10 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠰᠢᠩ ᠾᠧ ᠰᠢᠶᠠᠨ ᠤ ᠬᠥᠯ ᠪᠥᠮᠪᠦᠭᠡ ᠶᠢᠨ | ᠨᠡᠶᠢᠭᠡᠮᠯᠢᠭ ᠤᠨ ᠵᠥᠪᠯᠡᠯ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠤᠶᠠᠳᠤᠭᠠᠷ | ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ | | | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠵᠢᠶ ᠰᠢᠶᠤᠤ ᠬᠤᠶ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ᠂ | ᠤᠯᠠᠭᠠᠨᠴᠠᠪ ᠬᠤᠲᠠ ᠶᠢᠨ ᠬᠥᠯ ᠪᠥᠮᠪᠦᠭᠡ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠯᠢᠦ ᡁᠢ ᠮᠢᠨ᠂ ᠵᠣᠣ ᠭᠦᠸᠧ | ᠰᠢᠩ ᠬᠤᠷᠠᠯ ᠳᠤ ᠣᠷᠣᠯᠴᠠᠪᠠ᠃ | ᠬᠤᠷᠠᠯ ᠠᠴᠠ ︽ᠰᠢᠩ ᠡᡁᠧ ᠰᠢᠶᠠᠨ ᠤ ᠬᠦᠯ ᠪᠥᠮᠪᠦᠭᠡ ᠶᠢᠨ ᠨᠡᠶᠢᠭᠡᠮᠯᠢᠭ ᠤᠨ ᠤᠳᠤᠷᠢᠳᠬᠤ | ᠪᠠᠶᠢᠭᠤᠯᠤᠮᠵᠢ ᠶᠢᠨ ᠰᠣᠩᠭᠤᠭᠤᠯᠢ ᠶᠢᠨ ᠠᠷᠭ᠎ᠠ︾ ᠶᠢ ᠤᠩᠰᠢᠨ ᠨᠡᠶᠢᠲᠡᠯᠡᠵᠦ᠂ ᠰᠢᠩ ᠡᡁᠧ ᠰᠢᠶᠠᠨ ᠤ ᠬᠦᠯ | ᠪᠥᠮᠪᠦᠭᠡ ᠶᠢᠨ ᠨᠡᠶᠢᠭᠡᠮᠯᠢᠭ ᠤᠨ ᠲᠦᠷᠢᠮ ︵ᠲᠥᠰᠦᠯ︶ ᠢ ᠪᠠᠲᠤᠯᠠᠵᠤ᠂ ᠭᠤᠷᠪᠠᠳᠤᠭᠠᠷ ᠬᠤᠭᠤᠴᠠᠭᠠᠨ ᠤ ᠰᠢᠩ | ᠡᡁᠧ ᠰᠢᠶᠠᠨ ᠤ ᠬᠦᠯ ᠪᠥᠮᠪᠦᠭᠡ ᠶᠢᠨ ᠨᠡᠶᠢᠭᠡᠮᠯᠢᠭ ᠤᠨ ᠤᠳᠤᠷᠢᠳᠬᠤ ᠪᠠᠶᠢᠭᠤᠯᠤᠮᠵᠢ ᠪᠣᠯᠤᠨ ᠬᠡᠷᠡᠭ ᠡᠷᠬᠢᠯᠡᠬᠦ | ᠪᠠᠶᠢᠭᠤᠯᠤᠮᠵᠢ ᠶᠢ ᠰᠣᠩᠭᠤᠨ ᠭᠠᠷᠭᠠᠪᠠ᠃ | ᠵᠣᠣ ᠬᠤᠶ ᠵᠢᠤᠢ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠬᠤᠭᠤᠴᠠᠭᠠᠨ ᠤ ᠬᠥᠯ ᠪᠥᠮᠪᠦᠭᠡ ᠶᠢᠨ | ᠨᠡᠶᠢᠭᠡᠮᠯᠢᠭ ᠤᠨ ᠵᠥᠪᠯᠡᠯ ᠤᠨ ᠬᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ | ᠬᠠᠷᠢᠭᠤᠴᠠᠯᠭ᠎ᠠ ᠪᠠᠨ ᠴᠢᠩᠭᠠᠳᠬᠠᠨ᠂ ᠨᠡᠶᠢᠭᠡᠮᠯᠢᠭ ᠤᠨ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠶ᠃ | ᠬᠠᠮᠢᠶᠠᠷᠤᠯᠲᠠ ᠪᠠᠨ ᠴᠢᠩᠭᠠᠳᠬᠠᠨ᠂ ᠲᠣᠭᠲᠠᠴᠠ ᠪᠠᠨ ᠲᠡᠭᠦᠯᠳᠡᠷᠵᠢᠭᠦᠯᠵᠦ᠂ ᠨᠡᠶᠢᠭᠡᠮᠯᠢᠭ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠳᠡᠮᠵᠢᠯᠭᠡ ᠤᠯᠬᠤ᠂ ᠤᠯᠠᠨ | ᠲᠦᠮᠡᠨ ᠲᠠᠢ ᠬᠠᠷᠢᠯᠴᠠᠬᠤ ᠪᠠᠷ ᠳᠠᠮᠵᠢᠭᠤᠯᠤᠨ᠂ ᠨᠡᠶᠢᠭᠡᠮᠯᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠦᠨ᠎ᠡ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |