ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 9 ᠤ | ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠵᠣᠣ ᠯᠧ ᠵᠢᠢ᠂ ᠸᠠᠩ | ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠥᠰ ᠬᠤᠷᠠᠯ ᠳᠤ | ᠣᠷᠣᠯᠴᠠᠨ ᠪᠠᠶᠠᠷ ᠬᠦᠷᠭᠡᠵᠦ᠂ ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠢ᠃ | | | 10 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠠᠴᠠ | ᠬᠤᠷᠠᠯ ᠳᠤ ᠤᠷᠤᠯᠴᠠᠬᠰᠡᠨ ᠲᠥᠯᠥᠭᠡᠯᠡᠭᠴᠢᠳ ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ | ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ | ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ︾ ᠭᠡᠬᠦ ᠬᠤᠷᠠᠯ ᠤᠨ ᠲᠡᠮᠳᠡᠭ ᠢ | ᠡᠯᠭᠦᠵᠦ᠂ ᠠᠷᠤ ᠬᠥᠰᠢᠭᠡ ᠶᠢᠨ ᠭᠤᠣᠯ ᠳᠤᠮᠳᠠ ᠳᠤᠮᠳᠠᠳᠤ ᠤᠯᠤᠰ ᠤᠨ ᠠᠵᠢᠯᠴᠢᠨ ᠤ ᠡᠪᠯᠡᠯ ᠪᠣᠯᠣᠨ ᠳᠤᠮᠳᠠᠳᠤ | ᠤᠯᠤᠰ ᠤᠨ ᠠᠵᠢᠯᠴᠢᠨ ᠠᠩᠭᠢ ᠶᠢᠨ ᠪᠦᠯᠬᠦᠮᠳᠡᠯ ᠨᠢᠭᠡᠳᠦᠯ ᠢ ᠪᠡᠯᠭᠡᠳᠡᠭᠰᠡᠨ ᠠᠵᠢᠯᠴᠢᠨ ᠤ ᠡᠪᠯᠡᠯ ᠤᠨ ᠰᠦᠯᠳᠡ ᠭᠢᠯᠠᠯᠵᠠᠵᠤ | ᠂ 10 ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠤ | ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠵᠡᠭᠡᠶ᠎ᠡ︕︾ ᠭᠡᠬᠦ ᠲᠣᠮᠣ ᠬᠥᠨᠳᠡᠯᠡᠨ ᠪᠢᠴᠢᠭᠡᠰᠦ ᠶᠢ ᠡᠯᠭᠦᠵᠡᠢ᠃ | ᠪᠦᠭᠦ ᠤᠯᠤᠰ ᠤᠨ ᠡᠯ᠎ᠡ ᠠᠵᠢᠯ ᠲᠦᠷᠦᠯ ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ ᠤᠨ ᠠᠵᠢᠯᠴᠢᠨ ᠤ | ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ 2000 ᠰᠢᠬᠠᠮ ᠲᠥᠯᠥᠭᠡᠯᠡᠭᠴᠢ ᠪᠣᠯᠣᠨ 50 ᠭᠠᠷᠤᠢ ᠣᠨᠴᠠ | ᠤᠷᠢᠭᠰᠠᠨ ᠲᠥᠯᠥᠭᠡᠯᠡᠭᠴᠢ ᠲᠦᠭ ᠲᠦᠮᠡᠨ ᠠᠵᠢᠯᠲᠠᠨ ᠠᠵᠢᠯᠴᠢᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ | ᠣᠷᠣᠯᠴᠠᠪᠠ᠃ | ᠦᠳᠡ ᠶᠢᠨ ᠡᠮᠦᠨᠡᠬᠢ 10 ᠴᠠᠭ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠨᠠᠷ ᠬᠤᠷᠠᠯ ᠤᠨ ᠲᠠᠯᠠᠪᠠᠶ ᠳᠤ ᠣᠷᠣᠵᠤ ᠢᠷᠡᠬᠦ ᠦᠶᠡᠰ ᠲᠠᠯᠠᠪᠠᠶ ᠳᠠᠶᠠᠭᠠᠷ ᠨᠢᠵᠢᠭᠢᠨᠡᠲᠡᠯ᠎ᠡ ᠠᠯᠠᠭ᠎ᠠ | ᠲᠠᠰᠢᠵᠠᠭᠠᠪᠠ᠃ | | | 10 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠰᠢ ᠶᠢᠨ ᠫᠢᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ | ᠰᠢ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠳ᠋ᠦᠩ ᠮᠢᠩ ᠶᠡᠭᠡ | ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ | ᠳᠠᠭᠤᠯᠠᠵᠠᠭᠠᠪᠠ᠃ | ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ᠮᠠᠨ ᠤ ᠤᠯᠤᠰ ᠤᠨ ᠠᠵᠢᠯᠴᠢᠨ ᠠᠩᠭᠢ ᠶᠢᠨ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠳᠤ ᠣᠷᠤᠯᠴᠠᠬᠤ | ᠢᠷᠠᠭᠤ ᠭᠠᠶᠢᠬᠠᠮᠰᠢᠭᠲᠤ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ᠂ | ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ ᠤᠯᠤᠰ ᠤᠨ ᠥᠷᠭᠡᠨ ᠣᠯᠠᠨ ᠠᠵᠢᠯᠲᠠᠨ | ᠠᠵᠢᠯᠴᠢᠨ ᠪᠠ ᠠᠵᠢᠯᠴᠢᠨ ᠤ ᠡᠪᠯᠡᠯ ᠤᠨ ᠺᠠᠳ᠋ᠷᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠼᠠᠢ ᠴᠢ ᠪᠠᠶᠠᠷ ᠤᠨ ᠦᠭᠡ ᠳᠡᠭᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ | ᠤᠯᠤᠰ ᠤᠨ ᠠᠵᠢᠯᠴᠢᠨ ᠠᠩᠭᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠦᠨᠳᠦ ᠡᠭᠦᠷᠭᠡ ᠶᠢ ᠵᠣᠷᠢᠭᠲᠠᠢ ᠪᠠᠷ | ᠡᠭᠦᠷᠭᠡᠯᠡᠵᠦ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ | ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠵᠡᠢ᠃ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠳᠣᠯᠣᠳᠤᠭᠠᠷ ᠶᠡᠭᠡ ᠬᠤᠷᠠᠯ ᠠᠴᠠ ᠨᠠᠭᠠᠰᠢ᠂ | ᠡᠯ᠎ᠡ ᠱᠠᠲᠤᠨ ᠤ ᠠᠵᠢᠯᠴᠢᠨ ᠤ ᠡᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ | ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠤ ᠦᠵᠡᠯ | ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡᠨ ᠤ | ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠵᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠥᠷᠭᠡᠨ | ᠤᠯᠠᠨ ᠠᠵᠢᠯᠲᠠᠨ ᠠᠵᠢᠯᠴᠢᠨ ᠢ ᠲᠠᠶᠢᠴᠢᠯᠠᠨ ᠰᠢᠨ᠎ᠡ ᠴᠠᠭ ᠦᠶ᠎ᠡ ᠳᠤ ᠢᠳᠡᠪᠬᠢᠲᠡᠢ ᠪᠠᠷ ᠭᠠᠪᠢᠶ᠎ᠠ ᠪᠠᠶᠢᠭᠤᠯᠵᠤ᠂ ᠪᠦᠭᠦ | ᠤᠯᠤᠰ ᠤᠨ ᠠᠷᠠᠳ ᠲᠦᠮᠡᠨ ᠲᠠᠢ ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠠᠯᠬᠤᠭ᠎ᠠ ᠨᠢᠭᠡᠲᠡᠢ ᠤᠷᠤᠭᠰᠢᠯᠠᠵᠠᠢ ᠭᠡᠵᠦ ᠬᠡᠯᠡᠪᠡ᠃ | ᠼᠠᠢ ᠴᠢ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠭᠲᠠᠭᠠᠪᠠ᠃ ᠨᠠᠮ ᠤᠨ ᠭᠤᠣᠯ ᠡᠭᠦᠷᠭᠡ ᠪᠣᠯ ᠳᠤᠮᠳᠠᠳᠤ | ᠤᠯᠤᠰ ᠤᠨ ᠠᠵᠢᠯᠴᠢᠨ ᠤ ᠬᠥᠳᠡᠯᠭᠡᠭᠡᠨ ᠪᠠ ᠠᠵᠢᠯᠴᠢᠨ ᠤ ᠡᠪᠯᠡᠯ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠣᠯᠣᠨ᠎ᠠ᠃ | ᠠᠵᠢᠯᠴᠢᠨ ᠠᠩᠭᠢ ᠦᠨᠡᠨᠴᠢ ᠰᠢᠳᠤᠷᠭᠤ ᠨᠠᠶᠢᠳᠠᠪᠤᠷᠢᠲᠠᠢ ᠪᠠᠶᠢᠬᠤ ᠣᠪᠣᠷ ᠢᠶᠠᠷ ᠠᠵᠢᠯᠴᠢᠨ ᠠᠩᠭᠢ ᠶᠢᠨ ᠤᠯᠤᠰ | ᠲᠦᠷᠦ ᠶᠢᠨ ᠣᠣᠷ ᠴᠢᠨᠠᠷ ᠢᠶᠠᠨ ᠦᠷᠭᠦᠯᠵᠢᠯᠡᠭᠦᠯᠵᠦ᠂ ᠬᠥᠳᠡᠯᠮᠦᠷᠢᠯᠡᠵᠦ ᠡᠭᠦᠳᠦᠨ ᠪᠦᠲᠦᠭᠡᠬᠦ ᠪᠠᠷ ᠳᠠᠮᠵᠢᠨ ᠠᠵᠢᠯᠴᠢᠨ | ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠣᠷᠦ᠋ᠢᠯᠠᠭᠰᠠᠨ ᠡᠷᠳᠡᠮ ᠴᠢᠳᠠᠪᠤᠷᠢ ᠪᠠᠷ ᠢᠶᠠᠨ ᠠᠵᠢᠯᠴᠢᠨ | ᠠᠩᠭᠢ ᠶᠢᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠪᠦᠯᠬᠦᠮᠳᠡᠨ ᠲᠡᠮᠡᠴᠡᠬᠦ ᠪᠠᠷ ᠳᠠᠮᠵᠢᠨ ᠠᠵᠢᠯᠴᠢᠨ | ᠠᠩᠭᠢ ᠶᠢᠨ ᠡᠷᠬᠢᠮ ᠳᠡᠭᠡᠳᠦ ᠵᠠᠩ ᠴᠢᠨᠠᠷ ᠢ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ | ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ | ᠂ ᠨᠠᠮ ᠤᠨ ᠦᠢᠯᠡᠰ ᠲᠤ ᠦᠨᠡᠨᠴᠢ ᠰᠢᠳᠤᠷᠭᠤ ᠪᠠᠶᠢᠵᠤ᠂ ᠠᠵᠢᠯᠲᠠᠨ ᠠᠵᠢᠯᠴᠢᠨ ᠳᠤ ᠴᠢᠩ ᠦᠨᠡᠨᠴᠢ ᠪᠠᠷ ᠦᠢᠯᠡᠴᠢᠯᠡᠵᠦ᠂ | ᠵᠥᠪ ᠤᠯᠤᠰ ᠲᠥᠷᠥ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠪᠦᠯᠬᠦᠮᠳᠡᠨ ᠲᠡᠮᠡᠴᠡᠬᠦ ᠠᠤᠭ᠎ᠠ ᠬᠦᠴᠦᠨ ᠢ ᠥᠷᠭᠡᠨ ᠢᠶᠠᠷ | ᠨᠢᠭᠲᠠᠷᠠᠭᠤᠯᠵᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠠᠮ ᠤᠨ | ᠠᠵᠢᠯᠴᠢᠨ ᠤ ᠬᠥᠳᠡᠯᠭᠡᠭᠡᠨ ᠤ ᠦᠢᠯᠡᠰ ᠤᠨ ᠴᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ | ᠠ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ ᠬᠤᠸᠠ᠂ ᠤᠷᠢᠳ ᠬᠤᠵᠢᠳ ᠠᠷᠠᠳ ᠤᠨ | ᠪᠦᠯᠭᠦᠮ ᠪᠣᠯᠣᠨ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠡᠮᠦᠨ᠎ᠡ ᠠᠴᠠ ᠶᠡᠭᠡ ᠬᠤᠷᠠᠯ ᠳᠤ | ᠪᠠᠶᠠᠷ ᠤᠨ ᠦᠭᠡ ᠬᠡᠯᠡᠵᠡᠢ᠃ | ᠸᠠᠩ ᠳ᠋ᠦᠩ ᠮᠢᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ | ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠡᠮᠦᠨ᠎ᠡ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠲᠦᠭ ᠲᠦᠮᠡᠨ | ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︾ ᠭᠡᠬᠦ ᠰᠡᠳᠦᠪ ᠢᠶᠠᠷ ᠮᠡᠳᠡᠭᠦᠯᠦᠯᠲᠡ | ᠬᠢᠪᠡ᠃ ᠮᠡᠳᠡᠭᠦᠯᠦᠯᠲᠡ ᠨᠢ 3 ᠬᠡᠰᠡᠭ ᠢᠶᠠᠷ ᠪᠦᠷᠢᠯᠳᠦᠵᠡᠢ᠄ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠠᠵᠢᠯᠴᠢᠨ ᠤ | ᠬᠥᠳᠡᠯᠭᠡᠭᠡᠨ ᠤ ᠦᠢᠯᠡᠰ ᠤᠨ ᠬᠥᠭᠵᠢᠯᠲᠡ ᠪᠣᠯᠣᠨ ᠥᠩᠭᠡᠷᠡᠭᠰᠡᠨ ᠲᠠᠪᠤᠨ ᠵᠢᠯ ᠤᠨ ᠠᠵᠢᠯ︔ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠵᠢᠯᠴᠢᠨ ᠤ | ᠡᠪᠯᠡᠯ ᠤᠨ ᠠᠵᠢᠯ ᠢ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠬᠤ︔ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ | ᠵᠡᠷᠭᠡ ᠪᠣᠯᠣᠨ᠎ᠠ᠃ | ᠶᠡᠭᠡ ᠬᠤᠷᠠᠯ ᠠᠴᠠ ᠪᠢᠴᠢᠭ ᠤᠨ ᠭᠡᠯᠪᠡᠷᠢ ᠪᠠᠷ ᠲᠥᠯᠥᠭᠡᠯᠡᠭᠴᠢᠳ ᠲᠤ ︽ᠳᠤᠮᠳᠠᠳᠤ ᠤᠯᠤᠰ ᠤᠨ ᠠᠵᠢᠯᠴᠢᠨ ᠤ | ᠡᠪᠯᠡᠯ ᠤᠨ ᠳᠦᠷᠢᠮ ︵ᠵᠠᠰᠠᠪᠤᠷᠢ ᠣᠷᠣᠭᠤᠯᠬᠤ ᠲᠥᠰᠥᠯ︶︾᠂ ︽ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠡᠳ᠋ ᠤᠨ ᠶᠠᠪᠤᠳᠠᠯ ᠤᠨ | ᠠᠵᠢᠯ ᠤᠨ ᠮᠡᠳᠡᠭᠦᠯᠦᠯᠲᠡ︾᠂ ︽ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ | ᠳᠣᠯᠣᠳᠤᠭᠠᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠮᠡᠳᠡᠭᠦᠯᠦᠯᠲᠡ︾ ᠶᠢ | ᠳᠡᠪᠰᠢᠭᠦᠯᠵᠦ᠂ ᠲᠥᠯᠥᠭᠡᠯᠡᠭᠴᠢᠳ ᠢᠶᠠᠷ ᠬᠢᠨᠠᠨ ᠵᠥᠪᠯᠡᠭᠦᠯᠦᠨ᠎ᠡ᠃ | ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ | ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ | ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ | ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠰᠢᠶᠠᠩᠭᠠᠩ᠂ | ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠵᠢᠯᠴᠢᠨ ᠤ ᠡᠪᠯᠡᠯ ᠤᠨ ᠡᠲᠡᠭᠡᠳ ᠤᠨ ᠨᠠᠶᠢᠵᠠ ᠨᠠᠷ᠂ ᠨᠡᠶᠢᠰᠯᠡᠯ ᠤᠨ | ᠡᠯ᠎ᠡ ᠡᠲᠡᠭᠡᠳ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠨᠠᠷ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃ |