ᠰᠠᠶᠢᠬᠤᠰᠤ ᠪᠠᠯᠭᠠᠰᠤᠨ ᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠭᠡᠷ ᠤᠨ ᠡᠭᠦᠳᠡᠨ ᠳᠤ ᠬᠦᠷᠭᠡᠵᠡᠢ᠄ ᠬᠠᠨᠵᠤ ᠶᠢ ᠬᠠᠯᠠᠭᠤᠯᠪᠠᠯ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/10/16
      10 ᠰᠠᠷ᠎ᠠ ᠶᠢᠨ 15 ᠤ ᠡᠳᠦᠷ᠂ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢ ᠳᠦᠭᠦᠷᠲᠡᠯ᠎ᠡ ᠲᠡᠭᠡᠭᠡᠭᠰᠡᠨ ᠮᠠᠰᠢᠨ ᠲᠡᠷᠭᠡᠨ ᠤ ᠠᠩᠬᠢ ᠰᠠᠶᠢᠬᠤᠰᠤ ᠪᠠᠯᠭᠠᠰᠤᠨ ᠤ 6 ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠵᠢᠩᠯᠡᠬᠦ᠂ ᠨᠡᠭᠦᠷᠡᠰᠦ ᠪᠠᠭᠤᠯᠭᠠᠬᠤ᠂ ᠲᠡᠷᠭᠡᠨ ᠳᠤ ᠲᠡᠭᠡᠭᠡᠬᠦ᠂ ᠲᠦᠭᠡᠭᠡᠬᠦ ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠶᠠᠪᠤᠭᠳᠠᠪᠠ᠃ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠪᠤᠷᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠢᠳᠡᠪᠬᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠠᠶᠢᠬᠤᠰᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠮᠠᠯᠴᠢᠨ ᠲᠠᠷᠢᠶᠠᠴᠢᠨ ᠤ ︽ᠨᠡᠭᠦᠷᠡᠰᠦ︾ ᠰᠢᠲᠠᠭᠠᠬᠤ ᠪᠠᠴᠢᠮ ᠠᠰᠠᠭᠤᠳᠠᠯ ᠢ ᠰᠢᠢᠳᠪᠦᠷᠢᠯᠡᠵᠦ᠂ 123 ᠡᠷᠦᠬᠡ ᠲᠣᠰᠬᠤᠨ ᠤ ᠠᠷᠠᠳ ᠲᠤ 234.5 ᠲᠣᠨ ︽ᠬᠠᠯᠠᠭᠤᠨ ᠨᠡᠭᠦᠷᠡᠰᠦ︾ ᠲᠠᠷᠬᠠᠭᠠᠵᠤ᠂ ᠤᠯᠠᠨ ᠲᠦᠮᠡᠨ ᠳᠤ ᠨᠠᠮ ᠪᠣᠯᠤᠨ ᠤᠯᠤᠰ ᠤᠨ ᠬᠠᠯᠠᠭᠤᠨ ᠳᠤᠯᠠᠭᠠᠨ ᠢ ᠦᠨᠡᠨᠬᠦ ᠮᠡᠳᠡᠷᠡᠭᠦᠯᠪᠡ᠃      ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠲᠣᠰ ᠤᠳᠠᠭᠠᠨ ᠤ ᠡᠪᠦᠯ ᠤᠨ ᠨᠡᠭᠦᠷᠡᠰᠦ ᠲᠦᠭᠡᠭᠡᠬᠦ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠯᠭᠠᠰᠤ᠂ ᠲᠣᠰᠬᠤᠨ ᠤ ᠬᠠᠷᠢᠭᠤᠴᠠᠯᠭᠠᠲᠠᠨ ᠲᠦᠭᠡᠭᠡᠬᠦ ᠡᠲᠡᠭᠡᠳ ᠢ ᠬᠢᠨᠠᠮᠠᠭᠠᠶ ᠬᠢᠨᠠᠨ ᠬᠠᠷᠭᠤᠭᠤᠯᠵᠤ᠂ ᠬᠦᠴᠢᠷᠳᠡᠯᠲᠡᠶ ᠣᠯᠠᠨ ᠲᠦᠮᠡᠨ ᠢ ᠴᠢᠩᠭ᠎ᠠ ᠠᠩᠬᠠᠷᠴᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠱᠠᠭᠠᠷᠳᠠᠯᠭ᠎ᠠ ᠶᠣᠰᠣᠭᠠᠷ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠬᠠᠪᠰᠤᠷᠤᠨ ᠲᠡᠳᠬᠦᠵᠦ᠂ ᠵᠥᠪ ᠣᠨᠣᠪᠴᠢᠲᠠᠶ ᠪᠥᠭᠡᠳ ᠲᠦᠷᠭᠡᠨ ᠲᠠᠷᠬᠠᠭᠠᠵᠤ᠂ ᠭᠤᠤᠯᠳᠠᠯᠭ᠎ᠠ ᠲᠠᠢ ᠬᠡᠷᠡᠭᠯᠡᠬᠦ ᠵᠠᠷᠴᠢᠮ ᠢ ᠪᠠᠷᠢᠮᠲᠠᠯᠠᠨ᠂ ᠲᠣᠰᠬᠤᠨ ᠤ ᠠᠷᠠᠳ ᠤᠨ ᠡᠪᠦᠯ ᠢ ᠬᠠᠯᠠᠭᠤᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃ ᠲᠤᠬᠠᠶ ᠶᠢᠨ ᠲᠠᠯᠠᠪᠠᠶ ᠳᠤ᠂ ᠪᠠᠯᠭᠠᠰᠤ᠂ ᠲᠣᠰᠬᠤᠨ ᠤ ᠺᠠᠳ᠋ᠷᠴᠤᠳ ᠬᠠᠮᠲᠤ ᠪᠠᠷ ᠲᠣᠰᠬᠤᠨ ᠤ ᠠᠷᠠᠳ ᠢ ᠬᠠᠪᠰᠤᠷᠤᠨ ᠲᠡᠷᠭᠡᠨ ᠳᠤ ᠰᠠᠭᠤᠯᠭᠠᠵᠤ᠂ ᠬᠥᠳᠡᠯᠮᠦᠷᠢᠯᠡᠬᠦ ᠴᠢᠳᠠᠪᠤᠷᠢ ᠥᠬᠡᠶ ᠬᠡᠷ ᠪᠦᠯᠢ ᠳᠤ ᠴᠢᠭᠯᠡᠭᠦᠯᠦᠨ᠂ ᠺᠠᠳ᠋ᠷᠴᠤᠳ ᠪᠠᠰᠠ ᠣᠯᠠᠨ ᠲᠦᠮᠡᠨ ᠢ ᠬᠠᠪᠰᠤᠷᠤᠨ ᠨᠡᠭᠦᠷᠡᠰᠦ ᠶᠢ ᠬᠡᠷ ᠲᠤᠨᠢ ᠬᠦᠷᠭᠡᠵᠦ ᠥᠭᠴᠡᠶ᠃      ᠨᠡᠭᠦᠷᠡᠰᠦ ᠶᠢ ᠲᠣᠰᠬᠤᠨ ᠤ ᠠᠷᠠᠳ ᠤᠨ ᠭᠡᠷ ᠲᠤ ᠲᠦᠭᠡᠭᠡᠵᠦ ᠥᠭᠭᠦᠭᠰᠡᠨ ᠨᠢ ᠬᠠᠬᠢᠷ ᠬᠦᠢᠳᠡᠨ ᠢ ᠦᠯᠳᠡᠬᠦ ᠭᠠᠯ ᠢ ᠨᠣᠴᠣᠭᠠᠭᠰᠠᠨ ᠲᠡᠳᠦᠢ ᠪᠢᠰᠢ᠂ ᠤᠯᠠᠨ ᠲᠦᠮᠡᠨ ᠤ ᠨᠠᠮ ᠪᠣᠯᠤᠨ ᠵᠠᠰᠠᠭ ᠤᠨ ᠣᠷᠳᠣᠨ ᠢ ᠦᠨᠡᠨ ᠰᠡᠳᠬᠢᠯ ᠠᠴᠠ ᠪᠠᠨ ᠬᠦᠷᠢᠶᠡᠯᠡᠵᠦ ᠪᠠᠶᠢᠭ᠎ᠠ ᠶᠠᠪᠤᠳᠠᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂  ᠰᠠᠶᠢᠬᠤᠰᠤ ᠪᠠᠯᠭᠠᠰᠤ ᠶᠢᠨ ᠬᠢᠨ ᠬᠦᠴᠢᠷᠳᠡᠯᠲᠡᠢ ᠤᠯᠠᠨ ᠲᠦᠮᠡᠨ ᠤ ᠪᠣᠳᠠᠲᠠᠢ ᠪᠠᠶᠢᠳᠠᠯ ᠢ ᠨᠢᠭᠲᠠ ᠠᠩᠬᠠᠷᠴᠤ᠂ ᠤᠯᠠᠨ ᠲᠦᠮᠡᠨ ᠤ ᠡᠪᠦᠯᠵᠢᠬᠦ ᠳᠤ ᠬᠡᠷᠡᠭᠯᠡᠬᠦ ᠨᠡᠭᠦᠷᠡᠰᠦ ᠶᠢ ᠴᠢᠩᠭ᠎ᠠ ᠠᠩᠬᠠᠷᠴᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠴᠠᠭ ᠲᠤᠬᠠᠢ ᠳᠤᠨᠢ ᠭᠦᠢᠴᠡᠳ ᠲᠠᠷᠬᠠᠭᠠᠬᠤ ᠶᠢ ᠪᠠᠲᠤᠯᠠᠵᠤ᠂ ᠤᠯᠠᠨ ᠲᠦᠮᠡᠨ ᠤ ︽ᠳᠤᠯᠠᠭᠠᠨ ᠪᠦᠯᠢᠶᠡᠨ ᠡᠪᠦᠯᠵᠢᠬᠦ︾ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃                                       ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3