ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ︽ᠦᠵᠡᠯ ᠰᠠᠨᠠᠭ᠎ᠠ ᠶᠢ ᠰᠤᠷᠤᠯᠴᠠᠨ᠂ ᠰᠢᠨ᠎ᠡ ᠭᠠᠪᠢᠶ᠎ᠠ ᠪᠠᠶᠢᠭᠤᠯᠵᠤ᠂ ᠪᠦᠯᠬᠦᠮᠳᠡᠯ ᠢ ᠠᠬᠢᠭᠤᠯᠤᠨ᠂ ᠬᠠᠮᠲᠤ ᠪᠠᠷ ᠡᠷᠡᠯᠬᠡᠭᠯᠡᠨ ᠤᠷᠤᠭᠰᠢᠯᠠᠬᠤ︾ 10 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/13
      ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠲᠥᠯᠥᠭᠡ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠮᠠᠨ ᠤ ᠨᠠᠮ ᠤᠨ ᠬᠤᠷᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠪᠦᠲᠦᠭᠡᠯᠴᠢ ᠬᠦᠴᠦᠨ ᠪᠣᠯᠤᠨ ᠲᠠᠶᠢᠴᠢᠨ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶᠠᠨ ᠤ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠥᠯᠥᠪᠯᠡᠭᠡ ᠶᠣᠰᠣᠭᠠᠷ᠂ 10 ᠰᠠᠷ᠎ᠠ ᠶᠢᠨ 12᠎ ᠤᠨ ᠡᠳᠦᠷ᠂ ᠰᠢᠩ ᠡᡁᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠡ ︽ᠦᠵᠡᠯ ᠰᠠᠨᠠᠭ᠎ᠠ ᠶᠢ ᠰᠤᠷᠤᠯᠴᠠᠬᠤ᠂ ᠰᠢᠨ᠎ᠡ ᠭᠠᠪᠢᠶ᠎ᠠ ᠪᠠᠶᠢᠭᠤᠯᠬᠤ᠂ ᠪᠦᠯᠬᠦᠮᠳᠡᠯ ᠢ ᠠᠬᠢᠭᠤᠯᠬᠤ᠂ ᠬᠠᠮᠲᠤᠪᠠᠷ ᠡᠷᠡᠯᠬᠡᠭᠯᠡᠨ ᠤᠷᠤᠭᠰᠢᠯᠠᠬᠤ ︾ 10 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃      ᠠᠵᠢᠯᠯᠠᠭ᠎ᠠ ᠨᠢ ᠡᠩ ᠲᠡᠷᠢᠭᠦᠨ ᠳᠤ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠰᠠᠨᠠᠭᠠᠯᠵᠠᠵᠤ᠂ ᠳᠠᠷᠠᠭ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ︽᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾ ᠵᠡᠷᠭᠡ ᠠᠭᠤᠯᠭ᠎ᠠ ᠶᠢ ᠰᠤᠷᠤᠯᠴᠠᠵᠠᠢ᠃ ᠬᠤᠷᠠᠯ ᠳᠤ ᠣᠷᠣᠯᠴᠠᠭᠰᠠᠳ ᠲᠤᠰ ᠤᠳᠠᠭᠠᠨ ᠤ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠰᠤᠷᠤᠯᠴᠠᠯᠭ᠎ᠠ ᠪᠣᠯᠤᠨ ᠠᠵᠢᠯ ᠲᠠᠢ ᠪᠠᠨ ᠤᠶᠠᠯᠳᠤᠭᠤᠯᠤᠨ ᠰᠣᠯᠢᠯᠴᠠᠭ᠎ᠠ ᠬᠢᠵᠦ᠂ ᠲᠥᠷᠥᠭᠳᠡᠯ ᠢᠶᠠᠨ ᠶᠠᠷᠢᠵᠤ᠂ ᠵᠥᠷᠢᠶ᠎ᠡ ᠪᠠᠨ ᠡᠷᠢᠵᠦ᠂ ᠬᠦᠴᠦᠷᠬᠡᠭ ᠪᠠᠭᠤᠷᠠᠶ ᠵᠦᠢᠯ ᠢᠶᠠᠨ ᠪᠠᠭᠤᠷᠠᠭᠤᠯᠤᠨ᠂ ᠳᠡᠭᠡᠭᠰᠢᠯᠡᠯᠲᠡ ᠪᠠᠨ ᠠᠬᠢᠭᠤᠯᠵᠤ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠠᠵᠢᠯ ᠤᠨ ᠰᠤᠷᠲᠠᠯ᠂ ᠦᠨᠡᠨ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠴᠤᠭ ᠰᠦᠯᠳᠡ ᠪᠣᠯᠤᠨ ᠰᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠡᠯᠬᠡᠭᠯᠡᠨ ᠤᠷᠤᠭᠰᠢᠯᠠᠬᠤ ᠠᠵᠢᠯ ᠤᠨ ᠡᠷᠴᠢ ᠵᠣᠷᠢᠭ ᠢ ᠪᠠᠳᠠᠷᠠᠭᠤᠯᠤᠨ᠂ ᠲᠤᠬᠠᠶᠢᠯᠠᠭᠰᠠᠨ ᠠᠵᠢᠯ ᠤᠨ ᠦᠯᠢᠭᠡᠷ ᠵᠢᠱᠢᠶ᠎ᠡ ᠦᠵᠡᠭᠦᠯᠦᠨ ᠳᠠᠭᠠᠭᠤᠯᠬᠤ ᠳᠤ ᠰᠠᠭᠤᠷᠢᠯᠠᠨ᠂ ᠠᠵᠢᠯ ᠦᠢᠯᠡᠰ ᠤᠨ ᠬᠥᠭᠵᠢᠯᠲᠡ ᠳᠤ ᠰᠠᠭᠤᠷᠢᠯᠠᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠳᠠᠬᠢᠨ ᠰᠢᠨ᠎ᠡ ᠭᠠᠪᠢᠶ᠎ᠠ ᠪᠠᠶᠢᠭᠤᠯᠤᠨ᠎ᠠ ᠭᠡᠵᠦ ᠢᠯᠡᠷᠬᠡᠶᠢᠯᠡᠵᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠨᠢᠭᠡᠪᠦᠷᠢ ᠤᠨᠤᠯ ᠤᠨ ᠰᠤᠷᠤᠯᠴᠠᠯᠭ᠎ᠠ ᠶᠢᠨ ᠲᠠᠯ᠎ᠠ ᠪᠠᠷ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠤᠯᠵᠤ᠂ ᠤᠷᠢᠳᠠᠪᠠᠷ ᠨᠢᠭᠡ ᠠᠯᠬᠤᠮ ᠰᠤᠷᠤᠯᠴᠠᠵᠤ᠂ ᠨᠢᠭᠡ ᠳᠠᠪᠬᠤᠷᠭ᠎ᠠ ᠭᠦᠨᠵᠡᠭᠡᠢ ᠰᠤᠷᠤᠯᠴᠠᠵᠤ᠂ ᠢᠯᠡᠭᠦᠦ ᠨᠢᠭᠡ ᠬᠤᠪᠢ ᠰᠤᠷᠤᠯᠴᠠᠵᠤ ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠳᠤᠮᠳᠠ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ ᠤᠨᠤᠯ ᠤᠨ ᠪᠣᠯᠪᠠᠰᠤᠷᠠᠯ ᠪᠠ ᠤᠯᠤᠰ ᠲᠦᠷᠦ ᠶᠢᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠬᠤᠶᠠᠷ ᠲᠤ᠂ ᠪᠦᠬᠦ ᠨᠠᠮ ᠤᠨ ᠭᠡᠰᠢᠭᠦᠨ ᠺᠠᠳ᠋ᠷ ᠤᠬᠠᠮᠰᠠᠷ ᠠᠴᠠ ᠪᠠᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠦᠭᠰᠢᠭᠦᠷᠢᠲᠦ ᠰᠡᠳᠬᠢᠯᠭᠡ ᠪᠠᠨ ᠴᠢᠩᠭᠠᠳᠬᠠᠵᠤ᠂ ᠦᠷᠭᠦᠯᠵᠢ ᠠᠴᠢ ᠬᠠᠷᠢᠭᠤᠯᠠᠬᠤ ᠰᠡᠳᠬᠢᠯᠭᠡ ᠶᠢ ᠡᠪᠦᠷᠯᠡᠵᠦ᠂ ᠠᠵᠢᠯ ᠤᠨ ᠪᠠᠶᠢᠷᠢ ᠪᠠᠨ ᠨᠠᠨᠳᠢᠩᠨᠠᠵᠤ᠂ ᠴᠢᠷᠮᠠᠶᠢᠨ ᠠᠵᠢᠯᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠦ᠂ ᠰᠤᠷᠤᠯᠴᠠᠬᠤ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠭᠤᠷᠪᠠ ᠳᠤ᠂ ᠪᠤᠶ ᠪᠦᠬᠦᠢ ᠠᠵᠢᠯᠲᠠᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠤᠨ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠬᠦ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠰᠢᠶᠠᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3