ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠡ 10 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/16
      10 ᠰᠠᠷ᠎ᠠ ᠶᠢᠨ 12 ᠤᠨ ᠡᠳᠦᠷ᠂ ᠰᠢᠩ ᠡᡁᠧ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠡ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 74 ᠵᠢᠯ ᠤᠨ ᠤᠢ ᠶᠢ ᠪᠡᠯᠭᠡᠯᠡᠶ᠎ᠡ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ  ᠲᠤᠪᠴᠢᠶ᠎ᠡ ᠶᠢᠨ ᠪᠦᠬᠦ ᠨᠠᠮ ᠤᠨ ᠭᠡᠰᠢᠭᠦᠨ ᠺᠠᠳ᠋ᠷ ᠣᠷᠣᠯᠴᠠᠪᠠ᠃      ᠡᠩ ᠲᠡᠷᠢᠭᠦᠨ ᠳᠤ᠂ ᠬᠤᠲᠠ ᠶᠢᠨ ᠪᠣᠭᠤᠮᠲᠠ ᠶᠢᠨ ᠬᠠᠤᠯᠢ ᠴᠠᠭᠠᠵᠠ ᠶᠢᠨ ᠭᠠᠵᠠᠷ ᠤᠨ ᠬᠦᠷᠢᠶᠡᠨ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠠᠶᠠᠰ ᠳᠤᠮᠳᠠ᠂ ᠪᠦᠬᠦ ᠨᠠᠮ ᠤᠨ ᠭᠡᠰᠢᠭᠦᠨ ᠺᠠᠳ᠋ᠷᠴᠤᠳ ᠤᠯᠤᠰ ᠤᠨ ᠲᠤᠭ ᠲᠤ ᠰᠢᠷᠳᠡᠬᠦ ᠶᠣᠰᠣᠯᠠᠯ ᠶᠠᠪᠤᠭᠤᠯᠵᠠᠶ᠃ ᠬᠤᠯᠪᠣᠭᠳᠠᠯ ᠪᠦᠬᠦᠢ ᠤᠳᠤᠷᠢᠳᠤᠯᠭ᠎ᠠ ᠳᠠᠭᠠᠭᠤᠯᠤᠨ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠰᠠᠨᠠᠭᠠᠯᠵᠠᠨ᠎ᠠ᠃ ᠳᠠᠷᠠᠭ᠎ᠠ ᠨᠢ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠣᠪᠴᠢᠯᠠᠯ︾ ᠤᠨ ᠬᠡᠰᠡᠭ ᠠᠭᠤᠯᠭ᠎ᠠ ᠶᠢ ᠰᠤᠷᠤᠯᠴᠠᠵᠤ᠂ ᠤᠯᠠᠨ ᠨᠠᠮ ᠤᠨ ᠭᠡᠰᠢᠭᠦᠨ ᠨᠥᠬᠦᠳ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠣᠪᠴᠢᠯᠠᠯ ︾ ᠢ ᠰᠤᠷᠤᠯᠴᠠᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃      ᠤᠯᠠᠨ ᠢᠶᠠᠷ ᠢᠶᠠᠨ᠂ ᠲᠤᠰ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠬᠥᠮᠦᠰ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠭᠦᠢᠴᠡᠳ ᠢᠯᠡᠳᠬᠡᠵᠦ᠂ ᠰᠡᠳᠬᠢᠯᠭᠡ ᠶᠢᠨ ᠮᠡᠳᠡᠷᠡᠮᠵᠢ ᠶᠢ ᠭᠦᠨᠵᠡᠭᠡᠶᠢᠷᠡᠭᠦᠯᠵᠡᠢ ᠭᠡᠵᠦ ᠢᠯᠡᠳᠬᠡᠵᠡᠭᠡᠪᠡ᠃ ᠬᠤᠶᠢᠰᠢᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠳᠤᠮᠳᠠ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠲᠠᠰᠤᠷᠠᠯᠲᠠ ᠦᠭᠡᠢ ᠲᠤᠷᠰᠢᠯᠭ᠎ᠠ ᠰᠢᠩᠭᠡᠭᠡᠨ ᠠᠪᠴᠤ᠂ ᠤᠶᠤᠨ ᠤᠬᠠᠭᠠᠨ ᠰᠢᠩᠭᠡᠭᠡᠨ ᠠᠪᠴᠤ᠂ ᠦᠨᠡᠨᠬᠦ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3