ᠡᠨᠡ ᠵᠢᠯ ᠠᠴᠠ ᠨᠠᠰᠢ᠂ ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠰᠢᠩ ᠬᠤᠸᠠ ᠭᠸᠤ | ᠲᠣᠰᠬᠤᠨ ᠤ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠣᠰᠬᠤᠨ ᠤ ᠨᠠᠮ ᠤᠨ | ᠡᠭᠦᠷ ᠤᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠵᠢᠭᠦᠯᠵᠦ ᠬᠥᠭᠵᠢᠯᠲᠡ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠦᠨᠳᠦᠰᠦᠨ | ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ | ᠲᠣᠰᠬᠤᠨ ᠤ ᠰᠤᠷᠲᠠᠯ ᠪᠣᠯᠪᠠᠰᠤᠨ ᠤ ᠴᠣᠭᠴᠠᠯᠠᠯᠲᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠰᠢᠨ᠎ᠡ ᠵᠢᠷᠤᠭ ᠲᠥᠰᠦᠪ ᠢ ᠬᠦᠴᠦᠯᠡᠨ ᠵᠢᠷᠤᠭᠯᠠᠪᠠ᠃ | — ︽ᠨᠠᠮ ᠤᠨ ᠪᠠᠶᠢᠭᠤᠯᠤᠯᠲᠠ + ᠲᠣᠰᠬᠤᠨ ᠤ ᠲᠠᠰ ᠤᠨ ᠳᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ︾ | ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠳᠠᠭᠠᠭᠤᠯᠤᠭᠴᠢ︾ ᠶᠢ ᠪᠤᠶᠢᠵᠢᠭᠤᠯᠤᠨ᠎ᠠ | ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠡᠯᠡᠳᠬᠡᠯ ᠺᠠᠳ᠋ᠷ᠂ ᠬᠥᠳᠡᠭᠡ ᠲᠣᠰᠬᠤᠨ ᠤ ᠨᠠᠮ ᠤᠨ | ᠭᠡᠰᠢᠭᠦᠨ ᠵᠡᠷᠭᠡ ᠭᠤᠷᠪᠠᠨ ᠡᠩᠨᠡᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠪᠡᠶᠡᠯᠡᠭᠦᠯᠬᠦ ᠳᠤ ᠬᠦᠴᠦᠷᠬᠡᠭ ᠶᠡᠭᠡ ᠴᠢᠳᠠᠪᠤᠷᠢᠲᠠᠨ ᠤ ᠪᠠᠲᠤᠯᠠᠭ᠎ᠠ ᠬᠠᠩᠭᠠᠵᠠᠢ᠃ ᠨᠠᠮ ᠤᠨ ᠡᠭᠦᠷ ᠤᠨ ᠠᠮᠢᠵᠢᠷᠠᠯ ᠤᠨ ︽ | ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠴᠢᠩᠭ᠎ᠠ ᠬᠡᠷᠡᠭᠵᠢᠭᠦᠯᠵᠦ᠂ | ᠨᠠᠮ ᠤᠨ ᠭᠡᠰᠢᠭᠦᠨ ᠤ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ | ᠨᠠᠮ ᠤᠨ ᠡᠭᠦᠷ ᠭᠤᠣᠯᠳᠠᠯᠭ᠎ᠠ ᠲᠠᠢ ᠠᠵᠢᠯ ᠢ ᠪᠣᠳᠠᠲᠠᠶᠢᠵᠢᠭᠤᠯᠵᠤ᠂ ᠨᠠᠷᠢᠨ ᠳᠠᠩᠰᠠᠵᠢᠭᠤᠯᠵᠤ᠂ ᠬᠠᠷᠢᠭᠤᠴᠠᠯᠭ᠎ᠠ ᠲᠠᠢ | ᠪᠣᠯᠭᠠᠵᠤ᠂ ᠴᠠᠭ ᠲᠤᠬᠠᠢ ᠳᠤᠨᠢ ᠳᠠᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ︔ ᠲᠣᠰᠬᠤᠨ ᠳᠤ ᠪᠠᠶᠢᠭ᠎ᠠ ᠨᠠᠮ ᠤᠨ ᠭᠡᠰᠢᠭᠦᠨ ᠨᠠᠮ ᠤᠨ ᠰᠦᠯᠳᠡ ᠵᠡᠭᠦᠬᠦ᠂ ᠪᠡᠶ᠎ᠡ ᠶᠢᠨ ᠭᠠᠷᠤᠯ ᠢᠶᠠᠨ | ᠢᠯᠡᠷᠡᠭᠦᠯᠬᠦ ᠶᠢ ᠪᠠᠷᠢᠮᠲᠠᠯᠠᠬᠤ ᠶᠢᠨ ᠬᠠᠮᠲᠤ ᠨᠠᠮ ᠤᠨ ᠭᠡᠰᠢᠭᠦᠨ ᠤ ᠲᠤᠰᠬᠠᠢ ᠦᠢᠯᠡᠴᠢᠯᠡᠭᠡᠨ ᠤ ᠠᠵᠢᠯ ᠤᠨ ᠪᠠᠶᠢᠷᠢ ᠭᠠᠷᠭᠠᠵᠤ | ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ | ᠭᠡᠰᠢᠭᠦᠨ ᠤ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠠᠴᠠᠭᠠᠨ ᠤ | ᠳᠡᠰ ᠤᠨ ᠪᠡᠯᠡᠳᠬᠡᠯ ᠬᠦᠴᠦᠨ ᠢ ᠪᠠᠶᠢᠭᠤᠯᠤᠨ᠎ᠠ᠃ ᠪᠡᠯᠡᠳᠬᠡᠯ ᠺᠠᠳ᠋ᠷ ᠤᠨ ᠡᠩᠨᠡᠭᠡᠨ ᠤ ᠡᠬᠡ ᠲᠠᠩᠰᠠ ᠶᠢ ᠪᠠᠶᠢᠭᠤᠯᠵᠤ᠂ | ᠬᠥᠳᠡᠯᠦᠩᠭᠦᠢ ᠪᠠᠷ ᠮᠥᠷᠳᠡᠨ ᠬᠠᠮᠢᠶᠠᠷᠬᠤ ᠶᠢ ᠬᠡᠷᠡᠭᠵᠢᠭᠦᠯᠵᠦ᠂ ᠪᠡᠯᠡᠳᠬᠡᠯ ᠬᠦᠴᠦᠨ ᠨᠢᠭᠡᠪᠦᠷᠢ ᠠᠴᠠ ᠲᠣᠰᠬᠤᠨ ᠤ ︽ | ᠬᠤᠶᠠᠷ ᠵᠥᠪᠯᠡᠯ︾ ᠤᠨ 1 ᠪᠦᠷᠢᠯᠳᠦᠬᠦᠨ ᠲᠠᠢ ᠲᠣᠭᠲᠠᠭᠰᠠᠨ ᠴᠢᠭᠯᠡᠯ ᠢᠶᠠᠷ ᠬᠠᠷᠢᠯᠴᠠᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠵᠤ᠂ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠬᠤ | ᠬᠡᠷᠡᠭᠲᠡᠢ︔ ᠶᠡᠭᠡ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠪᠠᠭᠤᠭᠰᠠᠳ᠂ ᠪᠠᠶᠠᠵᠢᠯ ᠤᠨ ᠲᠠᠭᠠᠭᠤᠯᠤᠬᠴᠢ ᠵᠡᠷᠭᠡ | ᠰᠢᠯᠢᠳᠡᠭ ᠴᠢᠳᠠᠪᠤᠷᠢᠲᠠᠨ ᠢ ᠭᠤᠣᠯᠳᠠᠯᠭ᠎ᠠ ᠲᠠᠢ ᠪᠠᠷ ᠰᠢᠯᠢᠨ ᠰᠣᠩᠭᠤᠵᠤ᠂ ᠨᠢᠭᠡ ᠪᠦᠯᠦᠭ ᠰᠢᠯᠢᠳᠡᠭ ᠵᠠᠯᠠᠭᠤ ᠲᠣᠰᠬᠤᠨ ᠤ | ᠳᠡᠰ ᠤᠨ ᠪᠡᠯᠡᠳᠬᠡᠯ ᠺᠠᠳ᠋ᠷ ᠢ ᠬᠥᠮᠦᠵᠢᠭᠦᠯᠵᠦ᠂ ᠺᠠᠳ᠋ᠷ ᠢ ᠬᠥᠮᠦᠵᠢᠭᠦᠯᠬᠦ ᠶᠢᠨ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠨ᠎ᠠ | ᠃ ᠣᠲᠣ ᠪᠣᠯᠲᠠᠯ᠎ᠠ᠂ ᠪᠥᠬᠦ ᠲᠣᠰᠬᠤᠨ ᠳᠤ ᠲᠣᠰᠬᠤᠨ ᠤ ᠲᠠᠰ ᠤᠨ ᠪᠡᠯᠡᠳᠬᠡᠯ ᠨᠡᠶᠢᠲᠡ 10 ᠬᠥᠮᠦᠨ ᠪᠠᠶᠢᠨ᠎ᠠ᠃ | — ︽ᠨᠠᠮ ᠤᠨ ᠪᠠᠶᠢᠭᠤᠯᠤᠯᠲᠠ + ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ︾ ᠶᠢ | ᠪᠠᠷᠢᠮᠲᠠᠯᠠᠵᠤ᠂ ᠬᠠᠮᠲᠤ ᠶᠢᠨ ᠠᠵᠤ ᠠᠬᠤᠶ ᠶᠢᠨ ︽ᠲᠦᠷᠭᠡᠨ ᠬᠥᠭᠵᠢᠯᠲᠡ︾ ᠶᠢ ᠠᠬᠢᠭᠤᠯᠤᠨ᠎ᠠ | ᠪᠦᠬᠦ ᠰᠢᠶᠠᠨ ᠤ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠬᠥᠭᠵᠢᠯᠲᠡ ᠶᠢᠨ ᠪᠠᠶᠢᠷᠢᠰᠢᠯ ᠳᠤ ᠰᠠᠭᠤᠷᠢᠯᠠᠨ | ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠨ ᠪᠤᠵᠠᠭᠠᠢᠢᠷᠠᠬᠤ ᠲᠠᠯ᠎ᠠ ᠪᠠᠷ ᠢᠳᠡᠪᠬᠢᠲᠡᠶ ᠪᠠᠷ ᠭᠠᠷᠬᠤ ᠵᠠᠮ | ᠡᠷᠢᠯᠬᠢᠯᠡᠵᠦ᠂ ᠴᠠᠷ ᠨᠠᠭᠤᠷ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠲᠠᠢ ᠪᠡᠯᠡ ᠨᠡᠶᠢᠯᠡᠭᠦᠯᠦᠨ ᠰᠢᠩ ᠬᠤᠸᠠ ᠭᠧᠤ ᠲᠣᠰᠬᠤᠨ ᠤ ᠨᠡᠷᠡᠨ ᠭᠡᠷᠡᠯ ᠤᠨ ᠬᠦᠯᠡᠮᠵᠢ ᠶᠢᠨ ᠰᠠᠭᠤᠷᠢᠨ ᠭᠠᠵᠠᠷ ᠢ | ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ ᠲᠤᠬᠠᠶ ᠶᠢᠨ ᠭᠠᠵᠠᠷ ᠤᠨ ᠲᠠᠷᠢᠶᠠᠴᠢᠳ ᠢ ᠵᠣᠷᠢᠭᠵᠢᠭᠤᠯᠤᠨ ᠭᠠᠵᠠᠷ ᠰᠢᠷᠣᠶ ᠶᠢ | ᠡᠷᠭᠢᠯᠲᠡ ᠳᠤ ᠣᠷᠣᠭᠤᠯᠬᠤ ᠬᠡᠯᠪᠡᠷᠢ ᠪᠠᠷ ᠬᠤᠪᠢ ᠣᠷᠣᠭᠤᠯᠵᠤ᠂ ᠭᠠᠵᠠᠷ ᠰᠢᠷᠣᠶ᠂ ᠬᠥᠳᠡᠯᠮᠦᠷᠢ ᠬᠦᠴᠦ ᠵᠡᠷᠭᠡ ᠡᠬᠢ | ᠪᠠᠶᠠᠯᠢᠭ ᠢ ᠵᠦᠢ ᠵᠣᠬᠢᠰᠲᠠᠶ ᠠᠰᠢᠭᠯᠠᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠵᠦ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠪᠠᠷ ᠠᠬᠢᠭᠤᠯᠪᠠ᠃ ᠴᠠᠷ | ᠨᠠᠭᠤᠷ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠵᠤ ᠠᠬᠤᠶᠢᠯᠠᠯᠴᠢᠯᠠᠭᠰᠠᠨ ᠡᠵᠡᠩᠨᠡᠯᠲᠡ ᠪᠠᠷ | ᠳᠠᠮᠵᠢᠭᠤᠯᠤᠨ᠂ ᠡᠷᠭᠢᠨ ᠲᠣᠭᠤᠷᠢᠨ ᠤ ᠲᠣᠰᠬᠤᠨ ᠤ ᠠᠷᠠᠳ ᠲᠤ ᠨᠡᠶᠢᠲᠡ 100 ᠭᠠᠷᠤᠶ ᠠᠵᠢᠯ ᠤᠨ ᠪᠠᠶᠢᠷᠢ ᠬᠠᠩᠭᠠᠵᠤ᠂ | ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠶ ᠳᠤ 24.84 ᠲᠦᠮᠡᠨ ᠲᠥᠭᠦᠷᠢᠭ ᠲᠤᠰᠢᠶᠠᠨ᠎ᠠ 189 ᠡᠷᠦᠬᠡ | ᠲᠣᠰᠬᠤᠨ ᠤ ᠠᠷᠠᠳ ᠤᠨ 2345.4 ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ᠂ ᠵᠢᠯ ᠪᠦᠷᠢ | ᠲᠣᠰᠬᠤᠨ ᠤ ᠠᠷᠠᠳ ᠤᠨ ᠭᠠᠵᠠᠷ ᠰᠢᠷᠣᠶ ᠶᠢᠨ ᠡᠷᠭᠢᠯᠲᠡ ᠶᠢᠨ ᠣᠷᠣᠯᠭ᠎ᠠ ᠶᠢ 49.6408 ᠲᠦᠮᠡᠨ ᠲᠥᠭᠦᠷᠢᠭ | ᠨᠡᠮᠡᠭᠳᠡᠭᠦᠯᠵᠦ ᠪᠠᠶᠢᠨ᠎ᠠ᠃ | — ︽ᠨᠠᠮ ᠤᠨ ᠪᠠᠶᠢᠭᠤᠯᠤᠯᠲᠠ + ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ | ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ︾ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ︽ᠰᠢᠨ᠎ᠡ ᠦᠵᠡᠮᠵᠢ︾ ᠶᠢ ᠴᠣᠭᠴᠠᠯᠠᠨ ᠪᠠᠶᠢᠭᠤᠯᠤᠨ᠎ᠠ | ᠴᠠᠷ ᠨᠠᠭᠤᠷ ᠤᠨ ︽ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ︾ ︽ᠤᠯᠤᠰ ᠤᠨ | ᠲᠠᠰ ᠤᠨ ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ︾ ᠵᠡᠷᠭᠡ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠲᠠᠷᠢᠶᠠᠯᠠᠩ | ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ ᠰᠢᠩ ᠬᠤᠸᠠ | ᠭᠸᠤ ᠶᠢᠨ ᠲᠠᠭᠠᠯᠠᠮᠵᠢᠲᠠᠶ ᠠᠭᠤᠷ ᠠᠮᠢᠰᠬᠤᠯ ᠤᠨ ᠣᠷᠴᠢᠨ ᠲᠣᠭᠤᠷᠢᠨ ᠪᠠ ᠳᠥᠭᠦᠮ ᠳᠥᠲᠡ ᠵᠠᠮ ᠬᠠᠷᠢᠯᠴᠠᠭᠠᠨ ᠤ | ᠨᠥᠬᠦᠴᠡᠯ ᠳᠤ ᠰᠠᠭᠤᠷᠢᠯᠠᠵᠤ᠂ ᠨᠡᠶᠢᠰᠯᠡᠯ ᠳᠤ ᠬᠠᠨᠳᠤᠭᠤᠯᠤᠭᠰᠠᠨ ᠳᠥᠷᠪᠡᠨ ᠤᠯᠠᠷᠢᠯ ᠤᠨ ᠵᠢᠭᠤᠯᠴᠢᠯᠠᠯ᠂ ᠪᠦᠬᠦ ᠣᠷᠣᠨ | ᠪᠦᠰᠡ ᠶᠢᠨ ᠵᠢᠭᠤᠯᠴᠢᠯᠠᠯ ᠤᠨ ᠠᠮᠠᠷᠠᠯᠲᠠ ᠶᠢᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠪᠠᠷ ᠬᠠᠷᠠᠯᠲᠠ | ᠪᠣᠯᠭᠠᠵᠤ᠂ ᠴᠠᠷ ᠨᠠᠭᠤᠷ ᠢᠶᠠᠷ ᠲᠦᠰᠢᠭ ᠪᠣᠯᠭᠠᠭᠰᠠᠨ ᠪᠦᠬᠦ ᠣᠷᠣᠨ ᠪᠦᠰᠡ ᠶᠢᠨ ᠰᠣᠶᠣᠯ ᠠᠮᠢ ᠠᠬᠤᠶ ᠶᠢᠨ | ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ᠰᠢᠩ ᠬᠤᠸᠠ ᠭᠸᠤ ᠶᠢᠨ ᠠᠷᠠᠳ ᠤᠨ ᠵᠠᠩ ᠦᠢᠯᠡ ᠶᠢᠨ ᠬᠦᠷᠢᠶᠡᠯᠡᠩ ᠢᠶᠠᠷ | ᠭᠤᠣᠯ ᠪᠣᠯᠭᠠᠭᠰᠠᠨ ᠠᠷᠠᠳ ᠤᠨ ᠵᠠᠩ ᠦᠢᠯᠡ ᠶᠢᠨ ᠵᠤᠭᠠᠴᠠᠯ ᠴᠠᠷ ᠨᠠᠭᠤᠷ ᠤᠨ ᠨᠠᠭᠤᠷ ᠨᠡᠭᠡᠭᠡᠬᠦ ᠪᠠᠶᠠᠷ᠂ ᠡᠪᠦᠯ ᠤᠨ | ᠠᠩᠨᠠᠯ ᠤᠨ ᠪᠠᠶᠠᠷ ᠢᠶᠠᠷ ᠭᠤᠣᠯᠳᠠᠯᠭ᠎ᠠ ᠪᠣᠯᠭᠠᠭᠰᠠᠨ ᠰᠣᠶᠣᠯ ᠢᠷᠭᠡᠨᠰᠢᠯ ᠤᠨ ᠵᠤᠭᠠᠴᠠᠯ᠂ ᠰᠢᠩ ᠬᠤᠸᠠ ᠭᠸᠤ ᠶᠢᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠠᠩᠬᠠᠳᠠᠭᠴᠢ ᠨᠠᠮ ᠤᠨ ᠳᠤᠭᠤᠶᠢᠯᠠᠩ ᠤᠨ | ᠮᠡᠨᠳᠦᠯᠡᠭᠰᠡᠨ ᠭᠠᠵᠠᠷ ᠢᠶᠠᠷ ᠭᠤᠣᠯ ᠰᠡᠳᠦᠪ ᠪᠣᠯᠭᠠᠭᠰᠠᠨ ᠬᠤᠪᠢᠰᠬᠠᠯ ᠤᠨ ᠵᠤᠭᠠᠴᠠᠯ ᠤᠨ ᠵᠤᠭᠠᠴᠠᠯ᠂ ᠴᠠᠷ ᠨᠠᠭᠤᠷ ᠤᠨ | ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ ᠪᠠᠷ ᠭᠤᠣᠯ ᠱᠤᠭᠤᠮ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ | ᠵᠤᠭᠠᠴᠠᠯ ᠤᠨ ᠵᠤᠭᠠᠴᠠᠯ᠂ ︽ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠬᠥᠨᠳᠡᠢ · ᠰᠡᠯᠡᠭᠦᠴᠡᠯ ᠤᠨ ᠴᠠᠷ ᠨᠠᠭᠤᠷ︾ ᠢᠶᠠᠷ | ᠨᠡᠷ᠎ᠡ ᠶᠢᠨ ᠬᠠᠭᠤᠳᠠᠰᠤ ᠪᠣᠯᠭᠠᠭᠰᠠᠨ ᠴᠠᠷ ᠨᠠᠭᠤᠷ ᠤᠨ ᠪᠡᠶ᠎ᠡ ᠰᠤᠪᠢᠯᠠᠯᠲᠠ ᠨᠠᠰᠤᠵᠢᠯ ᠤᠨ ᠠᠮᠠᠷᠠᠯᠲᠠ ᠶᠢᠨ ᠣᠷᠣᠨ ᠨᠢ | ᠨᠡᠶᠢᠰᠯᠡᠯ ᠳᠤ ᠬᠠᠨᠳᠤᠭᠤᠯᠤᠭᠰᠠᠨ ︽ᠠᠷᠤ ᠶᠢᠨ ᠴᠡᠴᠡᠷᠯᠢᠭ︾ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠠᠢ᠃ | — ︽ᠨᠠᠮ ᠤᠨ ᠪᠠᠶᠢᠭᠤᠯᠤᠯᠲᠠ + ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠢ ᠡᠭᠦᠳᠦᠨ | ᠪᠠᠶᠢᠭᠤᠯᠬᠤ︾ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ︽ᠰᠢᠨ᠎ᠡ ᠵᠢᠷᠤᠭ︾ ᠢ | ᠵᠢᠷᠤᠭᠯᠠᠨ᠎ᠠ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠷ ᠲᠠᠪᠴᠠᠩ ᠪᠣᠯᠭᠠᠨ ᠬᠥᠳᠡᠭᠡ | ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠬᠦᠳᠦᠯᠦᠨ ᠳᠠᠭᠠᠭᠤᠯᠵᠤ᠂ ᠤᠳᠬ᠎ᠠ ᠤᠷᠠᠯᠢᠭ ᠤᠨ | ᠠᠵᠢᠯᠯᠠᠭᠠᠨ ᠤ ᠦᠷᠦᠭᠡ᠂ ᠲᠠᠯ᠎ᠠ ᠨᠤᠲᠤᠭ ᠤᠨ ᠨᠣᠮ ᠤᠨ ᠦᠷᠦᠭᠡ᠂ ᠯᠢ ᡁᠢ ᠬᠡᠳᠦ ᠳᠡᠯᠭᠡᠭᠦᠷ ᠵᠡᠷᠭᠡ ᠠᠵᠢᠯᠯᠠᠭᠠᠨ ᠤ | ᠵᠢᠭᠰᠠᠭᠠᠯ ᠤᠨ ᠭᠠᠵᠠᠷ ᠢ ᠨᠡᠶᠢᠳᠬᠡᠬᠦ ᠪᠠᠷ ᠳᠠᠮᠵᠢᠭᠤᠯᠵᠤ᠂ ︽ᠨᠠᠮ ᠤᠨ ᠡᠭᠦᠷ + ᠦᠢᠯᠡᠳᠦᠯᠭᠡ ᠶᠢᠨ ᠦᠷᠲᠡᠭᠡ + ᠰᠠᠶᠢᠨ | ᠳᠤᠷ᠎ᠠ ᠶᠢᠨ ᠠᠵᠢᠯᠯᠠᠭᠴᠢ + ᠤᠯᠠᠨ ᠲᠦᠮᠡᠨ︾ ᠤ ᠵᠠᠭᠪᠤᠷ ᠢᠶᠠᠷ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ | ᠠᠵᠢᠯᠯᠠᠭ᠎ᠠ ᠳᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠤᠨᠤᠯ ᠢ ᠤᠬᠠᠭᠤᠯᠤᠨ ᠲᠠᠶᠢᠯᠪᠤᠷᠢᠯᠠᠬᠤ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠤᠷᠠᠨ ᠰᠠᠶᠢᠬᠠᠨ ᠤ ᠲᠣᠭᠯᠠᠯᠲᠠ ᠵᠡᠷᠭᠡ ᠶᠢ ᠬᠠᠮᠤᠷᠴᠠᠢ᠃ ᠡᠭᠦᠨ ᠤ | ᠵᠡᠷᠭᠡᠪᠡᠷ᠂ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠲᠠᠢ | ᠤᠶᠠᠯᠳᠤᠭᠤᠯᠵᠤ᠂ ᠲᠣᠰᠬᠤᠨ ᠤ ᠠᠷᠠᠳ ᠤᠯᠠᠨ ᠢ ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠣᠶᠢᠯᠠᠭᠠᠭᠳᠠᠬᠤᠨ ᠲᠠᠢ | ᠪᠣᠯᠭᠠᠵᠤ᠂ ᠨᠡᠶᠢᠭᠡᠮ ᠵᠢᠷᠤᠮ ᠤᠨ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠬᠡᠪ ᠰᠤᠷᠲᠠᠯ ᠤᠨ | ᠪᠣᠯᠪᠠᠰᠤᠨ ᠤ ᠦᠷᠭᠦᠯᠵᠢᠯᠡᠨ ᠰᠠᠶᠢᠵᠢᠷᠠᠨ ᠬᠥᠭᠵᠢᠬᠦ ᠳᠤ ᠬᠦᠴᠦᠨ ᠨᠡᠮᠡᠷᠢᠯᠡᠨ᠎ᠡ᠃ ᠣᠳᠣᠬᠠᠨ ᠪᠣᠯᠲᠠᠯ᠎ᠠ᠂ ᠰᠢᠩ ᠬᠤᠸᠠ | ᠭᠸᠤ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠷᠳᠡᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | 10 ᠤᠳᠠᠭ᠎ᠠ ᠥᠷᠨᠢᠭᠦᠯᠵᠡᠢ᠃ | — ︽ᠨᠠᠮ ᠤᠨ ᠪᠠᠶᠢᠭᠤᠯᠤᠯᠲᠠ + ᠦᠨᠳᠦᠰᠦᠨ ᠱᠠᠲᠤᠨ ᠤ ᠵᠠᠰᠠᠯᠲᠠ ᠶᠢᠨ ᠦᠢᠯᠡᠴᠢᠯᠡᠭᠡ︾ ᠶᠢ ᠪᠠᠷᠢᠮᠲᠠᠯᠠᠵᠤ᠂ | ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ︽ᠰᠢᠨ᠎ᠡ ᠬᠢᠷᠢ ᠲᠦᠪᠰᠢᠨ︾ ᠢ ᠳᠡᠭᠡᠭᠰᠢᠯᠡᠭᠦᠯᠦᠨ᠎ᠡ | ᠥᠷᠭᠡᠨ ᠣᠯᠠᠨ ᠲᠦᠮᠡᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠬᠦᠴᠦᠨ ᠤ | ︽ᠣᠯᠠᠨ ᠡᠰᠢᠲᠦ︾ ᠭᠤᠤᠯ ᠴᠣᠭᠴᠠ ᠶᠢ ᠢᠳᠡᠪᠬᠢᠲᠡᠶ ᠳᠠᠶᠢᠴᠢᠯᠠᠨ ᠦᠨᠳᠦᠰᠦᠨ ᠱᠠᠲᠤᠨ ᠤ ᠵᠠᠰᠠᠯᠲᠠ ᠳᠤ | ᠣᠷᠣᠯᠴᠠᠭᠤᠯᠵᠤ᠂ ᠵᠠᠰᠠᠯᠲᠠ ᠶᠢᠨ ᠨᠡᠶᠢᠯᠡᠮᠡᠯ ᠬᠦᠴᠦᠨ ᠢ ᠥᠷᠭᠡᠨ ᠢᠶᠠᠷ ᠨᠢᠭᠲᠠᠷᠠᠭᠤᠯᠤᠨ᠂ ᠵᠠᠰᠠᠯᠲᠠ ᠶᠢᠨ ᠣᠶᠤᠨ | ᠤᠬᠠᠭᠠᠨ ᠢ ᠬᠤᠷᠠᠮᠳᠤᠭᠤᠯᠵᠤ᠂ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠦᠨ᠎ᠡ᠃ | ᠶᠡᠷᠦᠩᠬᠡᠶᠢᠯᠡᠭᠰᠡᠨ ᠴᠢᠳᠠᠪᠤᠷᠢ ᠪᠠᠷ ᠨᠡᠯᠢᠶᠡᠳ ᠴᠢᠩᠭ᠎ᠠ 2 ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠶᠢ | ᠰᠣᠩᠭᠤᠨ ᠭᠠᠷᠭᠠᠵᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠦᠯᠬᠦ ᠶᠢ ᠤᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠴᠢᠬᠤᠯᠠ ᠠᠷᠭ᠎ᠠ ᠵᠠᠮ ᠪᠣᠯᠭᠠᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ | ᠠᠵᠢᠯ ᠢ ᠴᠢᠩᠭᠠᠳᠬᠠᠪᠠ᠃ ︽12345︾ ᠠᠵᠢᠯ ᠤᠨ ᠵᠠᠭᠪᠤᠷ ᠢᠶᠠᠷ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ | ᠪᠠᠶᠢᠴᠠᠭᠠᠵᠤ ᠨᠠᠮᠳᠠᠭᠤᠯᠤᠨ᠎ᠠ᠂ ᠲᠤᠬᠠᠶᠢᠯᠠᠪᠠᠯ ᠨᠢᠭᠡ ᠳᠤ ᠰᠣᠨᠣᠰᠬᠤ᠂ ᠬᠤᠶᠠᠷ ᠲᠤ ᠪᠠᠶᠢᠴᠠᠭᠠᠬᠤ᠂ ᠭᠤᠷᠪᠠ ᠳᠤ | ᠰᠢᠢᠳᠪᠦᠷᠢᠯᠡᠬᠦ᠂ ᠲᠦᠷᠪᠡ ᠳᠤ ᠳᠠᠭᠠᠬᠤ᠂ ᠲᠠᠪᠤ ᠳᠤ ᠳ᠋ᠦᠩᠨᠡᠯᠲᠡ ᠬᠢᠬᠦ ᠪᠠᠷ ᠳᠠᠮᠵᠢᠭᠤᠯᠤᠨ᠂ ᠵᠠᠮ ᠵᠠᠰᠠᠬᠤ᠂ ᠭᠠᠵᠠᠷ ᠰᠢᠷᠣᠶ | ᠂ ᠭᠡᠷ ᠪᠠᠶᠢᠰᠢᠩ ᠵᠡᠷᠭᠡ ᠳᠤ ᠬᠤᠯᠪᠣᠭᠳᠠᠭᠰᠠᠨ 3 ᠤᠳᠠᠭᠠᠨ ᠤ ᠲᠡᠦᠬᠡ ᠶᠢᠨ ᠵᠢᠭᠤᠷᠠᠯᠳᠤᠭᠠᠨ ᠢ ᠠᠮᠵᠢᠯᠲᠠ ᠲᠠᠢ ᠪᠠᠷ | ᠨᠠᠮᠳᠠᠭᠤᠯᠤᠨ᠎ᠠ᠃ ᠬᠠᠤᠯᠢ ᠪᠠᠷ ᠵᠠᠰᠠᠬᠤ ᠪᠠᠷ ᠬᠥᠭᠵᠢᠯᠲᠡ ᠶᠢ ᠬᠦᠳᠦᠯᠦᠨ ᠳᠠᠭᠠᠭᠤᠯᠬᠤ᠂ ᠥᠪᠡᠷᠲᠡᠭᠡᠨ ᠵᠠᠰᠠᠬᠤ | ᠳᠣᠲᠣᠭᠠᠳᠤ ᠳᠠᠭᠠᠨ ᠵᠥᠷᠢᠴᠡᠯ ᠢ ᠠᠷᠢᠯᠭᠠᠬᠤ᠂ ᠶᠣᠰᠣ ᠰᠤᠷᠲᠠᠬᠤᠨ ᠢᠶᠠᠷ ᠵᠠᠰᠠᠬᠤ ᠪᠠ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ︽ᠭᠤᠷᠪᠠᠨ ᠦᠩᠭᠡ ᠪᠠᠷ ᠵᠠᠰᠠᠬᠤ︾ ᠠᠭᠤᠰᠤᠯᠴᠠᠯ ᠤᠨ ᠵᠠᠭᠪᠤᠷ ᠢ ᠬᠡᠷᠡᠭᠵᠢᠭᠦᠯᠵᠦ᠂ ᠵᠢᠯ ᠪᠦᠷᠢ ᠨᠢᠭᠡ | ᠤᠳᠠᠭ᠎ᠠ ︽ᠬᠠᠮᠤᠭ ᠤᠨ ᠭᠤᠶᠤ ᠭᠡᠷ ᠪᠦᠯᠢ︾ ︽ᠠᠷᠢᠭᠤᠨ ᠴᠡᠪᠡᠷ ᠭᠡᠷ ᠪᠦᠯᠢ︾ ︽ᠰᠠᠶᠢᠨ ᠪᠡᠷᠢ︾ ︽ᠳᠡᠷᠭᠡᠳᠡᠬᠢ | ᠰᠠᠶᠢᠨ ᠬᠥᠮᠦᠨ︾ ᠵᠡᠷᠭᠡ ᠵᠢᠱᠢᠶᠡᠴᠢ ᠪᠠᠷ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠲᠣᠰᠬᠤᠨ ᠤ ᠳᠡᠰ ᠤᠨ ᠶᠣᠰᠣ | ᠰᠤᠷᠲᠠᠬᠤᠨ ᠤ ︽ᠤᠯᠠᠭᠠᠨ ᠬᠠᠷ᠎ᠠ ᠰᠠᠮᠪᠠᠷ᠎ᠠ︾ ︽ᠰᠠᠶᠢᠨ ᠬᠥᠮᠦᠨ ᠤ ᠰᠠᠮᠪᠠᠷ᠎ᠠ︾ ᠵᠡᠷᠭᠡ ᠬᠡᠯᠪᠡᠷᠢ ᠪᠠᠷ ᠤᠯᠠᠨ ᠳᠤ ᠵᠠᠷᠯᠠᠨ | ᠤᠬᠠᠭᠤᠯᠤᠨ᠎ᠠ︔ ︽ᠭᠠᠴᠠᠭᠠᠨ ᠤ ᠠᠷᠠᠳ ᠤᠨ ᠬᠡᠷᠡᠭ ᠵᠥᠪᠯᠡᠬᠦ ᠴᠡᠭ︾ ᠢ ᠪᠠᠶᠢᠭᠤᠯᠵᠤ᠂ ᠭᠤᠣᠯᠴᠢ ᠦᠭᠡ ᠬᠡᠯᠡᠬᠦ᠂ | ᠨᠡᠶᠢᠲᠡ ᠶᠢᠨ ᠶᠣᠰᠣ ᠮᠣᠷᠠᠯ ᠢ ᠡᠷᠬᠢᠮᠯᠡᠬᠦ᠂ ᠵᠢᠩᠬᠢᠨᠢ ᠠᠵᠢᠯ ᠬᠢᠬᠦ ᠪᠠᠷ ᠳᠠᠮᠵᠢᠭᠤᠯᠤᠨ᠂ ︽ᠶᠡᠭᠡ ᠶᠠᠪᠤᠳᠠᠯ ᠪᠠᠭ᠎ᠠ ᠶᠠᠪᠤᠳᠠᠯ ᠢ | ᠴᠥᠮ ᠭᠠᠴᠠᠭᠠᠨ ᠠᠴᠠ ᠭᠠᠷᠭᠠᠬᠤ ᠦᠭᠡᠢ︾ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠶᠢ ᠪᠡᠶᠡᠯᠡᠭᠦᠯᠬᠦ ᠶᠢ ᠲᠦᠯᠬᠢᠨ | ᠠᠬᠢᠭᠤᠯᠤᠨ᠎ᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |