︽ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢᠨ | ᠠᠷᠠᠪ ᠬᠡᠯᠡᠨ ᠤ ᠬᠡᠪᠯᠡᠯ ᠵᠡᠷᠭᠡ ᠵᠢᠷᠭᠤᠭᠠᠨ ᠵᠦᠢᠯ ᠤᠨ ᠭᠠᠳᠠᠭᠠᠳᠤ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ | ︽ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢᠨ | ᠠᠷᠠᠪ ᠬᠡᠯᠡ᠂ ᠫᠣᠷᠲ᠋ᠦ᠋ᠭᠠᠯ ᠬᠡᠯᠡ᠂ ᠭᠧᠷᠮᠠᠨ ᠬᠡᠯᠡ᠂ ᠰᠸᠠᠾᠢᠯᠢ ᠬᠡᠯᠡ᠂ ᠦᠷᠳᠦ᠋ ᠬᠡᠯᠡ ᠵᠢᠴᠢ ᠸᠢᠶᠧᠳ᠋ᠨᠠᠮ ᠬᠡᠯᠡᠨ ᠤ | ᠬᠡᠪᠯᠡᠯ ᠢ ᠣᠶᠢᠷ᠎ᠠ ᠳᠤ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ | ︽ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ | ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ | ᠨᠠᠶᠢᠷᠠᠭᠤᠯᠵᠤ᠂ 9 ᠲᠤᠰᠬᠠᠢ ᠰᠡᠳᠦᠪ ᠬᠤᠪᠢᠶᠠᠨ᠂ ᠰᠢ ᠶᠢᠨ ᠫᠢᠩ ᠨᠥᠬᠦᠷ ᠤᠨ ᠬᠥᠮᠥᠨ ᠤ ᠡᠷᠬᠡ ᠶᠢ ᠬᠦᠨᠳᠦᠳᠬᠡᠨ | ᠪᠠᠲᠤᠯᠠᠬᠤ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠰᠢᠰᠲ᠋ᠧᠮ ᠲᠠᠢ ᠬᠤᠷᠢᠶᠠᠨ ᠣᠷᠣᠭᠤᠯᠪᠠ᠃ | ᠲᠤᠰ ᠤᠳᠠᠭ᠎ᠠ ᠶᠢᠨ ᠠᠷᠠᠪ ᠬᠡᠯᠡ ᠵᠡᠷᠭᠡ 6 ᠬᠡᠯᠡᠨ ᠤ ᠬᠡᠪᠯᠡᠯ ᠢ ᠬᠡᠪᠯᠡᠨ ᠲᠠᠷᠬᠠᠭᠠᠭᠰᠠᠨ ᠨᠢ ᠤᠯᠤᠰ ᠤᠨ ᠭᠠᠳᠠᠭᠠᠳᠤ ᠶᠢᠨ | ᠤᠩᠰᠢᠭᠴᠢᠳ ᠤᠨ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ | ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠭᠰᠠᠨ ᠠᠭᠤᠤ ᠶᠡᠭᠡ | ᠦᠢᠯᠡᠳᠦᠯᠭᠡ ᠵᠢᠴᠢ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠳᠤ ᠬᠤᠪᠢ ᠨᠡᠮᠡᠷᠢ ᠦᠵᠡᠭᠦᠯᠦᠭᠰᠡᠨ | ᠳᠤᠮᠳᠠᠳᠤ ᠤᠯᠤᠰ ᠤᠨ ᠲᠥᠰᠥᠯ ᠢ ᠭᠦᠨᠵᠡᠭᠡᠢ ᠣᠶᠢᠯᠠᠭᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠮᠥᠨ ᠤ | ᠡᠷᠬᠡ ᠶᠢᠨ ᠦᠵᠡᠯᠲᠡ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ ᠴᠢᠩᠭᠠᠳᠬᠠᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠲᠤᠰ ᠨᠣᠮ ᠤᠨ ᠠᠩᠭ᠍ᠯᠢ ᠬᠢᠲᠠᠳ᠂ ᠹᠷᠠᠨᠼᠢ ᠬᠢᠲᠠᠳ᠂ ᠤᠷᠤᠰ ᠬᠢᠲᠠᠳ᠂ ᠢᠰᠫᠠᠨᠢ ᠬᠢᠲᠠᠳ᠂ ᠶᠠᠫᠤᠨ ᠬᠢᠲᠠᠳ | ᠬᠠᠷᠢᠴᠠᠭᠤᠯᠤᠭᠰᠠᠨ ᠬᠡᠪᠯᠡᠯ ᠢ 2022 ᠣᠨ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ | ᠲᠠᠷᠬᠠᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 19 ᠤ ᠴᠠᠭᠢᠯᠭᠠᠨ ᠮᠡᠳᠡᠭᠡ︶ | |