︽ᠰᠢᠩ ᠾᠧ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2023/1/4
     ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠢᠩ ᠡᡁᠧ ᠰᠢᠶᠠᠨ ᠤ ᠵᠡᠮᠳᠡᠭᠴᠦᠳ ᠤᠨ ᠦᠢᠯᠡᠰ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠵᠡᠮᠳᠡᠭᠴᠦᠳ ᠤᠨ ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ᠂ ᠪᠥᠬᠦ ᠰᠢᠶᠠᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠦᠨᠳᠦᠰᠦᠯᠡᠨ᠂ ᠰᠢᠶᠠᠨ ᠤ ᠬᠡᠪᠴᠢᠶᠡᠨ ᠤ ᠪᠣᠳᠠᠲᠠᠶ ᠲᠠᠢ ᠪᠠᠨ ᠤᠶᠠᠯᠳᠤᠭᠤᠯᠤᠨ᠂ ︽ᠰᠢᠩ ᠾᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ‍ᠤᠨ‌ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠲᠣᠭᠲᠠᠭᠠᠪᠠ᠃      ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ᠂ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠪᠣᠯᠤᠨ ᠭᠤᠣᠯ ᠠᠷᠭ᠎ᠠ ᠬᠡᠮᠵᠢᠶ᠎ᠡ᠂ ᠪᠠᠲᠤᠯᠠᠪᠤᠷᠢ ᠶᠢᠨ ᠠᠷᠭ᠎ᠠ ᠬᠡᠮᠵᠢᠶ᠎ᠡ ᠵᠡᠷᠭᠡ ᠲᠦᠷᠪᠡᠨ ᠲᠠᠯ᠎ᠠ ᠠᠴᠠ ᠬᠤᠶᠢᠰᠢᠳᠠ ᠶᠢᠨ ᠲᠠᠪᠤᠨ ᠵᠢᠯ ᠤᠨ ᠰᠢᠩ ᠡᡁᠧ ᠰᠢᠶᠠᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠴᠢᠭᠯᠡᠯ᠂ ᠡᠭᠦᠷᠭᠡ᠂ ᠬᠠᠷᠠᠯᠲᠠ ᠪᠣᠯᠤᠨ ᠱᠠᠭᠠᠷᠳᠠᠯᠭ᠎ᠠ ᠶᠢ ᠲᠥᠯᠥᠪᠵᠢᠭᠦᠯᠵᠡᠢ᠃ ᠠᠭᠤᠯᠭ᠎ᠠ ᠶᠢᠨ ᠲᠠᠯ᠎ᠠ ᠪᠠᠷ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠡᠷᠡᠭᠦᠯᠵᠢᠯ ᠤᠨ ᠦᠢᠯᠡᠴᠢᠯᠡᠭᠡ᠂ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ᠂ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠲᠠᠯ᠎ᠠ ᠶᠢ ᠬᠠᠮᠤᠷᠴᠤ᠂ ᠠᠭᠤᠯᠭ᠎ᠠ ᠨᠢ ᠪᠥᠬᠦ ᠲᠠᠯ᠎ᠠ ᠶᠢᠨ᠂ ᠬᠠᠷᠠᠯᠲᠠ ᠨᠢ ᠲᠣᠳᠣᠷᠬᠠᠶ ᠪᠠᠶᠢᠳᠠᠭ᠃      ︽ᠲᠥᠯᠥᠪᠵᠢᠭᠦᠯᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠰᠢᠩ ᠾᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠣᠳᠠᠲᠠᠶ ᠱᠠᠭᠠᠷᠳᠠᠯᠭ᠎ᠠ ᠶᠢᠨ ᠲᠣᠭᠤᠷᠢᠨ ᠳᠤ ᠲᠣᠭᠲᠠᠭᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠵᠢᠱᠢᠯᠲᠡ ᠶᠢᠨ ᠴᠢᠨᠠᠷᠲᠠᠶ ᠪᠠ ᠬᠢᠵᠠᠭᠠᠷᠯᠠᠬᠤ ᠴᠢᠨᠠᠷᠲᠠᠶ ᠬᠤᠶᠠᠷ ᠰᠢᠨᠵᠢ ᠴᠢᠨᠠᠷ ᠠᠴᠠ ᠬᠥᠭᠵᠢᠯᠲᠡ ᠶᠢᠨ ᠭᠤᠤᠯ ᠭᠦᠢᠴᠡᠳᠭᠡᠯ ᠲᠤᠭ᠎ᠠ ᠶᠢ ᠲᠣᠭᠲᠠᠭᠠᠵᠤ᠂ ᠢᠯᠠᠩᠭᠤᠶ᠎ᠠ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠪᠦᠷᠬᠦᠴᠡ ᠶᠢᠨ ᠨᠣᠷᠮ᠎ᠠ ᠪᠠ ᠨᠥᠬᠦᠴᠡᠯ ᠳᠤ ᠨᠡᠶᠢᠴᠡᠬᠦ ᠵᠡᠮᠳᠡᠭᠴᠦᠳ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠢᠴᠠᠯ ᠳᠤ ᠣᠷᠣᠭᠤᠯᠬᠤ ᠲᠠᠯ᠎ᠠ ᠪᠠᠷ 100% ᠶᠢᠨ ᠬᠢᠵᠠᠭᠠᠷᠯᠠᠬᠤ ᠬᠠᠷᠢᠴᠠᠯ ᠢ ᠲᠣᠭᠲᠠᠭᠠᠵᠤ᠂ ᠵᠡᠮᠳᠡᠭᠴᠦᠳ ᠤᠨ ︽ᠦᠨᠳᠦᠰᠦᠨ  ᠵᠦᠢᠯ ᠢ ᠪᠠᠲᠤᠯᠠᠵᠤ᠂ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ︾ ᠦᠨᠳᠦᠰᠦᠨ ᠵᠠᠷᠴᠢᠮ ᠢ ᠪᠠᠲᠤᠯᠠᠭ᠎ᠠ ᠲᠠᠢ ᠪᠣᠯᠭᠠᠪᠠ᠃      ︽ᠲᠥᠯᠥᠪᠵᠢᠭᠦᠯᠭᠡ︾ ᠳᠤ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠢᠭᠡᠨᠲᠡ ᠲᠣᠭᠲᠠᠭᠠᠭᠰᠠᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠰᠠᠯᠠᠭ᠎ᠠ ᠮᠥᠴᠢᠷ ᠤᠨ ᠶᠣᠰᠣᠭᠠᠷ ᠠᠵᠢᠯ ᠤᠨ ᠬᠤᠪᠢᠶᠠᠷᠢᠯᠠᠯ ᠬᠢᠵᠦ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠵᠡᠮᠳᠡᠭᠴᠦᠳ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠣᠯᠠᠨ ᠬᠦᠷᠢᠶᠡᠨ ᠤ ᠨᠡᠶᠢᠭᠡᠮ ᠤᠨ ᠬᠦᠴᠦᠨ ᠢ ᠲᠡᠳᠡᠨ ᠵᠡᠮᠳᠡᠭᠴᠦᠳ ᠢ ᠲᠡᠳᠬᠦᠨ ᠵᠡᠮᠳᠡᠭᠴᠦᠳ ᠢ ᠬᠠᠪᠰᠤᠷᠬᠤ ᠠᠵᠢᠯ ᠳᠤ ᠣᠷᠣᠯᠴᠠᠭᠤᠯᠵᠤ᠂ ︽ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠪᠥᠬᠦ ᠲᠠᠯ᠎ᠠ ᠪᠠᠷ ᠪᠠᠲᠤᠯᠠᠪᠠ᠃      ︽ᠰᠢᠩ ᠡᡁᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠣᠯ ᠪᠦᠬᠦ ᠰᠢᠶᠠᠨ ᠤ ᠬᠤᠶᠢᠰᠢᠳᠠ ᠶᠢᠨ ᠲᠠᠪᠤᠨ ᠵᠢᠯ ᠤᠨ ᠵᠡᠮᠳᠡᠭᠴᠦᠳ ᠤᠨ ᠦᠢᠯᠡᠰ ᠤᠨ ᠠᠵᠢᠯ ᠤᠨ ᠭᠤᠣᠯ ᠦᠨᠳᠦᠰᠦᠯᠡᠯ ᠪᠣᠯᠤᠨ᠎ᠠ᠃ ᠠᠭᠤᠯᠭ᠎ᠠ ᠪᠠᠷ ᠪᠠᠶᠠᠯᠢᠭ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠪᠦᠬᠦ ᠰᠢᠶᠠᠨ ᠤ ᠵᠡᠮᠳᠡᠭᠴᠦᠳ ᠤᠨ ᠦᠨᠳᠦᠰᠦᠨ ᠪᠠᠶᠢᠳᠠᠯ ᠢ ᠦᠨᠳᠦᠰᠦᠯᠡᠨ ᠲᠣᠭᠲᠠᠭᠠᠭᠰᠠᠨ ᠭᠦᠢᠴᠡᠳᠬᠡᠬᠦ ᠲᠤᠭ᠎ᠠ ᠰᠢᠨᠵᠢᠯᠡᠬᠦ ᠤᠬᠠᠭᠠᠨᠴᠢ ᠪᠥᠭᠡᠳ ᠬᠡᠷᠡᠭᠵᠢᠭᠦᠯᠦᠭᠦᠰᠢᠲᠡᠢ ᠪᠠᠶᠢᠬᠤ ᠨᠢ ᠣᠳᠣᠬᠠᠨ ᠤ ᠵᠡᠮᠳᠡᠭᠴᠦᠳ ᠤᠨ ᠦᠢᠯᠡᠰ ᠤᠨ ᠠᠵᠢᠯ ᠤᠨ ᠳᠤᠲᠠᠭᠤᠳᠠᠯ ᠢ ᠭᠦᠢᠴᠡᠳ ᠲᠠᠨᠢᠵᠤ᠂ ᠬᠤᠶᠢᠰᠢᠳᠠ ᠶᠢᠨ ᠵᠡᠮᠳᠡᠭᠴᠦᠳ ᠤᠨ ᠠᠵᠢᠯ ᠢ ᠥᠷᠨᠢᠭᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠯᠠᠪᠳᠠᠶ᠎ᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠦᠬᠦ ᠰᠢᠶᠠᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠰᠢᠶᠠᠨ ᠤ ᠵᠡᠮᠳᠡᠭᠴᠦᠳ ᠲᠤ ᠨᠡᠩ ᠤᠯᠠᠨ ᠠᠰᠢᠭ ᠬᠦᠷᠲᠡᠭᠡᠵᠦ᠂ ᠪᠦᠬᠦ ᠰᠢᠶᠠᠨ ᠤ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠪᠣᠯᠤᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3