ᠰᠢᠩ ᠾᠧ ᠰᠢᠶᠠᠨ᠄ ᠡᠩ ᠤᠨ ᠦᠨ᠎ᠡ ᠪᠠᠷ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠡᠷᠦᠬᠡ ᠳᠤ ᠲᠠᠷᠬᠠᠭᠠᠵᠤ᠂ ᠣᠯᠠᠨ ᠲᠦᠮᠡᠨ ᠤ ︽ᠨᠡᠭᠦᠷᠡᠰᠦ︾ ᠰᠢᠲᠠᠭᠠᠬᠤ ᠪᠠᠴᠢᠮ ᠪᠠᠶᠢᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/10/16
      ᠡᠪᠦᠯ ᠤᠨ ᠤᠯᠠᠷᠢᠯ ᠤᠨ ᠳᠤᠯᠠᠭᠠᠯᠠᠭ᠎ᠠ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠢᠩ ᠾᠧ ᠰᠢᠶᠠᠨ ᠤ ᠬᠢᠨ ᠡᠩ ᠤᠨ ᠦᠨ᠎ᠡ ᠶᠢᠨ ᠨᠡᠭᠦᠷᠡᠰᠦ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠢᠳᠡᠪᠬᠢᠲᠡᠶ ᠵᠣᠬᠢᠴᠠᠭᠤᠯᠵᠤ᠂ ᠰᠢᠲᠠᠭᠠᠯᠭ᠎ᠠ ᠶᠢᠨ ᠨᠡᠭᠦᠷᠡᠰᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠡᠯ᠎ᠡ ᠰᠢᠶᠠᠩ ᠪᠠᠯᠭᠠᠰᠤᠨ ᠳᠤ ᠡᠩ ᠤᠨ ᠦᠨ᠎ᠡ ᠶᠢᠨ ︽ᠵᠢᠷᠦᠬᠡ ᠳᠤᠯᠠᠭᠠᠯᠠᠬᠤ ᠨᠡᠭᠦᠷᠡᠰᠦ︾ ᠬᠠᠩᠭᠠᠭᠰᠠᠨ ᠪᠠᠶᠢᠨ᠎ᠠ᠃
     ᠰᠢᠩ ᠡᡁᠧ ᠰᠢᠶᠠᠨ ᠤ  ᠡᠷᠳᠡᠨᠢ ᠪᠠᠯᠭᠠᠰᠤ ᠶᠢᠨ ᠳ᠋ᠢᠶᠠᠨᠽᠢ ᠲᠣᠰᠬᠤᠨ ᠤ ᠠᠷᠠᠳ ᠤᠨ ᠵᠥᠪᠯᠡᠯ ᠤᠨ ᠳᠧᠦ ᠳ᠋ᠤᠤ ᠶᠢᠨ ᠤᠪᠤᠤ ᠲᠣᠰᠬᠤᠨ ᠳᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠭᠡᠬᠦ ᠬᠥᠨᠳᠡᠯᠡᠨ ᠪᠢᠴᠢᠭᠡᠰᠦ ᠲᠠᠢ ᠤᠯᠠᠭᠠᠨ ᠦᠩᠭᠡ ᠲᠠᠢ ᠨᠡᠭᠦᠷᠡᠰᠦ ᠲᠡᠭᠡᠭᠡᠬᠦ ᠲᠡᠷᠭᠡ ᠨᠦᠭᠦᠳ ᠢ ᠵᠠᠯᠭᠠᠪᠡᠷ ᠨᠡᠭᠦᠷᠡᠰᠦ ᠪᠠᠭᠤᠯᠭᠠᠬᠤ ᠭᠠᠵᠠᠷ ᠲᠤ ᠬᠦᠷᠭᠡᠪᠡ᠃ ᠠᠴᠢᠶᠠᠯᠠᠪᠤᠷᠢ ᠶᠢᠨ ᠨᠢᠰᠬᠡᠯ ᠤᠨ ᠬᠦᠩᠭᠢᠨᠡᠮ᠎ᠡ ᠲᠠᠭᠤᠨ ᠢ ᠳᠠᠭᠠᠯᠳᠤᠨ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠤ ᠨᠢᠭᠡᠳᠦᠯᠲᠡᠶ ᠵᠣᠬᠢᠶᠠᠨ ᠪᠠᠶᠢᠭᠤᠯᠤᠯᠲᠠ ᠶᠢᠨ ᠳᠣᠣᠷ᠎ᠠ᠂ ᠲᠦᠯᠡᠰᠢᠨ ᠨᠡᠭᠦᠷᠡᠰᠦ ᠶᠢ ᠡᠮᠬᠢ ᠵᠢᠷᠤᠮ ᠲᠠᠢ ᠪᠠᠷ ᠢᠯᠭᠠᠵᠤ᠂ ᠵᠢᠩᠯᠡᠬᠦ ᠶᠢᠨ ᠬᠠᠮᠲᠤ ᠨᠡᠭᠦᠷᠡᠰᠦ ᠬᠤᠳᠠᠯᠳᠤᠨ ᠠᠪᠬᠤ ᠪᠠᠷ ᠢᠷᠡᠭᠰᠡᠨ ᠭᠠᠴᠠᠭᠠᠨ ᠤ ᠠᠷᠠᠳ ᠲᠤ ᠲᠦᠭᠡᠭᠡᠪᠡ᠃
     ᠣᠳᠣᠬᠠᠨ ᠪᠣᠯᠲᠠᠯ᠎ᠠ᠂ ᠰᠢᠩ ᠡᡁᠧ ᠰᠢᠶᠠᠨ ᠤ ᠡᠷᠳᠡᠨᠢ ᠪᠠᠯᠭᠠᠰᠤ ᠶᠢᠨ 21 ᠲᠣᠰᠬᠤᠨ᠂ 2854 ᠡᠷᠤᠬᠡ ᠲᠣᠰᠬᠤᠨ ᠤ ᠠᠷᠠᠳ ᠲᠤ 4088 ᠲᠣᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠦᠭᠡᠭᠡᠵᠦ ᠥᠭᠴᠡᠢ᠃ ᠰᠢᠲᠠᠭᠠᠯᠭ᠎ᠠ ᠶᠢᠨ ᠨᠡᠭᠦᠷᠡᠰᠦ ᠶᠢ ᠳᠦᠭᠦᠷᠲᠡᠯ᠎ᠡ ᠲᠡᠭᠡᠭᠡᠭᠰᠡᠨ ᠮᠠᠰᠢᠨ ᠲᠡᠷᠭᠡ ᠨᠦᠭᠦᠳ ᠢ ᠰᠢᠩ ᠡᡁᠧ ᠰᠢᠶᠠᠨ ᠤ ᠡᠯ᠎ᠡ ᠰᠢᠶᠠᠩ ᠪᠠᠯᠭᠠᠰᠤᠨ ᠳᠤ ᠬᠦᠷᠭᠡᠵᠦ᠂ ᠡᠪᠦᠯ ᠤᠨ ᠤᠯᠠᠷᠢᠯ ᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠣᠰᠬᠤᠨ ᠤ ᠠᠷᠠᠳ ᠤᠨ ᠭᠠᠷ ᠲᠤ ᠬᠦᠷᠭᠡᠵᠦ ᠪᠠᠶᠢᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3