10 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ | ᠬᠤᠷᠠᠯ ᠤᠨ ᠲᠠᠩᠬᠢᠮ ᠳᠤ ᠠᠮᠧᠷᠢᠺᠠ ᠶᠢᠨ ᠤᠯᠤᠰ ᠤᠨ ᠬᠤᠷᠠᠯ ᠤᠨ ᠳᠡᠭᠡᠳᠦ ᠵᠥᠪᠯᠡᠯ ᠤᠨ ᠤᠯᠠᠨ ᠲᠣᠭᠠᠲᠤ ᠨᠠᠮ ᠤᠨ | ᠤᠳᠤᠷᠢᠳᠤᠭᠴᠢ ᠱᠦᠮᠦᠸᠧ ᠶᠢᠨ ᠳᠠᠭᠠᠭᠤᠯᠤᠭᠰᠠᠨ ᠠᠮᠧᠷᠢᠺᠠ ᠶᠢᠨ ᠤᠯᠤᠰ ᠤᠨ ᠬᠤᠷᠠᠯ ᠤᠨ ᠳᠡᠭᠡᠳᠦ ᠵᠥᠪᠯᠡᠯ ᠤᠨ ᠬᠤᠶᠠᠷ | ᠨᠠᠮ ᠤᠨ ᠲᠥᠯᠥᠭᠡᠯᠡᠭᠴᠢᠳ ᠤᠨ ᠪᠦᠯᠭᠦᠮ ᠲᠠᠢ ᠠᠭᠤᠯᠵᠠᠪᠠ᠃ | | | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ | ᠲᠠᠯᠠᠲᠤ ᠬᠠᠷᠢᠯᠴᠠᠭ᠎ᠠ ᠪᠣᠯᠣᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠬᠡᠷᠬᠢᠨ ᠬᠠᠷᠢᠯᠴᠠᠬᠤ ᠨᠢ ᠬᠥᠮᠥᠨ | ᠲᠥᠷᠥᠯᠬᠢᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠲᠣᠭᠲᠠᠭᠠᠳᠠᠭ᠃ ᠥᠷᠢᠰᠦᠯᠳᠦᠭᠡᠨ ᠡᠰᠡᠷᠭᠦᠴᠡᠯᠳᠦᠯ ᠨᠢ ᠴᠠᠭ | ᠦᠶ᠎ᠡ ᠶᠢᠨ ᠤᠷᠤᠰᠬᠠᠯ ᠲᠠᠢ ᠨᠡᠶᠢᠴᠡᠬᠦ ᠦᠭᠡᠢ᠂ ᠨᠡᠩ ᠴᠤ ᠲᠤᠰ ᠤᠯᠤᠰ ᠤᠨ ᠢᠶᠠᠨ ᠠᠰᠠᠭᠤᠳᠠᠯ ᠪᠠ ᠳᠡᠯᠡᠬᠡᠢ | ᠶᠢᠷᠲᠢᠨᠴᠦ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠳᠤᠮᠳᠠᠳᠤ | ᠠᠮᠧᠷᠢᠺᠠ ᠶᠢᠨ ᠬᠠᠮᠲᠤ ᠶᠢᠨ ᠠᠰᠢᠭ ᠲᠤᠰᠠ ᠨᠢ ᠵᠥᠷᠢᠯᠳᠦᠭᠡᠨ ᠠᠴᠠ ᠬᠤᠯᠠ ᠶᠡᠭᠡ᠂ ᠳᠤᠮᠳᠠᠳᠤ ᠠᠮᠧᠷᠢᠺᠠ ᠶᠢᠨ ᠲᠤᠰ | ᠲᠤᠰ ᠤᠨ ᠣᠯᠣᠭᠰᠠᠨ ᠠᠮᠵᠢᠯᠲᠠ ᠨᠢ ᠬᠠᠷᠢᠯᠴᠠᠨ ᠨᠦᠭᠦᠭᠡ ᠲᠠᠯ᠎ᠠ ᠶᠢᠨ ᠢᠶᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ | ᠥᠷᠢᠰᠦᠯᠳᠦᠭᠡᠨ ᠪᠤᠯᠬᠤ ᠦᠭᠡᠢ ᠭᠡᠵᠦ ᠳᠤᠮᠳᠠᠳᠤ ᠤᠯᠤᠰ ᠢᠮᠠᠭᠲᠠ ᠦᠵᠡᠭᠰᠡᠭᠡᠷ ᠢᠷᠡᠪᠡ᠃ ︽ᠰᠢᠦᠺᠢᠳᠢᠳ᠋ ᠤᠨ | ᠤᠨᠠᠭᠤᠯᠢ︾ ᠨᠢ ᠵᠠᠶᠢᠯᠠᠰᠢ ᠦᠭᠡᠢ ᠶᠠᠪᠤᠳᠠᠯ ᠪᠢᠰᠢ᠂ ᠥᠷᠭᠡᠨ ᠠᠭᠤᠳᠠᠮ ᠳᠡᠯᠡᠬᠡᠢ ᠶᠢᠨ ᠪᠥᠮᠪᠥᠷᠴᠡᠭ ᠳᠤᠮᠳᠠᠳᠤ | ᠠᠮᠧᠷᠢᠺᠠ ᠶᠢᠨ ᠲᠤᠰ ᠲᠤᠰ ᠤᠨ ᠬᠥᠭᠵᠢᠯᠲᠡ᠂ ᠬᠠᠮᠲᠤ ᠶᠢᠨ ᠴᠡᠴᠡᠭᠯᠡᠯ ᠬᠥᠭᠵᠢᠯ ᠢ ᠪᠦᠷᠢᠮᠦᠰᠦᠨ ᠪᠠᠭᠲᠠᠭᠠᠵᠤ ᠲᠡᠶᠢᠯᠦᠨ᠎ᠠ | ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ ᠠᠭᠤᠰᠤᠯᠴᠠᠵᠤ᠂ ᠬᠡᠨ ᠠᠯᠢᠨ ᠠᠴᠠ ᠪᠠᠨ ᠦᠯᠦ | ᠰᠠᠯᠵᠤ ᠴᠢᠳᠠᠨ᠂ ᠨᠦᠭᠦᠭᠡ ᠲᠠᠯ᠎ᠠ ᠶᠢᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠣᠯᠣᠨ᠎ᠠ᠃ ᠪᠦᠭᠦ ᠪᠥᠮᠪᠥᠷᠴᠡᠭ ᠤᠨ | ᠬᠢᠵᠢᠭ ᠤᠨ ᠳᠠᠷᠠᠭᠠᠬᠢ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠳᠡᠯᠡᠬᠡᠢ ᠶᠢᠨ ᠪᠠ ᠭᠠᠵᠠᠷ | ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠥᠮ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠪᠠ | ᠬᠠᠮᠲᠤᠷᠠᠯᠴᠠᠭ᠎ᠠ ᠶᠢ ᠱᠠᠭᠠᠷᠳᠠᠨ᠎ᠠ᠃ ᠳᠤᠮᠳᠠᠳᠤ ᠠᠮᠧᠷᠢᠺᠠ ᠨᠢ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ᠂ ᠲᠣᠮᠣ | ᠤᠯᠤᠰ ᠤᠨ ᠬᠡᠬᠦᠳᠡᠭ ᠴᠡᠭᠡᠵᠢ᠂ ᠬᠠᠷᠠᠭᠠᠰᠤ ᠪᠣᠯᠣᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠲᠡᠦᠬᠡ᠂ ᠠᠷᠠᠳ | ᠲᠦᠮᠡᠨ᠂ ᠳᠡᠯᠡᠬᠡᠢ ᠳ᠋ᠠᠬᠢᠨ ᠳᠤ ᠬᠠᠷᠢᠭᠤᠴᠠᠬᠤ ᠣᠪᠣᠷ ᠢᠶᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠠᠶᠢᠲᠤᠷ | ᠰᠢᠢᠳᠪᠦᠷᠢᠯᠡᠵᠦ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠵᠤ ᠬᠠᠮᠲᠤ ᠪᠠᠷ | ᠠᠰᠢᠭ ᠬᠦᠷᠲᠡᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠵᠦ᠂ ᠬᠥᠮᠥᠨ ᠲᠥᠷᠥᠯᠬᠢᠲᠡᠨ ᠤ | ᠨᠡᠶᠢᠭᠡᠮ ᠤᠨ ᠲᠠᠪᠰᠢᠯᠳᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠬᠤᠪᠢ ᠨᠡᠮᠡᠷᠢ ᠦᠵᠡᠭᠦᠯᠪᠡᠯ | ᠵᠣᠬᠢᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠲᠠᠪᠤᠨ ᠮᠢᠩᠭ᠎ᠠ ᠭᠠᠷᠤᠢ ᠵᠢᠯ ᠦᠷᠭᠦᠯᠵᠢᠯᠡᠵᠦ᠂ ᠴᠠᠭ ᠦᠶ᠎ᠡ ᠲᠠᠢ | ᠵᠡᠷᠭᠡ ᠪᠠᠷ ᠤᠷᠤᠭᠰᠢᠯᠠᠬᠤ᠂ ᠪᠦᠭᠦᠨ ᠢ ᠬᠠᠮᠤᠷᠴᠤ ᠪᠦᠭᠦᠨ ᠢ ᠪᠠᠭᠲᠠᠭᠠᠬᠤ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ ᠡᠩᠬᠡ | ᠲᠠᠶᠢᠪᠤᠩ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠭᠰᠠᠭᠠᠷ ᠢᠷᠡᠵᠡᠢ᠃ ᠳᠤᠮᠳᠠᠳᠤ ᠤᠯᠤᠰ ᠠᠵᠤ ᠠᠬᠤᠢ ᠶᠢᠨ | ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ | ᠡᠭᠦᠳᠴᠦ᠂ ᠬᠠᠷᠢᠴᠠᠯᠠᠰᠢᠭᠦᠢ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠦᠭᠰᠡᠨ ᠤ ᠦᠨᠳᠦᠰᠦᠨ ᠰᠢᠯᠲᠠᠭᠠᠨ ᠪᠣᠯ ᠳᠤᠮᠳᠠᠳᠤ ᠤᠯᠤᠰ ᠤᠨ | ᠤᠯᠤᠰ ᠤᠨ ᠪᠠᠶᠢᠳᠠᠯ ᠳᠤ ᠨᠡᠶᠢᠴᠡᠭᠰᠡᠨ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ᠂ ᠠᠷᠠᠳ ᠲᠦᠮᠡᠨ ᠤ | ᠳᠡᠮᠵᠢᠯᠭᠡ ᠶᠢ ᠣᠯᠣᠭᠰᠠᠨ ᠠᠮᠵᠢᠯᠲᠠ ᠲᠠᠢ ᠬᠥᠭᠵᠢᠯᠲᠡ ᠶᠢᠨ ᠵᠠᠮ ᠢ ᠡᠷᠢᠵᠦ ᠣᠯᠣᠭᠰᠠᠨ ᠳᠤ ᠪᠠᠶᠢᠨ᠎ᠠ᠃ ᠳᠤᠮᠳᠠᠳᠤ ᠤᠯᠤᠰ | ᠦᠷᠭᠦᠯᠵᠢᠯᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠡᠩᠬᠡ ᠲᠠᠶᠢᠪᠤᠩ ᠬᠥᠭᠵᠢᠯᠲᠡ ᠶᠢ | ᠭᠤᠶᠢᠪᠢᠰᠢ ᠦᠭᠡᠢ ᠪᠠᠷᠢᠮᠲᠠᠯᠠᠵᠤ᠂ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠮᠧᠷᠢᠺᠠ ᠶᠢᠨ ᠤᠯᠤᠰ ᠤᠨ ᠬᠤᠷᠠᠯ ᠤᠨ ᠨᠡᠩ | ᠤᠯᠠᠨ ᠭᠡᠰᠢᠭᠦᠨ ᠳᠤᠮᠳᠠᠳᠤ ᠤᠯᠤᠰ ᠲᠤ ᠠᠶᠢᠯᠴᠢᠯᠠᠵᠤ᠂ ᠳᠤᠮᠳᠠᠳᠤ ᠤᠯᠤᠰ ᠤᠨ ᠥᠩᠭᠡᠷᠡᠭᠰᠡᠨ᠂ ᠤᠳᠤ ᠪᠠ | ᠢᠷᠡᠭᠡᠳᠦᠢ ᠶᠢ ᠨᠡᠩ ᠰᠠᠶᠢᠨ ᠣᠶᠢᠯᠠᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠤᠯᠤᠰ ᠤᠨ ᠬᠠᠤᠯᠢ ᠲᠣᠭᠲᠠᠭᠠᠬᠤ | ᠪᠠᠶᠢᠭᠤᠯᠤᠮᠵᠢ ᠢᠯᠡᠭᠦᠬᠡᠨ ᠶᠠᠪᠤᠯᠴᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠰᠠᠨᠠᠯ ᠢᠶᠠᠨ ᠰᠣᠯᠢᠯᠴᠠᠵᠤ᠂ | ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠪᠤᠷᠢᠵᠢᠭᠤᠯᠬᠤ᠂ | ᠰᠠᠶᠢᠵᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠱᠦᠮᠦᠸᠧ ᠨᠠᠷ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ | ᠪᠠᠶᠢᠨ᠎ᠠ᠂ ᠳᠤᠮᠳᠠᠳᠤ ᠶᠢᠨ ᠲᠠᠯ᠎ᠠ ᠶᠢᠨ ᠬᠢᠨ ᠤ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠂ ᠡᠨᠡ | ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ ᠪᠢᠳᠡᠨ ᠳᠤ ᠳᠤᠮᠳᠠᠳᠤ ᠤᠯᠤᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ | ᠪᠣᠯᠣᠨ ᠳᠠᠯᠳᠠ ᠬᠦᠴᠦᠨ ᠢ ᠮᠡᠳᠡᠷᠡᠭᠦᠯᠪᠡ ᠭᠡᠵᠦ ᠢᠯᠡᠳᠬᠡᠵᠡᠢ᠃ ᠱᠦᠮᠦᠸᠧ ᠨᠠᠷ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠦᠵᠡᠯᠲᠡ ᠪᠠ ᠰᠠᠨᠠᠯ ᠢᠶᠠᠨ ᠲᠠᠨᠢᠯᠴᠠᠭᠤᠯᠵᠤ᠂ ᠠᠮᠧᠷᠢᠺᠠ | ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠨᠢ ᠠᠮᠧᠷᠢᠺᠠ ᠳᠤᠮᠳᠠᠳᠤ ᠬᠤᠶᠠᠷ ᠤᠯᠤᠰ ᠲᠤ ᠲᠦᠢᠯ ᠤᠨ | ᠴᠢᠬᠤᠯᠠ ᠪᠠᠷ ᠪᠠᠷᠠᠬᠤ ᠦᠭᠡᠢ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠴᠦ ᠬᠤᠯᠪᠣᠭᠳᠠᠨ᠎ᠠ᠃ ᠳᠤᠮᠳᠠᠳᠤ | ᠤᠯᠤᠰ ᠤᠨ ᠬᠥᠭᠵᠢᠯ ᠴᠡᠴᠡᠭᠯᠡᠯ ᠨᠢ ᠠᠮᠧᠷᠢᠺᠠ ᠶᠢᠨ ᠠᠷᠠᠳ ᠲᠦᠮᠡᠨ ᠳᠤ ᠠᠰᠢᠭᠲᠠᠢ ᠶᠤᠮ᠃ ᠠᠮᠧᠷᠢᠺᠠ ᠶᠢᠨ ᠬᠢᠨ | ᠳᠤᠮᠳᠠᠳᠤ ᠤᠯᠤᠰ ᠯᠤᠭ᠎ᠠ ᠮᠥᠷᠭᠦᠯᠳᠦᠭᠡᠨ ᠭᠠᠷᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠯᠤᠭ᠎ᠠ ᠬᠠᠷᠢᠯᠴᠠᠭ᠎ᠠ ᠪᠠᠨ | ᠲᠠᠰᠤᠯᠬᠤ ᠶᠢ ᠬᠦᠰᠡᠬᠦ ᠦᠭᠡᠢ᠂ ᠳᠤᠷᠠᠲᠠᠶ᠎ᠠ ᠳᠤᠮᠳᠠᠳᠤ ᠤᠯᠤᠰ ᠲᠠᠢ ᠨᠡᠭᠡᠭᠡᠯᠲᠡᠲᠡᠢ ᠦᠨᠡᠨᠴᠢ ᠰᠢᠳᠤᠷᠭᠤ᠂ ᠬᠠᠷᠢᠯᠴᠠᠨ | ᠬᠦᠨᠳᠦᠳᠬᠡᠬᠦ ᠵᠣᠷᠢᠭ ᠰᠠᠨᠠᠭ᠎ᠠ ᠪᠠᠷ ᠶᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢ | ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠵᠦ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ | ᠬᠥᠭᠵᠢᠯᠲᠡ ᠶᠢ ᠠᠬᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠠᠷᠠᠯᠵᠢᠶ᠎ᠠ ᠪᠡᠯᠡ | ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ | ᠬᠤᠣᠷᠲᠤ ᠡᠳ᠋ ᠫᠠᠨᠽᠠᠯᠠᠬᠤ ᠳᠤ ᠴᠣᠬᠢᠯᠲᠠ ᠥᠭᠬᠦ᠂ ᠭᠠᠵᠠᠷ ᠣᠷᠣᠨ ᠤ ᠮᠥᠷᠭᠦᠯᠳᠦᠭᠡᠨ ᠢ ᠰᠢᠢᠳᠪᠦᠷᠢᠯᠡᠬᠦ ᠵᠡᠷᠭᠡ | ᠠᠰᠠᠭᠤᠳᠠᠯ ᠤᠨ ᠲᠤᠬᠠᠢ ᠣᠯᠣᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ︶ | |