ᠰᠢ ᠶᠢᠨ ᠫᠢᠩ 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 14 ᠤ ᠴᠠᠭᠢᠯᠭᠠᠨ ᠮᠡᠳᠡᠭᠡ 9 ᠰᠠᠷ᠎ᠠ ᠶᠢᠨ 14 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠳᠤ ᠪᠠᠶᠠᠷ ᠤᠨ | ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠥᠨᠢ ᠤᠳᠠᠭᠠᠨ ᠰᠢᠯᠢᠳᠡᠭ ᠤᠯᠠᠮᠵᠢᠯᠠᠯᠲᠤ ᠰᠣᠶᠣᠯ ᠲᠠᠢ ᠪᠠᠶᠢᠵᠤ | ᠂ ᠡᠷᠲᠡᠨ ᠠᠴᠠ ᠠᠪᠤᠭᠠᠳ ᠨᠡᠭᠡᠭᠡᠯᠲᠡᠲᠤ ᠪᠠᠭᠲᠠᠭᠠᠮᠵᠢᠲᠠᠢ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ ᠰᠣᠶᠣᠯ ᠤᠨ | ᠬᠡᠬᠦᠳᠡᠭ ᠴᠡᠭᠡᠵᠢ ᠲᠠᠢ ᠶᠤᠮ᠂ ᠳᠤᠮᠳᠠᠳᠤ ᠶᠢᠨ ᠪᠣᠯᠪᠠᠰᠤᠨ ᠶᠡᠷᠦ ᠠᠴᠠ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ | ᠣᠶᠢᠯᠠᠭᠠᠯᠴᠠᠭ᠎ᠠ ᠪᠠ ᠬᠦᠨᠳᠦᠳᠬᠡᠯ ᠢ ᠮᠠᠭᠲᠠᠨ ᠰᠠᠶᠢᠰᠢᠶᠠᠭᠰᠠᠭᠠᠷ ᠢᠷᠡᠭᠰᠡᠨ ᠶᠤᠮ᠃ ᠪᠡᠭᠡᠵᠢᠩ ᠪᠣᠯ ᠥᠨᠢ ᠤᠳᠠᠭᠠᠨ | ᠲᠡᠦᠬᠡ ᠲᠠᠢ᠂ ᠥᠨᠢ ᠤᠳᠠᠭᠠᠨ ᠰᠣᠶᠣᠯ ᠤᠨ ᠰᠤᠳᠠᠰᠤ ᠲᠠᠢ ᠪᠠᠶᠢᠵᠤ᠂ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠬᠦ ᠴᠢᠨᠠᠷ | ᠂ ᠰᠢᠨ᠎ᠡ ᠶᠢ ᠡᠭᠦᠳᠬᠦ ᠴᠢᠨᠠᠷ᠂ ᠨᠢᠭᠡᠳᠦᠯᠲᠦ ᠴᠢᠨᠠᠷ᠂ ᠪᠠᠭᠲᠠᠭᠠᠮᠵᠢᠲᠤ ᠴᠢᠨᠠᠷ᠂ ᠡᠩᠬᠡ ᠲᠠᠶᠢᠪᠤᠩ ᠴᠢᠨᠠᠷ ᠤᠨ ᠬᠦᠴᠦᠲᠡᠢ | ᠭᠡᠷᠡᠴᠢᠯᠡᠯ ᠮᠥᠨ᠃ ᠳᠤᠮᠳᠠᠳᠤ ᠤᠯᠤᠰ ᠪᠡᠭᠡᠵᠢᠩ ᠤᠨ ᠲᠡᠦᠬᠡ ᠶᠢᠨ ᠡᠷᠲᠡᠨ ᠤ ᠨᠡᠶᠢᠰᠯᠡᠯ ᠪᠠ ᠪᠦᠭᠦ ᠤᠯᠤᠰ ᠤᠨ | ᠰᠣᠶᠣᠯ ᠤᠨ ᠲᠥᠪ ᠪᠣᠯᠤᠭᠰᠠᠨ ᠳᠠᠪᠠᠭᠤᠯᠢᠭ ᠢᠶᠠᠨ ᠨᠡᠩ ᠰᠠᠶᠢᠲᠤᠷ ᠪᠠᠳᠠᠷᠠᠭᠤᠯᠵᠤ᠂ ᠪᠦᠭᠦ ᠪᠥᠮᠪᠥᠷᠴᠡᠭ ᠤᠨ ᠡᠯ᠎ᠡ | ᠭᠠᠵᠠᠷ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ᠂ ᠰᠣᠶᠣᠯ ᠤᠨ | ᠥᠪ ᠤᠨ ᠬᠠᠮᠠᠭᠠᠯᠠᠯᠲᠠ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠬᠠᠮᠲᠤ ᠪᠠᠷ ᠠᠬᠢᠭᠤᠯᠵᠤ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠭᠦᠨ ᠵᠤᠵᠠᠭᠠᠨ ᠥᠨᠢ ᠤᠳᠠᠭᠠᠨ ᠤ ᠰᠣᠶᠣᠯ ᠤᠨ ᠬᠦᠴᠦᠨ ᠢ ᠨᠡᠮᠡᠷᠢᠯᠡᠨ᠎ᠡ | ᠭᠡᠵᠦ ᠵᠢᠭᠠᠵᠤ ᠭᠠᠷᠭᠠᠪᠠ᠃ | 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠨᠢ ︽ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ | ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ︾ ᠪᠠᠷ ᠣᠨ ᠤ ᠭᠤᠣᠯ ᠰᠡᠳᠦᠪ ᠪᠤᠯᠭᠠᠵᠤ᠂ ᠲᠥᠪ ᠤᠨ ᠤᠬᠠᠭᠤᠯᠬᠤ | ᠬᠡᠯᠲᠡᠰ ᠪᠣᠯᠣᠨ ᠪᠡᠭᠡᠵᠢᠩ ᠬᠤᠳᠠ ᠶᠢᠨ ᠨᠠᠮ ᠤᠨ ᠬᠤᠷᠢᠶ᠎ᠠ᠂ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ | ᠣᠷᠳᠣᠨ ᠠᠴᠠ ᠬᠠᠮᠲᠤ ᠪᠠᠷ ᠭᠤᠣᠯᠯᠠᠨ ᠡᠷᠭᠢᠯᠡᠵᠦ᠂ ᠲᠤᠰ ᠡᠳᠦᠷ ᠪᠡᠭᠡᠵᠢᠩ ᠳᠤ ᠡᠬᠢᠯᠡᠪᠡ᠃ |