ᠪᠦᠯᠬᠦᠮᠳᠡᠯ ᠤᠨ ᠲᠥᠪ ᠤᠨ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠶᠠᠲᠤ ᠣᠷᠣᠨ ᠳᠠᠭᠠᠨ ᠰᠦᠢᠳᠭᠡᠯ ᠬᠤᠷᠢᠶᠠᠬᠤ ᠥᠬᠡᠶ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2023/10/17
      ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠵᠤ᠂ ᠰᠠᠭᠤᠭᠠᠯᠢ ᠠᠷᠠᠳ ᠤᠨ ᠬᠡᠷ ᠤᠨ ᠡᠭᠦᠳᠡᠨ ᠳᠤ ᠨᠠᠩ ᠴᠢᠨᠠᠷ ᠰᠠᠶᠢᠲᠠᠶ᠂ ᠳᠥᠭᠦᠮ ᠳᠥᠲᠡ᠂ ᠪᠦᠷᠢᠨ ᠭᠦᠢᠴᠡᠳ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ 10 ᠰᠠᠷ᠎ᠠ ᠶᠢᠨ 15 ᠤ ᠡᠳᠦᠷ᠂ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠪᠦᠯᠬᠦᠮᠳᠡᠨ ᠬᠠᠷᠢᠶᠠᠲᠤ ᠣᠷᠣᠨ ᠤ ᠳᠣᠲᠣᠷ᠎ᠠ ᠰᠦᠢᠳᠭᠡᠯ ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠥᠷᠨᠢᠭᠦᠯᠬᠦ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃ ᠡᠮᠨᠡᠯᠭᠡ ᠶᠢᠨ ᠠᠵᠢᠯᠲᠠᠳ ᠰᠠᠭᠤᠭᠠᠯᠢ ᠠᠷᠠᠳ ᠤᠨ ᠴᠢᠰᠤᠨ ᠳᠠᠷᠤᠯᠲᠠ᠂ ᠴᠢᠰᠤᠨ ᠰᠢᠬᠢᠷ᠂ ᠪᠡᠶ᠎ᠡ ᠶᠢᠨ ᠬᠦᠨᠳᠦ ᠵᠡᠷᠭᠡ ᠶᠢ ᠬᠡᠮᠵᠢᠬᠦ ᠵᠦᠢᠯᠡᠰ ᠲᠤ ᠢᠳᠡᠵᠦ ᠤᠤᠭᠤᠬᠤ ᠤᠨᠲᠠᠵᠤ ᠠᠮᠠᠷᠠᠬᠤ ᠶᠢᠨ ᠡᠷᠡᠭᠦᠯ ᠴᠢᠭᠢᠷᠠᠭ ᠠᠮᠢᠳᠤᠷᠠᠯ ᠤᠨ ᠵᠠᠩ ᠳᠠᠳᠬᠠᠯ ᠢ ᠲᠠᠶᠢᠯᠪᠤᠷᠢᠯᠠᠬᠤ ᠶᠢᠨ ᠬᠠᠮᠲᠤ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ ᠲᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠲᠠᠯ᠎ᠠ ᠶᠢᠨ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠲᠤᠰᠬᠠᠶ ᠮᠡᠷᠭᠡᠵᠢᠯ ᠤᠨ ᠡᠪᠡᠳᠴᠢᠨ ᠦᠵᠡᠭᠦᠯᠬᠦ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃      ᠲᠣᠰ ᠤᠳᠠᠭᠠᠨ ᠤ ᠰᠦᠢᠳᠭᠡᠯ ᠥᠯᠥ ᠬᠤᠷᠢᠶᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠢ ᠬᠠᠪᠰᠤᠷᠤᠨ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠪᠠ ᠬᠦᠷᠲᠡᠮᠵᠢ ᠶᠢᠨ ᠰᠡᠳᠬᠢᠭᠳᠡᠯ ᠢ ᠨᠡᠮᠡᠭᠳᠡᠭᠦᠯᠪᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3