ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶ | ᠥᠷᠨᠢᠭᠦᠯᠬᠦ ᠶᠢᠨ ᠲᠥᠯᠥᠭᠡ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ | ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ | ᠮᠠᠨ ᠤ ᠨᠠᠮ ᠤᠨ ᠬᠤᠷᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠪᠦᠲᠦᠭᠡᠯᠴᠢ | ᠬᠦᠴᠦᠨ ᠪᠣᠯᠤᠨ ᠲᠠᠶᠢᠴᠢᠨ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ | ᠬᠤᠷᠢᠶᠠᠨ ᠤ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠥᠯᠥᠪᠯᠡᠭᠡ ᠶᠣᠰᠣᠭᠠᠷ᠂ 10 ᠰᠠᠷ᠎ᠠ ᠶᠢᠨ | 12 ᠤᠨ ᠡᠳᠦᠷ᠂ ᠰᠢᠩ ᠡᡁᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠡ ︽ᠦᠵᠡᠯ ᠰᠠᠨᠠᠭ᠎ᠠ ᠶᠢ | ᠰᠤᠷᠤᠯᠴᠠᠬᠤ᠂ ᠰᠢᠨ᠎ᠡ ᠭᠠᠪᠢᠶ᠎ᠠ ᠪᠠᠶᠢᠭᠤᠯᠬᠤ᠂ ᠪᠦᠯᠬᠦᠮᠳᠡᠯ ᠢ ᠠᠬᠢᠭᠤᠯᠬᠤ᠂ ᠬᠠᠮᠲᠤᠪᠠᠷ ᠡᠷᠡᠯᠬᠡᠭᠯᠡᠨ ᠤᠷᠤᠭᠰᠢᠯᠠᠬᠤ | ︾ 10 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃ | | ᠠᠵᠢᠯᠯᠠᠭ᠎ᠠ ᠨᠢ ᠡᠩ ᠲᠡᠷᠢᠭᠦᠨ ᠳᠤ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠰᠠᠨᠠᠭᠠᠯᠵᠠᠵᠤ᠂ | ᠳᠠᠷᠠᠭ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ︽ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾ ᠵᠡᠷᠭᠡ | ᠠᠭᠤᠯᠭ᠎ᠠ ᠶᠢ ᠰᠤᠷᠤᠯᠴᠠᠵᠠᠢ᠃ ᠬᠤᠷᠠᠯ ᠳᠤ ᠣᠷᠣᠯᠴᠠᠭᠰᠠᠳ ᠲᠤᠰ ᠤᠳᠠᠭᠠᠨ ᠤ ᠠᠵᠢᠯᠯᠠᠭ᠎ᠠ ᠶᠢᠨ ᠭᠤᠣᠯ | ᠰᠡᠳᠦᠪ ᠤᠨ ᠲᠣᠭᠤᠷᠢᠨ ᠳᠤ ᠰᠤᠷᠤᠯᠴᠠᠯᠭ᠎ᠠ ᠪᠣᠯᠤᠨ ᠠᠵᠢᠯ ᠲᠠᠢ ᠪᠠᠨ ᠤᠶᠠᠯᠳᠤᠭᠤᠯᠤᠨ ᠰᠣᠯᠢᠯᠴᠠᠭ᠎ᠠ ᠬᠢᠵᠦ᠂ | ᠲᠥᠷᠥᠭᠳᠡᠯ ᠢᠶᠠᠨ ᠶᠠᠷᠢᠵᠤ᠂ ᠵᠥᠷᠢᠶ᠎ᠡ ᠪᠠᠨ ᠡᠷᠢᠵᠦ᠂ ᠬᠦᠴᠦᠷᠬᠡᠭ ᠪᠠᠭᠤᠷᠠᠶ ᠵᠦᠢᠯ ᠢᠶᠠᠨ ᠪᠠᠭᠤᠷᠠᠭᠤᠯᠤᠨ᠂ | ᠳᠡᠭᠡᠭᠰᠢᠯᠡᠯᠲᠡ ᠪᠠᠨ ᠠᠬᠢᠭᠤᠯᠵᠤ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠠᠵᠢᠯ ᠤᠨ ᠰᠤᠷᠲᠠᠯ᠂ | ᠦᠨᠡᠨ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠴᠤᠭ ᠰᠦᠯᠳᠡ ᠪᠣᠯᠤᠨ ᠰᠢᠷᠭᠠᠭᠤ ᠬᠠᠲᠠᠭᠤᠵᠢᠯᠲᠠᠶ | ᠠᠵᠢᠯᠯᠠᠵᠤ᠂ ᠡᠷᠡᠯᠬᠡᠭᠯᠡᠨ ᠤᠷᠤᠭᠰᠢᠯᠠᠬᠤ ᠠᠵᠢᠯ ᠤᠨ ᠡᠷᠴᠢ ᠵᠣᠷᠢᠭ ᠢ ᠪᠠᠳᠠᠷᠠᠭᠤᠯᠤᠨ᠂ ᠲᠤᠬᠠᠶᠢᠯᠠᠭᠰᠠᠨ ᠠᠵᠢᠯ ᠤᠨ | ᠦᠯᠢᠭᠡᠷ ᠵᠢᠱᠢᠶ᠎ᠡ ᠦᠵᠡᠭᠦᠯᠦᠨ ᠳᠠᠭᠠᠭᠤᠯᠬᠤ ᠳᠤ ᠰᠠᠭᠤᠷᠢᠯᠠᠨ᠂ ᠠᠵᠢᠯ ᠦᠢᠯᠡᠰ ᠤᠨ ᠬᠥᠭᠵᠢᠯᠲᠡ ᠳᠤ ᠰᠠᠭᠤᠷᠢᠯᠠᠨ | ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠳᠠᠬᠢᠨ ᠰᠢᠨ᠎ᠡ ᠭᠠᠪᠢᠶ᠎ᠠ ᠪᠠᠶᠢᠭᠤᠯᠤᠨ᠎ᠠ ᠭᠡᠵᠦ | ᠢᠯᠡᠷᠬᠡᠶᠢᠯᠡᠵᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠨᠢᠭᠡᠪᠦᠷᠢ | ᠤᠨᠤᠯ ᠤᠨ ᠰᠤᠷᠤᠯᠴᠠᠯᠭ᠎ᠠ ᠶᠢᠨ ᠲᠠᠯ᠎ᠠ ᠪᠠᠷ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠤᠯᠵᠤ᠂ ᠤᠷᠢᠳᠠᠪᠠᠷ | ᠨᠢᠭᠡ ᠠᠯᠬᠤᠮ ᠰᠤᠷᠤᠯᠴᠠᠵᠤ᠂ ᠨᠢᠭᠡ ᠳᠠᠪᠬᠤᠷᠭ᠎ᠠ ᠭᠦᠨᠵᠡᠭᠡᠢ ᠰᠤᠷᠤᠯᠴᠠᠵᠤ᠂ ᠢᠯᠡᠭᠦᠦ ᠨᠢᠭᠡ ᠬᠤᠪᠢ ᠰᠤᠷᠤᠯᠴᠠᠵᠤ | ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠳᠤᠮᠳᠠ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ | ᠤᠨᠤᠯ ᠤᠨ ᠪᠣᠯᠪᠠᠰᠤᠷᠠᠯ ᠪᠠ ᠤᠯᠤᠰ ᠲᠦᠷᠦ ᠶᠢᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | ᠃ ᠬᠤᠶᠠᠷ ᠲᠤ᠂ ᠪᠦᠬᠦ ᠨᠠᠮ ᠤᠨ ᠭᠡᠰᠢᠭᠦᠨ ᠺᠠᠳ᠋ᠷ ᠤᠬᠠᠮᠰᠠᠷ ᠠᠴᠠ ᠪᠠᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ ᠪᠣᠯᠤᠨ ᠲᠦᠭᠰᠢᠭᠦᠷᠢᠲᠦ ᠰᠡᠳᠬᠢᠯᠭᠡ ᠪᠠᠨ ᠴᠢᠩᠭᠠᠳᠬᠠᠵᠤ᠂ ᠦᠷᠭᠦᠯᠵᠢ ᠠᠴᠢ ᠬᠠᠷᠢᠭᠤᠯᠠᠬᠤ | ᠰᠡᠳᠬᠢᠯᠭᠡ ᠶᠢ ᠡᠪᠦᠷᠯᠡᠵᠦ᠂ ᠠᠵᠢᠯ ᠤᠨ ᠪᠠᠶᠢᠷᠢ ᠪᠠᠨ ᠨᠠᠨᠳᠢᠩᠨᠠᠵᠤ᠂ ᠴᠢᠷᠮᠠᠶᠢᠨ ᠠᠵᠢᠯᠯᠠᠵᠤ᠂ ᠡᠷᠴᠢ ᠵᠣᠷᠢᠭ ᠢᠶᠠᠨ | ᠬᠥᠪᠴᠢᠯᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠦ᠂ ᠰᠤᠷᠤᠯᠴᠠᠬᠤ ᠰᠠᠨᠠᠭᠠᠴᠢᠯᠠᠭᠠᠲᠤ ᠴᠢᠨᠠᠷ ᠢᠶᠠᠨ | ᠴᠢᠩᠭᠠᠳᠬᠠᠵᠤ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | ᠃ ᠭᠤᠷᠪᠠ ᠳᠤ᠂ ᠪᠤᠶ ᠪᠦᠬᠦᠢ ᠠᠵᠢᠯᠲᠠᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠷᠮᠠᠶᠢᠨ | ᠳᠡᠭᠡᠭᠰᠢᠯᠡᠭᠦᠯᠵᠦ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠤᠨ ᠬᠥᠭᠵᠢᠯᠲᠡ ᠶᠢ | ᠠᠬᠢᠭᠤᠯᠬᠤ ᠶᠢᠨ ᠲᠣᠭᠤᠷᠢᠨ ᠳᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ | ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠦᠨᠡᠨᠬᠦ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ | ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠮᠠᠨ ᠤ ᠰᠢᠶᠠᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |