ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠵᠤ᠂ | ᠰᠠᠭᠤᠭᠠᠯᠢ ᠠᠷᠠᠳ ᠤᠨ ᠬᠡᠷ ᠤᠨ ᠡᠭᠦᠳᠡᠨ ᠳᠤ ᠨᠠᠩ ᠴᠢᠨᠠᠷ ᠰᠠᠶᠢᠲᠠᠶ᠂ ᠳᠥᠭᠦᠮ ᠳᠥᠲᠡ᠂ ᠪᠦᠷᠢᠨ ᠭᠦᠢᠴᠡᠳ | ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ 10 ᠰᠠᠷ᠎ᠠ ᠶᠢᠨ 15 ᠤ ᠡᠳᠦᠷ᠂ ᠭᠤᠤᠯ ᠡᠷᠡᠭᠦᠯ | ᠬᠠᠮᠠᠭᠠᠯᠠᠯ ᠤᠨ ᠬᠤᠷᠢᠶ᠎ᠠ ᠲᠠᠢ ᠪᠦᠯᠬᠦᠮᠳᠡᠨ ᠬᠠᠷᠢᠶᠠᠲᠤ ᠣᠷᠣᠨ ᠤ ᠳᠣᠲᠣᠷ᠎ᠠ ᠰᠦᠢᠳᠭᠡᠯ ᠬᠤᠷᠢᠶᠠᠬᠤ ᠥᠬᠡᠶ ᠪᠠᠷ ᠠᠯᠪᠠᠨ | ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ | | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ | ᠵᠢᠯᠣᠭᠤᠳᠣᠯᠭ᠎ᠠ ᠥᠷᠨᠢᠭᠦᠯᠬᠦ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ | ᠣᠯᠠᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃ ᠡᠮᠨᠡᠯᠭᠡ ᠶᠢᠨ ᠠᠵᠢᠯᠲᠠᠳ | ᠰᠠᠭᠤᠭᠠᠯᠢ ᠠᠷᠠᠳ ᠤᠨ ᠴᠢᠰᠤᠨ ᠳᠠᠷᠤᠯᠲᠠ᠂ ᠴᠢᠰᠤᠨ ᠰᠢᠬᠢᠷ᠂ ᠪᠡᠶ᠎ᠡ ᠶᠢᠨ ᠬᠦᠨᠳᠦ ᠵᠡᠷᠭᠡ ᠶᠢ ᠬᠡᠮᠵᠢᠬᠦ ᠵᠦᠢᠯᠡᠰ ᠲᠤ | ᠢᠳᠡᠵᠦ ᠤᠤᠭᠤᠬᠤ ᠤᠨᠲᠠᠵᠤ ᠠᠮᠠᠷᠠᠬᠤ ᠶᠢᠨ ᠡᠷᠡᠭᠦᠯ ᠴᠢᠭᠢᠷᠠᠭ ᠠᠮᠢᠳᠤᠷᠠᠯ ᠤᠨ ᠵᠠᠩ ᠳᠠᠳᠬᠠᠯ ᠢ ᠲᠠᠶᠢᠯᠪᠤᠷᠢᠯᠠᠬᠤ ᠶᠢᠨ | ᠬᠠᠮᠲᠤ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ ᠲᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ | ᠲᠠᠯ᠎ᠠ ᠶᠢᠨ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠲᠤᠰᠬᠠᠶ ᠮᠡᠷᠭᠡᠵᠢᠯ ᠤᠨ ᠡᠪᠡᠳᠴᠢᠨ | ᠦᠵᠡᠭᠦᠯᠬᠦ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ | ᠲᠣᠰ ᠤᠳᠠᠭᠠᠨ ᠤ ᠰᠦᠢᠳᠭᠡᠯ ᠥᠯᠥ ᠬᠤᠷᠢᠶᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ | ᠳᠠᠮᠵᠢᠭᠤᠯᠤᠨ᠂ ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠵᠦ᠂ ᠰᠠᠭᠤᠭᠠᠯᠢ ᠠᠷᠠᠳ ᠢ ᠬᠠᠪᠰᠤᠷᠤᠨ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠵᠤ᠂ | ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠪᠠ ᠬᠦᠷᠲᠡᠮᠵᠢ ᠶᠢᠨ | ᠰᠡᠳᠬᠢᠭᠳᠡᠯ ᠢ ᠨᠡᠮᠡᠭᠳᠡᠭᠦᠯᠪᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |