠠᠨ ᠤ ᠲᠣᠰᠬᠤᠨ ᠪᠣᠯ ᠰᠢᠩ ᠡᡁᠧ ᠰᠢᠶᠠᠨ ᠤ ᠬᠠᠭᠤᠴᠢᠨ ᠬᠤᠳᠠ ᠶᠢᠨ ᠲᠣᠭᠤᠷᠢᠭ ᠲᠤ ᠪᠠᠶᠢᠷᠢᠯᠠᠵᠤ᠂ ᠳᠣᠣᠷ᠎ᠠ ᠨᠢ 5 ᠠᠶᠢᠯ ᠲᠣᠰᠬᠤᠨ ᠢ ᠬᠠᠷᠢᠶᠠᠯᠠᠵᠤ᠂ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠴᠧᠩ ᠭᠤᠸᠠᠨ ᠪᠠᠯᠭᠠᠰᠤᠨ ᠳᠤ ᠬᠠᠷᠢᠶᠠᠯᠠᠭᠳᠠᠵᠤ᠂ ᠨᠡᠶᠢᠲᠡᠯᠢᠭ ᠵᠢᠱᠢᠶ᠎ᠡ ᠲᠠᠢ ︽ᠬᠤᠳᠠ ᠶᠢᠨ ᠳᠤᠮᠳᠠᠬᠢ ᠲᠣᠰᠬᠤᠨ︾ ᠪᠣᠯᠤᠨ᠎ᠠ᠃ ᠳᠡᠭᠡᠷ᠎ᠡ ᠵᠠᠭᠤᠨ ᠤ ᠨᠠᠶᠠᠭᠠᠳ ᠣᠨ ᠤ ᠦᠶ᠎ᠡ ᠳᠤ᠂ ᠢᠳᠡᠰᠢᠨ ᠨᠣᠭᠤᠭᠠᠨ ᠤ ᠲᠣᠰᠬᠤᠨ ᠪᠠᠶᠢᠭᠤᠯᠬᠤ ᠦᠶ᠎ᠡ ᠳᠤ᠂ ᠲᠣᠰᠬᠤᠨ ᠤ ᠠᠷᠠᠳ ᠭᠤᠣᠯᠳᠠᠭᠤ ᠨᠣᠭᠤᠭ᠎ᠠ ᠲᠠᠷᠢᠵᠤ ᠨᠣᠭᠤᠭ᠎ᠠ ᠬᠤᠳᠠᠯᠳᠤᠬᠤ ᠪᠠᠷ ᠦᠨᠳᠦᠰᠦᠨ ᠠᠮᠢᠳᠤᠷᠠᠯ ᠢᠶᠠᠨ ᠠᠷᠭᠠᠴᠠᠵᠤ ᠪᠠᠶᠢᠭᠰᠠᠨ ᠢ ᠪᠣᠳᠣᠯᠬᠢᠯᠠᠭᠠᠳ ᠢᠳᠡᠰᠢᠨ ᠨᠣᠭᠤᠭᠠᠨ ᠤ ᠲᠣᠰᠬᠤᠨ ᠭᠡᠵᠦ ᠨᠡᠷᠡᠶᠢᠳᠴᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ᠂ ᠢᠳᠡᠰᠢᠨ ᠨᠣᠭᠤᠭᠠᠨ ᠤ ᠲᠣᠰᠬᠤᠨ ᠤ ᠬᠢᠨ ᠳᠡᠭᠡᠳᠦ ᠱᠠᠲᠤᠨ ᠤ ᠬᠦᠴᠦᠲᠡᠢ ᠬᠠᠪᠰᠤᠷᠤᠯᠭ᠎ᠠ ᠳᠣᠣᠷ᠎ᠠ᠂ ᠪᠦᠬᠦ ᠲᠣᠰᠬᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ 2019 ᠣᠨ ᠤ ᠰᠡᠭᠦᠯᠴᠢ ᠪᠣᠯᠬᠤ ᠳᠤ᠂ ᠪᠦᠬᠦ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠨ᠎ᠡ ᠵᠢᠯ ᠤᠨ ᠡᠬᠢᠨ ᠳᠤ᠂ ᠰᠤᠷᠪᠤᠯᠵᠢᠯᠠᠭᠴᠢ ᠢᠳᠡᠰᠢᠨ ᠨᠣᠭᠤᠭᠠᠨ ᠤ ᠲᠣᠰᠬᠤᠨ ᠳᠤ ᠬᠦᠷᠴᠦ᠂ ᠺᠠᠳ᠋ᠷ ᠢ ᠰᠤᠷᠪᠤᠯᠵᠢᠯᠠᠵᠤ᠂ ᠲᠣᠰᠬᠤᠨ ᠤ ᠠᠷᠠᠳ ᠠᠴᠠ ᠠᠰᠠᠭᠤᠵᠤ᠂ ᠪᠣᠳᠠᠲᠤ ᠪᠠᠶᠢᠳᠠᠯ ᠢ ᠦᠵᠡᠵᠦ᠂ ᠡᠭᠦᠨ ᠢ ᠭᠦᠨᠵᠡᠭᠡᠶ ᠣᠶᠢᠯᠠᠭᠠᠵᠤ ᠮᠡᠳᠡᠭᠰᠡᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠦᠷᠲᠡᠯ᠎ᠡ᠂ ᠢᠳᠡᠰᠢᠨ ᠨᠣᠭᠤᠭᠠᠨ ᠤ ᠲᠣᠰᠬᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢᠨ ᠬᠠᠮᠲᠤ᠂ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢᠨ ᠭᠤᠣᠯ ᠳᠠᠭᠠᠷᠢᠯᠳᠠ ᠶᠢᠨ ᠠᠷᠭ᠎ᠠ  ᠬᠡᠮᠵᠢᠶ᠎ᠡ ᠪᠣᠯᠭᠠᠵᠤ᠂ ᠪᠦᠬᠦ ᠲᠣᠰᠬᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠶᠠᠭ ︽ᠤᠷᠳᠤ ᠴᠠᠭᠠᠨ ᠬᠡᠷᠡᠮ ᠳᠤ ᠬᠦᠷᠬᠦ ᠦᠭᠡᠢ ᠪᠣᠯ ᠰᠠᠶᠢᠨ ᠡᠷ᠎ᠡ ᠪᠢᠰᠢ︾ ᠭᠡᠬᠦ ᠠᠤᠭ᠎ᠠ ᠰᠡᠳᠬᠢᠯᠭᠡ ᠡᠷᠡᠯᠬᠡᠭ ᠵᠣᠷᠢᠭ ᠪᠣᠯᠤᠨ ︽ᠠᠯᠬᠤᠮ ᠠᠯᠬᠤᠮ ᠢᠶᠠᠷ ᠤᠷᠤᠭᠰᠢᠯᠠᠬᠤ︾ ᠲᠩᠷᠢ ᠲᠤᠯᠤᠮ᠎ᠠ ᠡᠷᠴᠢ ᠵᠣᠷᠢᠭ ᠢᠶᠠᠷ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠶ ᠶᠢ      ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠰᠢᠨ᠎ᠡ ᠬᠥᠳᠡᠭᠡ ᠲᠣᠰᠬᠤᠨ ᠢ ᠴᠢᠷᠮᠠᠶᠢᠨ ᠪᠦᠳᠦᠭᠡᠨ ᠪᠠᠶᠢᠭᠤᠯᠤᠶ᠎ᠠ      ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠪᠣᠯᠤᠨ᠎ᠠ︾᠃ 2019 ᠣᠨ ᠤ 5 ᠰᠠᠷ᠎ᠠ ᠳᠤ᠂ ᠢᠳᠡᠰᠢᠨ ᠨᠣᠭᠤᠭ᠎ᠠ ᠶᠢᠨ ᠲᠣᠰᠬᠤᠨ ᠤ ᠨᠠᠮ ᠤᠨ ᠡᠭᠦᠷ ᠤᠨ ᠳᠠᠭᠠᠭᠤᠯᠭ᠎ᠠ ᠪᠠᠷ᠂ ᠲᠤᠰ ᠪᠠᠯᠭᠠᠰᠤᠨ ᠤ ᠹᠦ᠋ ᠷᠦᠢ᠂ ᠮᠠ ᠴᠢᠶᠣᠤ᠂ ᠳ᠋ᠦᠩ ᠯᠢᠶᠠᠩ᠂ ᠪᠸᠢ ᠭᠤᠸᠠᠨ ᠵᠡᠷᠭᠡ ᠳᠥᠷᠪᠡᠨ ︽ᠴᠧᠩ ᠵᠥᠩ ᠲᠣᠰᠬᠤᠨ︾ ᠲᠠᠢ ᠬᠠᠮᠲᠤᠷᠠᠨ ᠬᠤᠪᠢ ᠣᠷᠣᠵᠤ᠂ ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠮᠧᠢ ᠵᠢᠶᠧ ᠬᠥᠳᠡᠭᠡ ᠲᠣᠰᠬᠤᠨ ᠤ ᠠᠳᠠᠯ ᠠᠬᠤᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠤᠰ ᠪᠠᠯᠭᠠᠰᠤ ᠶᠢᠨ 19 ᠵᠠᠰᠠᠭ ᠵᠠᠬᠢᠷᠭᠠᠨ ᠤ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠦᠩᠰᠡ ᠶᠢ ᠲᠦᠭᠡᠭᠡᠵᠦ᠂ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠲᠡᠷᠭᠡ᠂ ᠲᠤᠮᠤ ᠬᠡᠯᠪᠡᠷᠢ ᠶᠢᠨ 50 ᠬᠡᠯᠪᠡᠷᠢ ᠶᠢᠨ ᠯᠣᠣ ᠶᠢᠨ ᠠᠵᠢᠯᠴᠢᠨ ᠤ ᠠᠴᠢᠶᠠᠯᠠᠪᠤᠷᠢ ᠶᠢᠨ ᠮᠠᠰᠢᠨ᠂ ᠵᠢᠵᠢᠭ ᠮᠠᠯᠲᠠᠭᠤᠷ ᠮᠠᠰᠢᠨ᠂ ᠡᠷᠦᠬᠡ ᠶᠢᠨ ᠵᠣᠷᠯᠣᠩ ᠤᠨ ᠪᠠᠭᠠᠰᠤᠨ ᠰᠣᠷᠣᠭᠤᠯ ᠲᠡᠷᠭᠡ ᠵᠡᠷᠭᠡ ᠲᠤᠰᠬᠠᠢ ᠮᠡᠷᠭᠡᠵᠢᠯ ᠤᠨ ᠴᠡᠪᠡᠷᠯᠡᠬᠦ ᠲᠥᠬᠦᠭᠡᠷᠦᠮᠵᠢ ᠵᠢᠴᠢ ᠵᠣᠬᠢᠬᠤ ᠲᠣᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠲᠤᠬᠢᠷᠠᠭᠤᠯᠵᠠᠢ᠃ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠮᠧᠶ ᠵᠢᠶᠧ ᠬᠥᠳᠡᠭᠡ ᠲᠣᠰᠬᠤᠨ ᠤ ᠠᠳᠠᠯ ᠠᠬᠤᠶ ᠶᠢᠨ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠠᠴᠠ ᠨᠠᠰᠢ᠂ ᠲᠤᠬᠠᠶ ᠶᠢᠨ ᠭᠠᠵᠠᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠳᠤᠮᠳᠠ᠂ ︽ᠬᠤᠲᠠ ᠶᠢᠨ ᠳᠣᠲᠣᠷᠠᠬᠢ ᠲᠠᠪᠤᠨ ᠲᠣᠰᠬᠤᠨ︾ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢ ᠬᠥᠭᠵᠢᠭᠦᠯᠦᠨ ᠪᠤᠵᠠᠭᠠᠶᠢᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠲᠣᠰ ᠪᠠᠯᠭᠠᠰᠤᠨ ᠤ ︽ᠶᠠᠳᠠᠭᠤ ᠠᠴᠠ ᠠᠩᠭᠢᠵᠢᠷᠠᠭᠰᠠᠨ︾ ᠲᠠᠷᠢᠶᠠᠴᠢᠨ ᠡᠷᠦᠬᠡ ᠳᠤ ᠠᠵᠤ ᠠᠬᠤᠶ ᠶᠢᠨ ᠣᠷᠣᠯᠭ᠎ᠠ ᠶᠢᠨ ᠲᠣᠭᠲᠠᠭᠤᠨ ᠢᠷᠡᠯᠲᠡ ᠶᠢ ᠨᠡᠭᠡᠭᠡᠨ ᠥᠭᠴᠦ᠂ ᠡᠭᠦᠨ ᠤ ᠬᠠᠮᠲᠤ ᠲᠣᠰ ᠪᠠᠯᠭᠠᠰᠤᠨ ᠤ 19 ᠵᠠᠰᠠᠭ ᠵᠠᠬᠢᠷᠭᠠᠨ ᠤ ᠲᠣᠰᠬᠤᠨ ᠤ 118 ᠠᠶᠢᠯ ᠲᠣᠰᠬᠤᠨ ᠤ  ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠪᠠ ᠡᠷᠦᠬᠡ ᠶᠢᠨ ᠵᠣᠷᠯᠣᠩ ᠤᠨ ᠪᠠᠭᠠᠰᠤ ᠰᠢᠭᠡᠰᠦ ᠶᠢ ᠴᠡᠪᠡᠷᠯᠡᠨ ᠵᠥᠭᠡᠭᠡᠪᠦᠷᠢᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠲᠣᠰ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠪᠠᠶᠢᠩᠭᠤᠵᠢᠭᠤᠯᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ 2022 ᠣᠨ ᠤ ᠰᠡᠭᠦᠯᠴᠢ ᠪᠣᠯᠲᠠᠯ᠎ᠠ᠂ ᠢᠳᠡᠰᠢᠨ ᠨᠣᠭᠤᠭ᠎ᠠ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 56 ᠲᠦᠮᠡᠨ ᠲᠥᠭᠦᠷᠢᠭ ᠲᠤ ᠬᠦᠷᠴᠦ᠂ 1358 ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ 3293 ᠲᠣᠰᠬᠤᠨ ᠤ ᠠᠷᠠᠳ ᠲᠤ ᠠᠰᠢᠭ ᠬᠦᠷᠲᠡᠭᠡᠵᠡᠢ᠃ ᠰᠤᠷᠪᠤᠯᠵᠢᠯᠠᠭᠴᠢ ᠢᠳᠡᠰᠢᠨ ᠨᠣᠭᠤᠭᠠᠨ ᠤ ᠲᠣᠰᠬᠤᠨ ᠳᠤ ᠬᠦᠷᠴᠦ ᠬᠠᠷᠠᠬᠤ ᠳᠤ᠂ ᠵᠡᠭᠡᠯᠢ ᠭᠤᠳᠤᠮᠵᠢ ᠴᠡᠪᠡᠷ ᠴᠡᠮᠴᠡᠭᠡᠷ᠂ ᠬᠡᠷ ᠪᠠᠶᠢᠰᠢᠩ ᠰᠢᠭ᠋᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠢᠳᠠᠯ ᠢᠯᠡᠷᠡᠨ᠎ᠡ᠃ ᠢᠳᠡᠰᠢᠨ ᠨᠣᠭᠤᠭ᠎ᠠ ᠶᠢᠨ ᠨᠢᠭᠡᠳᠦᠭᠡᠷ ᠲᠣᠰᠬᠤᠨ ᠤ ᠭᠠᠭᠴᠠ ᠪᠡᠶ᠎ᠡ ᠲᠣᠰᠬᠤᠨ ᠤ ᠠᠷᠠᠳ ᠰᠢᠤᠸᠠᠢ ᠲᠠᠢ ᠶᠢᠨ ᠭᠡᠷ ᠲᠤ᠂ ᠰᠤᠷᠪᠤᠯᠵᠢᠯᠠᠭᠴᠢ ᠬᠠᠨᠵᠤᠨ ᠳᠡᠭᠡᠷ᠎ᠡ ᠲᠡᠭᠦᠨ ᠲᠠᠢ ᠶᠠᠷᠢᠯᠴᠠᠵᠤ ᠡᠬᠢᠯᠡᠪᠡ᠃ ᠰᠢᠤᠸᠠᠢ ᠲᠠᠢ᠄ ︽ᠲᠡᠳᠡᠨ ᠤ ᠭᠡᠷ ᠤᠨ ᠤᠢᠢᠷ᠎ᠠ ᠶᠢᠨ ᠵᠢᠯ ᠤᠨ ᠭᠤᠣᠯ ᠪᠣᠯᠬᠤ ᠠᠵᠤ ᠠᠬᠤᠢ ᠶᠢᠨ ᠣᠷᠣᠯᠭ᠎ᠠ ᠶᠢᠨ ᠢᠷᠡᠯᠲᠡ ᠪᠣᠯ ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠮᠧᠢ ᠵᠢᠶᠧ ᠬᠥᠳᠡᠭᠡ ᠲᠣᠰᠬᠤᠨ ᠤ ᠠᠳᠠᠯ ᠠᠬᠤᠢ ᠶᠢᠨ ᠦᠢᠯᠡᠴᠢᠯᠡᠭᠡᠨ ᠤ ᠲᠥᠪ ᠲᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠢᠴᠢ ᠲᠤᠰ ᠲᠣᠰᠬᠤᠨ ᠳᠤ ᠴᠡᠪᠡᠷᠯᠡᠭᠴᠢ ᠪᠤᠯᠵᠤ ᠪᠠᠶᠢᠨ᠎ᠠ᠃ ᠰᠠᠷ᠎ᠠ ᠪᠦᠷᠢ ᠨᠡᠶᠢᠲᠡ 1300 ᠲᠥᠭᠦᠷᠢᠭ ᠣᠯᠤᠨ᠎ᠠ᠂ ᠡᠭᠦᠨ ᠠᠴᠠ ᠭᠠᠳᠠᠨ᠎ᠠ᠂ ᠥᠪᠡᠷ ᠢᠶᠠᠨ ᠨᠢᠭᠡ ᠮᠥ ᠡᠷᠳᠡᠨᠢ ᠰᠢᠰᠢ ᠳᠠᠷᠢᠵᠤ᠂ ᠬᠤᠶᠠᠷ ᠬᠤᠨᠢ ᠬᠠᠰᠢᠶᠠᠯᠠᠨ ᠲᠡᠵᠢᠭᠡᠵᠦ᠂ ᠨᠢᠭᠡ ᠦᠬᠡᠷ ᠣᠷᠣᠯᠠᠨ ᠲᠡᠵᠢᠭᠡᠵᠦ᠂ ᠰᠤᠯᠠ ᠰᠡᠯᠡᠭᠦᠤ ᠴᠠᠭ ᠢᠶᠠᠷ ᠢᠶᠠᠨ ᠲᠤᠬᠠᠶ ᠶᠢᠨ ᠭᠠᠵᠠᠷ ᠲᠠᠭᠠᠨ ᠡᠳᠦᠷ ᠤᠨ ᠬᠦᠴᠦ ᠭᠠᠷᠭᠠᠨ ᠠᠵᠤ ᠠᠬᠤᠶ ᠶᠢᠨ ᠣᠷᠣᠯᠭ᠎ᠠ ᠪᠠᠨ ᠨᠡᠮᠡᠭᠳᠡᠭᠦᠯᠵᠦ᠂ ᠰᠠᠷ᠎ᠠ ᠪᠦᠷᠢ 200 ᠲᠥᠭᠦᠷᠢᠭ ᠤᠨ ᠳᠠᠭᠠᠳᠬᠠᠯ ᠤᠨ ᠳᠣᠤᠷ᠎ᠠ ᠵᠠᠷᠤᠳᠠᠯ ᠠᠪᠴᠤ᠂ ᠨᠢᠭᠡ ᠵᠢᠯ ᠤᠨ ᠳᠣᠲᠣᠷ᠎ᠠ ᠪᠥᠬᠦ ᠣᠷᠣᠯᠭ᠎ᠠ ᠨᠢ ᠭᠤᠷᠪᠠᠨ ᠲᠦᠮᠡᠨ ᠲᠥᠭᠦᠷᠢᠭ ᠲᠤ ᠣᠶᠢᠷᠠᠳᠴᠤ᠂ ᠠᠮᠢᠳᠤᠷᠠᠯ ᠨᠢ ᠨᠡᠯᠢᠶᠡᠳ ᠰᠠᠶᠢᠨ ᠪᠠᠶᠢᠨ᠎ᠠ︾ ᠭᠡᠵᠦ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠳᠠᠮᠵᠢ ᠶᠢ ᠭᠦᠶ᠋ᠴᠡᠳ ᠪᠠᠳᠠᠷᠠᠭᠤᠯᠤᠨ᠎ᠠ᠃      ᠠᠷᠠᠳ ᠲᠤ ᠲᠦᠬᠦᠮ ᠦᠵᠡᠭᠦᠯᠬᠦ ᠨᠠᠮ ᠤᠨ ᠪᠠᠶᠢᠭᠤᠯᠤᠯᠲᠠ ᠰᠣᠶᠣᠯ ᠢᠶᠠᠷ ᠲᠣᠰᠬᠤᠨ ᠢ ᠮᠠᠨᠳᠤᠭᠤᠯᠬᠤ ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ      ᠰᠢᠤᠸᠠᠢ ᠲᠠᠢ ᠶᠢᠨ ᠰᠠᠭᠤᠴᠠ ᠠᠴᠠ ᠰᠠᠯᠤᠭᠠᠳ ᠰᠤᠷᠪᠤᠯᠵᠢᠯᠠᠭᠴᠢ ᠢᠳᠡᠰᠢᠨ ᠨᠣᠭᠤᠭ᠎ᠠ ᠶᠢᠨ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠵᠢᠯᠲᠠᠳ ᠶᠠᠭ ᠰᠠᠶᠢᠬᠠᠨ ᠲᠣᠰᠬᠤᠨ ᠤ ᠠᠷᠠᠳ ᠲᠤ ᠤᠴᠢᠷ ᠶᠠᠪᠤᠳᠠᠯ ᠢ ᠰᠢᠢᠳᠪᠦᠷᠢᠯᠡᠵᠦ ᠥᠭᠬᠦ ᠪᠠᠷ ᠶᠠᠭᠠᠷᠠᠵᠤ ᠪᠠᠶᠢᠨ᠎ᠠ ᠁ ᠲᠤᠰ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠡᠷᠬᠢᠯᠡᠭᠴᠢ ᠳ᠋ᠦᠩ ᠵᠢᠶᠧ ᠶᠢᠨ ᠲᠠᠨᠢᠯᠴᠠᠭᠤᠯᠤᠭᠰᠠᠨ ᠢᠶᠠᠷ᠂ ᠢᠳᠡᠰᠢᠨ ᠨᠣᠭᠤᠭᠠᠨ ᠤ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠲᠠᠢ ᠬᠠᠷᠢᠯᠴᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠦᠢᠯᠡᠴᠢᠯᠡᠬᠦ᠂ ᠨᠢᠭᠲᠠᠷᠠᠭᠤᠯᠬᠤ᠂ ᠬᠥᠲᠥᠯᠥᠨ ᠳᠠᠭᠠᠭᠤᠯᠬᠤ ᠪᠠᠷ ᠦᠨᠳᠦᠰᠦᠨ ᠡᠭᠦᠷᠭᠡ ᠴᠢᠳᠠᠪᠤᠷᠢ ᠪᠠᠨ ᠪᠣᠯᠭᠠᠵᠤ᠂ ᠰᠤᠷᠤᠯᠴᠠᠯᠭ᠎ᠠ ᠬᠥᠮᠦᠵᠢᠯ᠂ ᠠᠵᠢᠯᠯᠠᠭ᠎ᠠ ᠶᠢᠨ ᠬᠠᠮᠢᠶᠠᠷᠤᠯᠲᠠ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠠᠷᠠᠳ ᠤᠨ ᠪᠠᠶᠢᠳᠠᠯ ᠢ  ᠰᠢᠢᠳᠪᠦᠷᠢᠯᠡᠬᠦ᠂ ᠤᠬᠠᠭᠤᠯᠭ᠎ᠠ ᠬᠥᠮᠦᠵᠢᠯ ᠢᠶᠠᠷ ᠭᠤᠣᠯ ᠠᠭᠤᠯᠭ᠎ᠠ ᠪᠣᠯᠭᠠᠵᠤ᠂ ︽ᠭᠤᠷᠪᠠᠨ ᠲᠥᠪ︾ ︵ᠨᠠᠮ ᠤᠨ ᠪᠠᠶᠢᠭᠤᠯᠤᠯᠲᠠ ᠶᠢᠨ ᠠᠵᠢᠯ᠂ ᠨᠡᠶᠢᠭᠡᠮ ᠤᠨ ᠵᠠᠰᠠᠯᠲᠠ᠂ ᠣᠯᠠᠨ ᠲᠦᠮᠡᠨ ᠳᠤ  ᠦᠢᠯᠡᠴᠢᠯᠡᠬᠦ︶᠂ ︽ᠭᠤᠷᠪᠠ ᠶᠢ ᠤᠬᠠᠭᠤᠯᠬᠤ︾ ︵ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ ᠡᠯ᠎ᠡ ᠲᠥᠷᠥᠯ ᠤᠨ ᠲᠡᠷᠢᠭᠦᠨ ᠤ ᠨᠡᠶᠢᠲᠡᠯᠢᠭ ᠵᠢᠱᠢᠶ᠎ᠡ︶᠂ ︽ᠭᠤᠷᠪᠠ ᠶᠢ ᠵᠠᠰᠠᠬᠤ︾ ︵ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ︶᠂ ︽ᠭᠤᠷᠪᠠ ᠳᠤ ᠦᠢᠯᠡᠴᠢᠯᠡᠬᠦ︾ ︵ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ︶ ᠪᠠ ︽ᠭᠤᠷᠪᠠ ᠶᠢ ᠢᠯᠡ ᠪᠣᠯᠭᠠᠬᠤ︾ ︵ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ︶ ᠪᠠᠷ ᠦᠨᠳᠦᠰᠦᠨ ᠠᠵᠢᠯ ᠤᠨ ᠬᠡᠪ ᠵᠠᠭᠪᠤᠷ ᠪᠣᠯᠭᠠᠵᠤ᠂ ᠲᠣᠰᠬᠤᠨ ᠤ ᠠᠷᠠᠳ ᠲᠤ ᠲᠠᠲᠠᠪᠤᠷᠢᠯᠠᠨ ᠨᠤᠷᠠᠭᠠᠬᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠵᠠᠷᠤᠳᠠᠯ ᠢ ᠣᠷᠣᠯᠠᠨ ᠲᠤᠰᠢᠶᠠᠬᠤ᠂ ᠣᠷᠣᠯᠠᠨ ᠬᠠᠪᠰᠤᠷᠴᠤ ᠣᠷᠣᠯᠠᠨ ᠭᠦᠢᠴᠡᠳᠬᠡᠬᠦ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠵᠡᠷᠭᠡ 72 ᠵᠦᠢᠯ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠬᠠᠩᠭᠠᠵᠤ᠂ ᠲᠤᠭ᠎ᠠ ᠪᠠᠷᠢᠮᠲᠠ ᠪᠠᠷ ᠠᠴᠢᠶᠠᠯᠠᠪᠤᠷᠢ ᠪᠣᠯᠭᠠᠵᠤ᠂ ᠲᠣᠰᠬᠤᠨ ᠤ ᠠᠷᠠᠳ ᠢ ᠳᠤᠲᠠᠭᠤ ᠭᠦᠶᠦᠯᠭᠡᠵᠦ᠂ ᠺᠠᠳ᠋ᠷᠴᠤᠳ ᠢ ᠢᠯᠡᠭᠦᠦ ᠭᠦᠶᠦᠯᠭᠡᠪᠡ᠃      ᠣᠶᠢᠷ᠎ᠠ ᠶᠢᠨ ᠵᠢᠯ ᠠᠴᠠ ᠨᠠᠰᠢ᠂ ᠢᠳᠡᠰᠢᠨ ᠨᠣᠭᠤᠭ᠎ᠠ ᠶᠢᠨ ᠲᠣᠰᠬᠤᠨ ᠨᠠᠮ ᠤᠨ ᠪᠠᠶᠢᠭᠤᠯᠤᠯᠲᠠ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠴᠢᠷᠮᠠᠶᠢᠨ ᠪᠠᠶᠢᠭᠤᠯᠵᠤ᠂ ᠨᠠᠮ ᠤᠨ ᠪᠠᠶᠢᠭᠤᠯᠤᠯᠲᠠ ᠪᠣᠯᠤᠨ ᠰᠣᠶᠣᠯ ᠤᠨ ᠪᠠᠶᠢᠭᠤᠯᠤᠯᠲᠠ ᠪᠠᠷ ᠲᠣᠰᠬᠤᠨ ᠤ ᠠᠵᠤ ᠠᠬᠤᠶ ᠨᠡᠶᠢᠭᠡᠮ ᠤᠨ ᠡᠷᠡᠭᠦᠯ ᠲᠦᠷᠭᠡᠨ ᠬᠥᠭᠵᠢᠯᠲᠡ ᠶᠢ ᠠᠬᠢᠭᠤᠯᠵᠤ᠂ ︽ᠪᠣᠯᠪᠠᠰᠤᠨ ᠲᠣᠰᠬᠤᠨ ᠤ ᠠᠷᠠᠳ︾ ︽ᠬᠠᠮᠤᠭ ᠤᠨ ᠭᠤᠶᠣ ᠬᠦᠷᠢᠶ᠎ᠡ ᠬᠠᠰᠢᠶ᠎ᠠ︾ ᠪᠠ ︽ᠬᠠᠮᠤᠭ ᠤᠨ ᠭᠤᠶᠣ ᠭᠡᠷ ᠪᠦᠯᠢ︾ ᠵᠡᠷᠭᠡ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠠᠰᠤᠭ᠂ ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ ᠪᠠ ᠨᠣᠮ ᠤᠩᠰᠢᠬᠤ ᠲᠠᠰᠤᠭ ᠢ ᠪᠠᠶᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠲᠤᠰ ᠲᠣᠰᠬᠤᠨ ᠤ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠵᠠᠭᠤᠨ ᠵᠢᠯ ᠤᠨ ᠨᠠᠮ ᠤᠨ ᠲᠡᠦᠬᠡ ᠠᠴᠠ ᠲᠤᠮᠤ ᠠᠯᠬᠤᠮ ᠤᠨ ᠰᠢᠨ᠎ᠡ ᠠᠶᠠᠨ ᠤ ᠰᠦᠷ ᠳᠠᠯᠠᠶᠢᠴᠠᠲᠠᠢ ᠬᠦᠴᠦᠨ ᠢ ᠰᠢᠩᠭᠡᠭᠡᠨ ᠠᠪᠴᠠᠢ᠃ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠤ ᠲᠠᠷᠠᠭ᠎ᠠ᠂ ᠲᠤᠰ ᠭᠠᠴᠠᠭᠠᠨ ᠤ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ︽ᠤᠯᠤᠰ ᠢᠶᠠᠨ ᠬᠦᠴᠦᠷᠬᠡᠭᠵᠢᠭᠦᠯᠬᠦ ᠠᠴᠠ ᠰᠤᠷᠤᠯᠴᠠᠬᠤ︾ ᠪᠠ ︽ᠲᠠᠯ᠎ᠠ ᠨᠤᠲᠤᠭ ᠤᠨ ᠨᠣᠮ ᠤᠨ ᠦᠷᠦᠭᠡ︾ ᠵᠡᠷᠭᠡ ᠵᠢᠭᠰᠠᠭᠠᠯ ᠤᠨ ᠭᠠᠵᠠᠷ ᠲᠤ ᠲᠦᠰᠢᠭᠯᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠵᠢᠮᠢᠰ ᠰᠠᠭᠤᠯᠭᠠᠪᠠ᠃ ᠲᠤᠤᠷᠴᠢᠯᠠᠭᠰᠠᠨ ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠦᠨ᠎ᠡ      ᠠᠮᠤᠷ ᠠᠮᠤᠭᠤᠯᠠᠩ ᠬᠠᠤᠯᠢᠵᠢᠯ ᠡᠶ᠎ᠡ ᠵᠣᠬᠢᠴᠠᠩᠭᠤᠢ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠶ᠎ᠠ      ᠣᠶᠢᠷ᠎ᠠ ᠶᠢᠨ ᠵᠢᠯ ᠠᠴᠠ ᠨᠠᠰᠢ᠂ ᠢᠳᠡᠰᠢᠨ ᠨᠣᠭᠤᠭ᠎ᠠ ᠶᠢᠨ ᠲᠣᠰᠬᠤᠨ ᠨᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠴᠠᠭ ᠦᠶ᠎ᠡ ᠶᠢᠨ ᠹᠤᠩᠴᠢᠶᠤᠤ ᠶᠢᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠬᠠᠷᠢᠶᠠᠨ ᠳᠠᠬᠢ 5 ᠠᠶᠢᠯ ᠲᠣᠰᠬᠤᠨ ᠳᠤ ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠲᠣᠰᠬᠤᠨ ᠢᠶᠠᠷ ᠢᠶᠠᠨ 5 ᠲᠣᠣᠷᠵᠢᠯ ᠬᠤᠪᠢᠶᠠᠵᠤ᠂ ᠰᠦᠯᠵᠢᠶᠡᠨ ᠤ ᠲᠠᠰᠤᠯᠪᠤᠷᠢ ᠪᠦᠷᠢ ᠳᠤ 1 ᠨᠡᠷᠡᠰ ᠰᠦᠯᠵᠢᠶᠡᠨ ᠤ ᠲᠠᠰᠤᠯᠪᠤᠷᠢ ᠶᠢᠨ ᠳᠠᠷᠤᠭ᠎ᠠ ᠪᠠ 1 ᠨᠡᠷᠡᠰ ᠰᠦᠯᠵᠢᠶᠡᠨ ᠤ ᠲᠠᠰᠤᠯᠪᠤᠷᠢ ᠶᠢᠨ ᠠᠵᠢᠯᠲᠠᠨ ᠢ ᠲᠣᠬᠢᠷᠠᠭᠤᠯᠤᠨ᠎ᠠ᠃ ᠰᠦᠯᠵᠢᠶᠡᠨ ᠤ ᠲᠠᠰᠤᠯᠪᠤᠷᠢ ᠪᠦᠷᠢ ᠳᠤ ᠨᠢᠭᠡ ᠵᠢᠷᠭᠢᠶ᠎ᠡ ᠶᠢᠨ ᠪᠦᠯᠦᠭ ᠪᠠᠶᠢᠭᠤᠯᠤᠨ᠎ᠠ᠃ ᠡᠷᠦᠬᠡ ᠪᠦᠷᠢ ᠴᠥᠮ ᠰᠦᠯᠵᠢᠶᠡᠨ ᠤ ᠸᠢᠴᠠᠲ ᠤᠨ ᠪᠦᠯᠦᠭᠯᠡᠯ ᠳᠤ ᠠᠵᠢᠯᠯᠠᠵᠤ᠂ ᠰᠦᠯᠵᠢᠶᠡᠨ ᠤ ᠲᠠᠰᠤᠭ ᠤᠨ ᠳᠠᠷᠤᠭ᠎ᠠ ᠪᠠ ᠰᠦᠯᠵᠢᠶᠡᠨ ᠤ ᠲᠠᠰᠤᠭ ᠤᠨ ᠠᠵᠢᠯᠲᠠᠨ ᠢ ᠨᠡᠶᠢᠲᠡ 10 ᠬᠥᠮᠦᠨ ᠰᠣᠩᠭᠤᠨ ᠬᠡᠷᠡᠭᠯᠡᠵᠦ᠂ ᠰᠦᠯᠵᠢᠶᠡᠨ ᠤ ᠲᠠᠰᠤᠭ ᠤᠨ ᠳᠠᠷᠤᠭ᠎ᠠ ᠶᠢ ᠴᠥᠮ ᠲᠣᠰ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠨᠠᠮ ᠤᠨ ᠭᠡᠰᠢᠭᠦᠨ ᠢᠶᠠᠷ ᠡᠭᠦᠷᠭᠡᠯᠡᠭᠦᠯᠵᠦ᠂ ᠰᠦᠯᠵᠢᠶᠡᠨ ᠤ ᠲᠠᠰ ᠤᠨ ᠳᠠᠷᠤᠭ᠎ᠠ ᠪᠠ ᠰᠦᠯᠵᠢᠶᠡᠨ ᠤ ᠲᠠᠰᠤᠭ ᠤᠨ ᠠᠵᠢᠯᠲᠠᠨ ᠠᠷᠠᠳ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠲᠣᠰᠬᠤᠨ ᠤ ᠠᠷᠠᠳ ᠤᠨ ᠤᠴᠢᠷ ᠶᠠᠪᠤᠳᠠᠯ ᠢ ᠣᠷᠣᠯᠠᠨ  ᠭᠦᠢᠴᠡᠳᠭᠡᠬᠦ᠂ ᠵᠥᠷᠢᠴᠡᠯ ᠵᠢᠭᠤᠷᠠᠯᠳᠤᠭᠠᠨ ᠢ ᠢᠳᠬᠠᠨ ᠲᠣᠬᠢᠷᠠᠭᠤᠯᠬᠤ᠂ ᠣᠨᠴᠠᠭᠠᠶ ᠬᠥᠮᠦᠰ ᠢ ᠬᠠᠪᠰᠤᠷᠤᠨ ᠰᠤᠷᠭᠠᠬᠤ᠂ ᠨᠡᠭᠦᠳᠡᠯ ᠬᠥᠮᠦᠨ ᠠᠮᠠ ᠶᠢ ᠬᠠᠮᠢᠶᠠᠷᠬᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠶᠡᠷᠦᠩᠬᠡᠶᠢᠯᠡᠨ ᠭᠦᠢᠴᠡᠳᠭᠡᠨ᠎ᠡ᠃ ᠰᠦᠯᠵᠢᠶᠡᠨ ᠤ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠳᠠᠮᠵᠢᠨ᠂ ᠲᠤᠰ ᠲᠣᠰᠬᠤᠨ ᠤ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠵᠢᠱᠢᠭᠰᠡᠨ ᠠᠵᠢᠯ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠮᠤᠷ ᠠᠮᠤᠭᠤᠯᠠᠩ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠪᠣᠯᠪᠠᠰᠤᠨ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ᠂ ᠲᠤᠰ ᠲᠣᠰᠬᠤᠨ ᠤ ᠰᠦᠯᠵᠢᠶᠡᠨ ᠤ ᠲᠠᠰᠤᠯᠪᠤᠷᠢ ᠶᠢᠨ ᠳᠠᠷᠤᠭ᠎ᠠ ᠪᠠ ᠰᠦᠯᠵᠢᠶᠡᠨ ᠤ ᠲᠠᠰᠤᠯᠤᠭᠴᠢ ᠲᠠᠢ ᠠᠳᠠᠯᠢᠬᠠᠨ ᠢᠶᠠᠷ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠡᠢ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠮᠤᠷ ᠠᠮᠤᠭᠤᠯᠠᠩ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠶ ᠪᠠᠶᠠᠨ ᠴᠢᠨᠡᠭᠡᠯᠢᠭ ᠪᠣᠯᠪᠠᠰᠤᠨ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢᠨ ᠲᠥᠯᠥᠭᠡ᠂ ᠢᠳᠡᠰᠢᠨ ᠨᠣᠭᠤᠭ᠎ᠠ ᠶᠢᠨ ᠲᠣᠰᠬᠤᠨ ᠪᠦᠬᠦ ᠲᠣᠰᠬᠤᠨ ᠤ ᠠᠷᠠᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠪᠠᠷ ︽ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢᠨ ᠠᠷᠪᠠᠨ ᠲᠠᠪᠤᠨ ᠵᠤᠷᠪᠤᠰ︾ ᠢ ᠲᠣᠭᠲᠠᠭᠠᠨ ᠨᠡᠶᠢᠲᠡᠯᠡᠵᠦ᠂ ᠪᠦᠬᠦ ᠲᠣᠰᠬᠤᠨ ᠤ ᠠᠷᠠᠳ ᠤᠨ ᠡᠬᠡ ᠤᠯᠤᠰ ᠢᠶᠠᠨ ᠬᠠᠶᠢᠷᠠᠯᠠᠬᠤ᠂ ᠬᠠᠮᠲᠤ ᠨᠡᠶᠢᠲᠡ ᠪᠠᠨ ᠬᠠᠶᠢᠷᠠᠯᠠᠬᠤ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ ᠶᠢ ᠰᠠᠨᠠᠭᠠᠴᠢᠯᠠᠵᠤ᠂ ᠴᠤᠤᠷᠬᠠᠯ ᠲᠠᠯᠪᠢᠬᠤ ᠦᠭᠡᠶ᠂ ᠴᠤᠤᠷᠬᠠᠯ ᠲᠠᠷᠬᠠᠭᠠᠬᠤ ᠦᠭᠡᠶ᠂ ᠴᠤᠤᠷᠬᠠᠯ ᠢ ᠢᠲᠡᠭᠡᠬᠦ ᠦᠭᠡᠶ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠨᠠᠰᠤᠲᠠᠨ ᠢᠶᠠᠨ ᠬᠦᠨᠳᠦᠯᠡᠨ ᠨᠢᠯᠬᠠᠰ ᠢᠶᠠᠨ ᠬᠠᠶᠢᠷᠠᠯᠠᠵᠤ᠂ ᠪᠠᠶᠠᠷ ᠤᠨ ᠶᠠᠪᠤᠳᠠᠯ ᠢ ᠰᠢᠨ᠎ᠡ ᠪᠠᠷ ᠬᠢᠵᠦ᠂ ᠪᠡᠯᠪᠡᠰᠦᠷᠡᠯ ᠤᠨ ᠶᠠᠪᠤᠳᠠᠯ ᠢ ᠠᠷᠪᠢᠴᠢ ᠭᠠᠮᠲᠠᠶ ᠬᠢᠵᠦ᠂ ᠡᠶ᠎ᠡ ᠨᠠᠶᠢᠷᠲᠠᠶ ᠪᠠᠷ ᠬᠠᠮᠲᠤ ᠣᠷᠣᠰᠢᠵᠤ᠂ ᠬᠤᠭ ᠨᠣᠪᠰᠢ ᠶᠢ ᠳᠤᠷ᠎ᠠ ᠪᠠᠷ ᠬᠠᠶᠠᠬᠤ ᠦᠭᠡᠢ᠂ ᠬᠤᠭ ᠨᠣᠪᠰᠢ ᠶᠢ ᠳᠤᠷ᠎ᠠ ᠪᠠᠷ ᠣᠪᠣᠭᠠᠯᠠᠬᠤ ᠦᠭᠡᠢ ᠂ ᠲᠦᠯᠡᠭᠡ ᠡᠪᠡᠰᠦ ᠶᠢ ᠳᠤᠷ᠎ᠠ ᠪᠠᠷ ᠲᠠᠯᠪᠢᠬᠤ ᠦᠭᠡᠢ᠂ ᠤᠯᠠᠨ ᠨᠡᠶᠢᠲᠡ ᠶᠢᠨ ᠡᠳ᠋ ᠬᠦᠷᠦᠩᠭᠡ ᠶᠢ ᠬᠠᠶᠢᠷᠠᠯᠠᠨ ᠬᠠᠮᠠᠭᠠᠯᠠᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠵᠤ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠬᠠᠶᠢᠷᠠᠯᠠᠨ ᠬᠠᠮᠠᠭᠠᠯᠠᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠵᠦ᠂ ᠹᠸᠤᠳᠠᠯ ᠤᠨ ᠮᠤᠬᠤᠷ ᠪᠢᠰᠢᠷᠡᠯ ᠢ ᠡᠰᠡᠷᠭᠦᠴᠡᠵᠦ᠂ ᠡᠬᠢ ᠪᠠᠶᠠᠯᠢᠭ ᠢ ᠠᠷᠪᠢᠯᠠᠬᠤ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠤᠢ ᠪᠣᠯᠭᠠᠵᠤ᠂ ᠬᠠᠮᠲᠤ ᠶᠢᠨ ᠡᠳ᠋ ᠬᠦᠷᠦᠩᠭᠡ ᠪᠠ ᠬᠠᠮᠲᠤ ᠶᠢᠨ ᠠᠰᠢᠭ ᠲᠤᠰᠠ ᠶᠢ ᠬᠤᠬᠢᠷᠠᠯ ᠳᠤ ᠤᠴᠠᠷᠠᠭᠤᠯᠬᠤ ᠦᠭᠡᠢ ᠪᠠᠶᠢᠬᠤ ᠶᠢ ᠤᠬᠠᠮᠰᠠᠷ ᠠᠴᠠ ᠪᠠᠨ ᠬᠠᠮᠠᠭᠠᠯᠠᠵᠤ᠂ ︽ᠲᠣᠰᠬᠤᠨ ᠬᠥᠭᠵᠢᠨ ᠮᠠᠨᠳᠤᠪᠠᠯ ᠪᠢ ᠢᠷᠠᠭᠤ ᠠᠯᠳᠠᠷᠲᠠᠶ᠂ ᠲᠣᠰᠬᠤᠨ ᠮᠠᠭᠤᠳᠠᠪᠠᠯ ᠪᠢ ᠢᠴᠢᠭᠦᠷᠢ ᠭᠤᠲᠤᠮᠰᠢᠭᠲᠠᠶ︾ ᠭᠡᠬᠦ ᠦᠷᠳᠡᠭ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ᠃ ︽2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠮᠠᠨ ᠤ ᠲᠣᠰᠬᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ᠂ ᠨᠢᠭᠡ ᠶᠢ ᠣᠷᠣᠯᠭ᠎ᠠ ᠲᠠᠢ ᠪᠣᠯᠭᠠᠬᠤ︾ ᠶᠢ ᠬᠥᠳᠡᠯᠦᠩᠭᠦᠶ ᠪᠠᠷ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠡᠲᠡᠭᠡᠳ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︿ᠨᠢᠭᠡ ᠴᠦ ᠶᠠᠳᠠᠭᠤᠷᠠᠬᠤ ᠦᠭᠡᠢ᠂ ᠨᠢᠭᠡ ᠴᠦ ᠶᠠᠳᠠᠭᠤᠷᠠᠬᠤ ᠦᠭᠡᠢ﹀ ᠬᠠᠷᠠᠯᠲᠠ ᠶᠢ ᠪᠡᠶᠡᠯᠡᠭᠦᠯᠵᠦ᠂ ᠨᠢᠭᠡ ᠴᠦ ᠶᠠᠳᠠᠭᠤᠷᠠᠬᠤ ᠦᠭᠡᠢ ᠪᠣᠯᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠣᠰᠬᠤᠨ ᠤ ᠵᠠᠮ ᠭᠤᠳᠤᠮᠵᠢ ᠶᠢ ᠬᠠᠲᠠᠭᠤᠷᠠᠭᠤᠯᠬᠤ᠂ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠪᠠ ᠰᠠᠭᠤᠷᠢ ᠲᠥᠬᠦᠭᠡᠷᠦᠮᠵᠢ ᠶᠢ ᠲᠡᠰ ᠳᠡᠪᠰᠢᠭᠦᠯᠬᠦ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠵᠦ᠂ ︿ᠲᠠᠷᠢᠶᠠᠴᠢᠨ ᠠᠶᠢᠯ ᠤᠨ ᠵᠤᠭᠠᠴᠠᠯ﹀ ᠪᠠ ᠤᠨᠴᠠᠯᠢᠬᠳᠤ ᠢᠳᠡᠰᠢᠨ ᠨᠣᠭᠤᠭ᠎ᠠ ᠲᠡᠭᠦᠬᠦ ᠬᠦᠯᠡᠮᠵᠢ ᠶᠢ ᠲᠤᠪᠤᠶᠢᠯᠭᠠᠨ ᠪᠦᠳᠦᠬᠡᠨ ᠪᠠᠶᠢᠭᠤᠯᠤᠨ᠎ᠠ ᠁ ᠮᠠᠨ ᠤ ᠲᠣᠰᠬᠤᠨ ᠤ ᠰᠠᠶᠢᠨ ᠰᠠᠶᠢᠬᠠᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ︾ ᠭᠡᠵᠦ ᠬᠡᠯᠡᠪᠡ ᠃ ᠢᠳᠡᠰᠢᠨ ᠨᠣᠭᠤᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠡᠷᠬᠢᠯᠡᠭᠴᠢ ᠳ᠋ᠦᠩ ᠵᠢᠶᠧ ᠰᠤᠷᠪᠤᠯᠵᠢᠯᠠᠭᠴᠢ ᠳᠤ ᠲᠤᠰ ᠲᠣᠰᠬᠤᠨ ᠤ ᠰᠢᠨ᠎ᠡ ᠵᠢᠯ ᠤᠨ ᠠᠩᠬ᠎ᠠ ᠠᠯᠬᠤᠮ ᠤᠨ ᠬᠥᠭᠵᠢᠯᠲᠡ ᠶᠢᠨ ᠲᠥᠯᠥᠪᠯᠡᠭᠡ ᠶᠢ ᠬᠡᠯᠡᠵᠦ ᠥᠭᠪᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3