︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠢᠩ ᠡᡁᠧ ᠰᠢᠶᠠᠨ ᠤ | ᠵᠡᠮᠳᠡᠭᠴᠦᠳ ᠤᠨ ᠦᠢᠯᠡᠰ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠵᠡᠮᠳᠡᠭᠴᠦᠳ ᠤᠨ ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ᠂ ᠪᠥᠬᠦ ᠰᠢᠶᠠᠨ ᠤ | ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ | ᠬᠤᠭᠤᠴᠠᠭᠠᠨ ᠳᠤ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ᠪᠠ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ | ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠦᠨᠳᠦᠰᠦᠯᠡᠨ᠂ ᠰᠢᠶᠠᠨ ᠤ | ᠬᠡᠪᠴᠢᠶᠡᠨ ᠤ ᠪᠣᠳᠠᠲᠠᠶ ᠲᠠᠢ ᠪᠠᠨ ᠤᠶᠠᠯᠳᠤᠭᠤᠯᠤᠨ᠂ ︽ᠰᠢᠩ ᠾᠧ ᠰᠢᠶᠠᠨ ᠤ ︿ᠠᠷᠪᠠᠨ ᠳᠥᠷᠪᠡᠳᠦᠭᠡᠷ ᠲᠠᠪᠤᠨ | ᠵᠢᠯ﹀ ᠤᠨ ᠵᠡᠮᠳᠡᠭᠴᠦᠳ ᠤᠨᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠲᠣᠭᠲᠠᠭᠠᠪᠠ᠃ | ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ᠂ ᠶᠡᠷᠦᠩᠬᠡᠢ ᠱᠠᠭᠠᠷᠳᠠᠯᠭ᠎ᠠ᠂ | ᠭᠤᠣᠯᠳᠠᠯᠭ᠎ᠠ ᠲᠠᠢ ᠡᠭᠦᠷᠭᠡ ᠪᠣᠯᠤᠨ ᠭᠤᠣᠯ ᠠᠷᠭ᠎ᠠ ᠬᠡᠮᠵᠢᠶ᠎ᠡ᠂ ᠪᠠᠲᠤᠯᠠᠪᠤᠷᠢ ᠶᠢᠨ ᠠᠷᠭ᠎ᠠ ᠬᠡᠮᠵᠢᠶ᠎ᠡ ᠵᠡᠷᠭᠡ ᠲᠦᠷᠪᠡᠨ | ᠲᠠᠯ᠎ᠠ ᠠᠴᠠ ᠬᠤᠶᠢᠰᠢᠳᠠ ᠶᠢᠨ ᠲᠠᠪᠤᠨ ᠵᠢᠯ ᠤᠨ ᠰᠢᠩ ᠡᡁᠧ ᠰᠢᠶᠠᠨ ᠤ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠴᠢᠭᠯᠡᠯ᠂ ᠡᠭᠦᠷᠭᠡ᠂ ᠬᠠᠷᠠᠯᠲᠠ ᠪᠣᠯᠤᠨ ᠱᠠᠭᠠᠷᠳᠠᠯᠭ᠎ᠠ ᠶᠢ ᠲᠥᠯᠥᠪᠵᠢᠭᠦᠯᠵᠡᠢ᠃ ᠠᠭᠤᠯᠭ᠎ᠠ ᠶᠢᠨ | ᠲᠠᠯ᠎ᠠ ᠪᠠᠷ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ | ᠡᠷᠡᠭᠦᠯᠵᠢᠯ ᠤᠨ ᠦᠢᠯᠡᠴᠢᠯᠡᠭᠡ᠂ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ᠂ ᠬᠠᠷᠰᠢ ᠰᠠᠭᠠᠳ ᠥᠬᠡᠶ | ᠣᠷᠴᠢᠨ ᠲᠣᠭᠤᠷᠢᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ | ᠵᠡᠷᠭᠡ ᠲᠠᠯ᠎ᠠ ᠶᠢ ᠬᠠᠮᠤᠷᠴᠤ᠂ ᠠᠭᠤᠯᠭ᠎ᠠ ᠨᠢ ᠪᠥᠬᠦ ᠲᠠᠯ᠎ᠠ ᠶᠢᠨ᠂ ᠬᠠᠷᠠᠯᠲᠠ ᠨᠢ ᠲᠣᠳᠣᠷᠬᠠᠶ ᠪᠠᠶᠢᠳᠠᠭ᠃ | ︽ᠲᠥᠯᠥᠪᠵᠢᠭᠦᠯᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ᠂ ᠤᠯᠠᠭᠠᠨᠴᠠᠪ ᠬᠤᠲᠠ᠂ ᠰᠢᠩ ᠾᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠤ ᠪᠣᠳᠠᠲᠠᠶ ᠱᠠᠭᠠᠷᠳᠠᠯᠭ᠎ᠠ ᠶᠢᠨ ᠲᠣᠭᠤᠷᠢᠨ ᠳᠤ ᠲᠣᠭᠲᠠᠭᠠᠵᠤ᠂ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ᠂ ᠵᠢᠱᠢᠯᠲᠡ ᠶᠢᠨ ᠴᠢᠨᠠᠷᠲᠠᠶ ᠪᠠ ᠬᠢᠵᠠᠭᠠᠷᠯᠠᠬᠤ ᠴᠢᠨᠠᠷᠲᠠᠶ ᠬᠤᠶᠠᠷ ᠰᠢᠨᠵᠢ | ᠴᠢᠨᠠᠷ ᠠᠴᠠ ᠬᠥᠭᠵᠢᠯᠲᠡ ᠶᠢᠨ ᠭᠤᠤᠯ ᠭᠦᠢᠴᠡᠳᠭᠡᠯ ᠲᠤᠭ᠎ᠠ ᠶᠢ ᠲᠣᠭᠲᠠᠭᠠᠵᠤ᠂ ᠢᠯᠠᠩᠭᠤᠶ᠎ᠠ ᠵᠡᠮᠳᠡᠭᠴᠦᠳ ᠤᠨ ︽ | ᠬᠤᠶᠠᠷ ᠵᠦᠢᠯ ᠤᠨ ᠨᠥᠬᠦᠪᠥᠷᠢ︾ ᠶᠢᠨ ᠪᠦᠷᠬᠦᠴᠡ ᠶᠢᠨ ᠨᠣᠷᠮ᠎ᠠ ᠪᠠ ᠨᠥᠬᠦᠴᠡᠯ ᠳᠤ ᠨᠡᠶᠢᠴᠡᠬᠦ ᠵᠡᠮᠳᠡᠭᠴᠦᠳ ᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠢᠴᠠᠯ ᠳᠤ ᠣᠷᠣᠭᠤᠯᠬᠤ ᠲᠠᠯ᠎ᠠ ᠪᠠᠷ 100% ᠶᠢᠨ | ᠬᠢᠵᠠᠭᠠᠷᠯᠠᠬᠤ ᠬᠠᠷᠢᠴᠠᠯ ᠢ ᠲᠣᠭᠲᠠᠭᠠᠵᠤ᠂ ᠵᠡᠮᠳᠡᠭᠴᠦᠳ ᠤᠨ ︽ᠦᠨᠳᠦᠰᠦᠨ ᠵᠦᠢᠯ ᠢ ᠪᠠᠲᠤᠯᠠᠵᠤ᠂ ᠨᠠᠭᠠᠳᠤ | ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ︾ ᠦᠨᠳᠦᠰᠦᠨ ᠵᠠᠷᠴᠢᠮ ᠢ ᠪᠠᠲᠤᠯᠠᠭ᠎ᠠ ᠲᠠᠢ ᠪᠣᠯᠭᠠᠪᠠ᠃ | ︽ᠲᠥᠯᠥᠪᠵᠢᠭᠦᠯᠭᠡ︾ ᠳᠤ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ | ᠣᠷᠣᠯᠴᠠᠬᠤ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠢᠭᠡᠨᠲᠡ ᠲᠣᠭᠲᠠᠭᠠᠭᠰᠠᠨ | ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠰᠠᠯᠠᠭ᠎ᠠ ᠮᠥᠴᠢᠷ ᠤᠨ ᠶᠣᠰᠣᠭᠠᠷ ᠠᠵᠢᠯ ᠤᠨ | ᠬᠤᠪᠢᠶᠠᠷᠢᠯᠠᠯ ᠬᠢᠵᠦ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠵᠡᠮᠳᠡᠭᠴᠦᠳ ᠤᠨ ᠠᠵᠢᠯ ᠤᠨ | ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠣᠯᠠᠨ | ᠬᠦᠷᠢᠶᠡᠨ ᠤ ᠨᠡᠶᠢᠭᠡᠮ ᠤᠨ ᠬᠦᠴᠦᠨ ᠢ ᠲᠡᠳᠡᠨ ᠵᠡᠮᠳᠡᠭᠴᠦᠳ ᠢ ᠲᠡᠳᠬᠦᠨ ᠵᠡᠮᠳᠡᠭᠴᠦᠳ ᠢ ᠬᠠᠪᠰᠤᠷᠬᠤ ᠠᠵᠢᠯ ᠳᠤ | ᠣᠷᠣᠯᠴᠠᠭᠤᠯᠵᠤ᠂ ︽ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠪᠥᠬᠦ ᠲᠠᠯ᠎ᠠ ᠪᠠᠷ | ᠪᠠᠲᠤᠯᠠᠪᠠ᠃ | ︽ᠰᠢᠩ ᠡᡁᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ᠪᠣᠯ ᠪᠦᠬᠦ ᠰᠢᠶᠠᠨ ᠤ ᠬᠤᠶᠢᠰᠢᠳᠠ ᠶᠢᠨ ᠲᠠᠪᠤᠨ ᠵᠢᠯ ᠤᠨ ᠵᠡᠮᠳᠡᠭᠴᠦᠳ ᠤᠨ | ᠦᠢᠯᠡᠰ ᠤᠨ ᠠᠵᠢᠯ ᠤᠨ ᠭᠤᠣᠯ ᠦᠨᠳᠦᠰᠦᠯᠡᠯ ᠪᠣᠯᠤᠨ᠎ᠠ᠃ ᠠᠭᠤᠯᠭ᠎ᠠ ᠪᠠᠷ ᠪᠠᠶᠠᠯᠢᠭ᠂ ᠬᠤᠯᠪᠣᠭᠳᠠᠬᠤ | ᠬᠡᠪᠴᠢᠶ᠎ᠡ ᠪᠠᠷ ᠥᠷᠭᠡᠨ᠂ ᠪᠦᠬᠦ ᠰᠢᠶᠠᠨ ᠤ ᠵᠡᠮᠳᠡᠭᠴᠦᠳ ᠤᠨ ᠦᠨᠳᠦᠰᠦᠨ ᠪᠠᠶᠢᠳᠠᠯ ᠢ ᠦᠨᠳᠦᠰᠦᠯᠡᠨ | ᠲᠣᠭᠲᠠᠭᠠᠭᠰᠠᠨ ᠭᠦᠢᠴᠡᠳᠬᠡᠬᠦ ᠲᠤᠭ᠎ᠠ ᠰᠢᠨᠵᠢᠯᠡᠬᠦ ᠤᠬᠠᠭᠠᠨᠴᠢ ᠪᠥᠭᠡᠳ ᠬᠡᠷᠡᠭᠵᠢᠭᠦᠯᠦᠭᠦᠰᠢᠲᠡᠢ ᠪᠠᠶᠢᠬᠤ ᠨᠢ | ᠣᠳᠣᠬᠠᠨ ᠤ ᠵᠡᠮᠳᠡᠭᠴᠦᠳ ᠤᠨ ᠦᠢᠯᠡᠰ ᠤᠨ ᠠᠵᠢᠯ ᠤᠨ ᠳᠤᠲᠠᠭᠤᠳᠠᠯ ᠢ ᠭᠦᠢᠴᠡᠳ ᠲᠠᠨᠢᠵᠤ᠂ ᠬᠤᠶᠢᠰᠢᠳᠠ ᠶᠢᠨ | ᠵᠡᠮᠳᠡᠭᠴᠦᠳ ᠤᠨ ᠠᠵᠢᠯ ᠢ ᠥᠷᠨᠢᠭᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠯᠠᠪᠳᠠᠶ᠎ᠠ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠦᠬᠦ ᠰᠢᠶᠠᠨ ᠤ | ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠵᠦ᠂ ᠪᠦᠬᠦ ᠰᠢᠶᠠᠨ ᠤ ᠵᠡᠮᠳᠡᠭᠴᠦᠳ ᠲᠤ ᠨᠡᠩ ᠤᠯᠠᠨ ᠠᠰᠢᠭ ᠬᠦᠷᠲᠡᠭᠡᠵᠦ᠂ ᠪᠦᠬᠦ ᠰᠢᠶᠠᠨ ᠤ | ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ | ᠨᠡᠮᠡᠭᠳᠡᠭᠦᠯᠬᠦ ᠪᠣᠯᠤᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |