ᠰᠢᠩ ᠾᠧ ᠰᠢᠶᠠᠨ ᠤ ᠬᠦᠯ ᠪᠥᠮᠪᠦᠭᠡ ᠶᠢᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠶᠡᠭᠡ ᠬᠤᠷᠠᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/10/16
      10 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠰᠢᠩ ᠾᠧ ᠰᠢᠶᠠᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠵᠥᠪᠯᠡᠯ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃
     ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶ ᠰᠢᠶᠤᠤ ᠬᠤᠶ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ᠂ ᠤᠯᠠᠭᠠᠨᠴᠠᠪ ᠬᠤᠲᠠ ᠶᠢᠨ ᠬᠥᠯ ᠪᠥᠮᠪᠦᠭᠡ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠯᠢᠦ ᡁᠢ ᠮᠢᠨ᠂ ᠵᠣᠣ ᠭᠦᠸᠧ ᠰᠢᠩ ᠬᠤᠷᠠᠯ ᠳᠤ ᠣᠷᠣᠯᠴᠠᠪᠠ᠃      ᠬᠤᠷᠠᠯ ᠠᠴᠠ ︽ᠰᠢᠩ ᠡᡁᠧ ᠰᠢᠶᠠᠨ ᠤ ᠬᠦᠯ ᠪᠥᠮᠪᠦᠭᠡ ᠶᠢᠨ ᠨᠡᠶᠢᠭᠡᠮᠯᠢᠭ ᠤᠨ ᠤᠳᠤᠷᠢᠳᠬᠤ ᠪᠠᠶᠢᠭᠤᠯᠤᠮᠵᠢ ᠶᠢᠨ ᠰᠣᠩᠭᠤᠭᠤᠯᠢ ᠶᠢᠨ ᠠᠷᠭ᠎ᠠ︾ ᠶᠢ ᠤᠩᠰᠢᠨ ᠨᠡᠶᠢᠲᠡᠯᠡᠵᠦ᠂ ᠰᠢᠩ ᠡᡁᠧ ᠰᠢᠶᠠᠨ ᠤ ᠬᠦᠯ ᠪᠥᠮᠪᠦᠭᠡ ᠶᠢᠨ ᠨᠡᠶᠢᠭᠡᠮᠯᠢᠭ ᠤᠨ ᠲᠦᠷᠢᠮ ︵ᠲᠥᠰᠦᠯ︶ ᠢ ᠪᠠᠲᠤᠯᠠᠵᠤ᠂ ᠭᠤᠷᠪᠠᠳᠤᠭᠠᠷ ᠬᠤᠭᠤᠴᠠᠭᠠᠨ ᠤ ᠰᠢᠩ ᠡᡁᠧ ᠰᠢᠶᠠᠨ ᠤ ᠬᠦᠯ ᠪᠥᠮᠪᠦᠭᠡ ᠶᠢᠨ ᠨᠡᠶᠢᠭᠡᠮᠯᠢᠭ ᠤᠨ ᠤᠳᠤᠷᠢᠳᠬᠤ ᠪᠠᠶᠢᠭᠤᠯᠤᠮᠵᠢ ᠪᠣᠯᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠰᠣᠩᠭᠤᠨ ᠭᠠᠷᠭᠠᠪᠠ᠃      ᠵᠣᠣ ᠬᠤᠶ ᠵᠢᠤᠢ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠬᠤᠭᠤᠴᠠᠭᠠᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠵᠥᠪᠯᠡᠯ ᠤᠨ ᠬᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠨᠡᠶᠢᠭᠡᠮᠯᠢᠭ ᠤᠨ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠶ᠃ ᠬᠠᠮᠢᠶᠠᠷᠤᠯᠲᠠ ᠪᠠᠨ ᠴᠢᠩᠭᠠᠳᠬᠠᠨ᠂ ᠲᠣᠭᠲᠠᠴᠠ ᠪᠠᠨ ᠲᠡᠭᠦᠯᠳᠡᠷᠵᠢᠭᠦᠯᠵᠦ᠂ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠳᠡᠮᠵᠢᠯᠭᠡ ᠤᠯᠬᠤ᠂ ᠤᠯᠠᠨ ᠲᠦᠮᠡᠨ ᠲᠠᠢ ᠬᠠᠷᠢᠯᠴᠠᠬᠤ ᠪᠠᠷ ᠳᠠᠮᠵᠢᠭᠤᠯᠤᠨ᠂ ᠨᠡᠶᠢᠭᠡᠮᠯᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3