ᠯᠢ ᠺᠠᠶ ᠳ᠋ᠦᠩ ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ ᠰᠤᠮᠤᠨ ᠠᠭᠤᠯᠠᠨ ᠤ ᠶᠢᠰᠦᠨ ᠵᠢᠯ ᠤᠨ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/10/17
      ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ ᠰᠤᠮᠤᠨ ᠤ ᠶᠢᠰᠦᠨ ᠰᠠᠷ᠎ᠠ ᠶᠢᠨ ᠶᠢᠰᠦᠨ ᠤ ᠶᠢᠰᠦᠨ ᠨᠠᠷᠠ ᠶᠢᠨ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠠᠩᠭᠢ ᠳᠠᠭᠠᠭᠤᠯᠤᠨ ᠯᠦ ᠵᠢᠶᠠ ᠶᠢᠩ ᠲᠣᠰᠬᠤᠨ ᠳᠤ ᠬᠦᠷᠴᠦ ᠠᠭᠤᠯᠠ ᠠᠪᠠᠷᠢᠬᠤ ᠪᠠᠶᠠᠷ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠠᠭᠤᠯᠠ ᠠᠪᠠᠷᠢᠬᠤ ᠪᠠᠶᠠᠷ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠲᠤᠬᠠᠢ ᠶᠢᠨ ᠲᠠᠯᠠᠪᠠᠢ ᠳᠤ᠂ ᠯᠢ ᠺᠠᠢ ᠳ᠋ᠦᠩ ᠡᠯ᠎ᠡ ᠠᠵᠢᠯᠯᠠᠬᠤ ᠳᠤᠭᠤᠶᠢᠯᠠᠩ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃      ᠯᠢ ᠺᠠᠶ ᠳ᠋ᠦᠩ᠂ ᠡᠯ᠎ᠡ ᠠᠵᠢᠯᠯᠠᠬᠤ ᠳᠤᠭᠤᠶᠢᠯᠠᠩ ᠤᠨ ᠬᠢᠨ ᠠᠭᠤᠯᠠ ᠠᠪᠠᠷᠢᠬᠤ ᠪᠠᠶᠠᠷ ᠤᠨ ᠠᠵᠢᠯᠯᠠᠭ᠎ᠠ ᠶᠢ ᠥᠷᠨᠢᠭᠦᠯᠬᠦ ᠨᠢ ᠵᠤᠭᠠᠴᠠᠯ ᠤᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠬᠦ ᠵᠢᠴᠢ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠠᠵᠢᠯᠯᠠᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠳᠠᠬᠢᠨ ᠨᠠᠷᠢᠯᠢᠬᠵᠢᠭᠤᠯᠬᠤ᠂ ᠳᠠᠬᠢᠨ ᠳᠣᠭᠢᠷᠠᠭᠤᠯᠬᠤ᠂ ᠳᠠᠬᠢᠨ ᠪᠠᠶᠢᠷᠢᠯᠠᠭᠤᠯᠵᠤ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ᠂  ᠦᠢᠯᠡᠴᠢᠯᠡᠭᠡ ᠭᠥᠯᠢᠶᠡᠨ ᠠᠪᠬᠤ᠂ ᠣᠷᠴᠢᠨ ᠲᠣᠭᠤᠷᠢᠨ ᠢ ᠳᠡᠭᠡᠭᠰᠢᠯᠡᠭᠦᠯᠬᠦ ᠂ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠡᠯ᠎ᠡ  ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠪᠣᠳᠠᠲᠠᠶᠢᠵᠢᠭᠤᠯᠬᠤ᠂ ᠵᠣᠯᠭᠠᠭᠤᠯᠬᠤ ᠶᠢ ᠪᠣᠳᠠᠲᠠᠶᠢᠵᠢᠭᠤᠯᠬᠤ ᠶᠢ ᠪᠠᠲᠤᠯᠠᠬᠤ᠂ ᠦᠢᠯᠡᠴᠢᠯᠡᠭᠡᠨ ᠤ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠪᠠᠲᠤᠯᠠᠵᠤ᠂ ᠠᠭᠤᠯᠠ ᠠᠪᠠᠷᠢᠬᠤ ᠤᠷᠤᠯᠳᠤᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠨᠴᠠ ᠭᠠᠷᠤᠯᠲᠠ ᠶᠢᠨ ᠦᠵᠡᠭᠦᠯᠦᠯᠭᠡ ᠵᠡᠷᠭᠡ ᠠᠵᠢᠯᠯᠠᠭ᠎ᠠ ᠶᠢᠨ ᠲᠡᠭᠦᠰ ᠠᠮᠵᠢᠯᠲᠠ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠸᠠᠩ ᠬᠠᠢ ᠵᠢᠶᠦ᠋ᠨ᠂ ᠵᠤᠤ ᠬᠤᠢ ᠵᠢᠤᠢ᠂ ᠰᠦᠨ ᠬᠠᠢ ᠵᠢᠶᠦ᠋ᠨ᠂ ᠵᠧᠦ ᠷᠦᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3