ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ ᠰᠤᠮᠤᠨ ᠤ ᠶᠢᠰᠦᠨ ᠰᠠᠷ᠎ᠠ ᠶᠢᠨ ᠶᠢᠰᠦᠨ ᠤ ᠶᠢᠰᠦᠨ | ᠨᠠᠷᠠ ᠶᠢᠨ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ | ᠲᠥᠯᠥᠭᠡ᠂ 10 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠠᠩᠭᠢ ᠳᠠᠭᠠᠭᠤᠯᠤᠨ ᠯᠦ ᠵᠢᠶᠠ ᠶᠢᠩ ᠲᠣᠰᠬᠤᠨ ᠳᠤ ᠬᠦᠷᠴᠦ | ᠠᠭᠤᠯᠠ ᠠᠪᠠᠷᠢᠬᠤ ᠪᠠᠶᠠᠷ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠠᠭᠤᠯᠠ ᠠᠪᠠᠷᠢᠬᠤ ᠪᠠᠶᠠᠷ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠲᠤᠬᠠᠢ ᠶᠢᠨ ᠲᠠᠯᠠᠪᠠᠢ ᠳᠤ᠂ ᠯᠢ ᠺᠠᠢ | ᠳ᠋ᠦᠩ ᠡᠯ᠎ᠡ ᠠᠵᠢᠯᠯᠠᠬᠤ ᠳᠤᠭᠤᠶᠢᠯᠠᠩ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ | ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠪᠡ᠃ | ᠯᠢ ᠺᠠᠶ ᠳ᠋ᠦᠩ᠂ ᠡᠯ᠎ᠡ ᠠᠵᠢᠯᠯᠠᠬᠤ ᠳᠤᠭᠤᠶᠢᠯᠠᠩ ᠤᠨ ᠬᠢᠨ ᠠᠭᠤᠯᠠ ᠠᠪᠠᠷᠢᠬᠤ ᠪᠠᠶᠠᠷ ᠤᠨ ᠠᠵᠢᠯᠯᠠᠭ᠎ᠠ ᠶᠢ | ᠥᠷᠨᠢᠭᠦᠯᠬᠦ ᠨᠢ ᠵᠤᠭᠠᠴᠠᠯ ᠤᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠬᠦ ᠵᠢᠴᠢ ᠰᠣᠶᠣᠯ ᠵᠤᠭᠠᠴᠠᠯ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠵᠤ᠂ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠠᠵᠢᠯᠯᠠᠭ᠎ᠠ ᠶᠢᠨ ᠡᠯ᠎ᠡ | ᠵᠦᠢᠯ ᠤᠨ ᠪᠡᠯᠡᠳᠬᠡᠯ ᠠᠵᠢᠯ ᠢ ᠳᠠᠬᠢᠨ ᠨᠠᠷᠢᠯᠢᠬᠵᠢᠭᠤᠯᠬᠤ᠂ ᠳᠠᠬᠢᠨ ᠳᠣᠭᠢᠷᠠᠭᠤᠯᠬᠤ᠂ ᠳᠠᠬᠢᠨ ᠪᠠᠶᠢᠷᠢᠯᠠᠭᠤᠯᠵᠤ᠂ | ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠦᠢᠯᠡᠴᠢᠯᠡᠭᠡ ᠭᠥᠯᠢᠶᠡᠨ ᠠᠪᠬᠤ᠂ ᠣᠷᠴᠢᠨ ᠲᠣᠭᠤᠷᠢᠨ ᠢ ᠳᠡᠭᠡᠭᠰᠢᠯᠡᠭᠦᠯᠬᠦ | ᠂ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠵᠣᠬᠢᠶᠠᠨ | ᠪᠠᠶᠢᠭᠤᠯᠤᠨ ᠵᠣᠬᠢᠴᠠᠭᠤᠯᠬᠤ ᠶᠢ ᠪᠣᠳᠠᠲᠠᠶᠢᠵᠢᠭᠤᠯᠬᠤ᠂ ᠵᠣᠯᠭᠠᠭᠤᠯᠬᠤ ᠶᠢ ᠪᠣᠳᠠᠲᠠᠶᠢᠵᠢᠭᠤᠯᠬᠤ ᠶᠢ ᠪᠠᠲᠤᠯᠠᠬᠤ᠂ | ᠦᠢᠯᠡᠴᠢᠯᠡᠭᠡᠨ ᠤ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠪᠠᠲᠤᠯᠠᠵᠤ᠂ ᠠᠭᠤᠯᠠ ᠠᠪᠠᠷᠢᠬᠤ ᠤᠷᠤᠯᠳᠤᠭᠠᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠨᠴᠠ ᠭᠠᠷᠤᠯᠲᠠ ᠶᠢᠨ ᠦᠵᠡᠭᠦᠯᠦᠯᠭᠡ ᠵᠡᠷᠭᠡ | ᠠᠵᠢᠯᠯᠠᠭ᠎ᠠ ᠶᠢᠨ ᠲᠡᠭᠦᠰ ᠠᠮᠵᠢᠯᠲᠠ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠰᠢᠶᠠᠨ ᠤ ᠤᠳᠤᠷᠢᠳᠤᠯᠭ᠎ᠠ ᠸᠠᠩ ᠬᠠᠢ ᠵᠢᠶᠦ᠋ᠨ᠂ ᠵᠤᠤ ᠬᠤᠢ ᠵᠢᠤᠢ᠂ ᠰᠦᠨ ᠬᠠᠢ ᠵᠢᠶᠦ᠋ᠨ᠂ ᠵᠧᠦ ᠷᠦᠢ | ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |