ᠴᠧᠩ ᠭᠤᠸᠠᠨ ᠪᠠᠯᠭᠠᠰᠤᠨ ᠤ ᠰᠢᠩ ᠬᠤᠸᠠ ᠭᠸᠤ ᠲᠣᠰᠬᠤᠨ᠄ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ ᠬᠥᠭᠵᠢᠯᠲᠡ ᠶᠢ ᠠᠬᠢᠭᠤᠯᠵᠤ ᠬᠥᠳᠡᠭᠡ ᠲᠣᠰᠬᠤᠨ ᠤ ᠰᠢᠨ᠎ᠡ ᠦᠵᠡᠮᠵᠢ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/10/17
      ᠡᠨᠡ ᠵᠢᠯ ᠠᠴᠠ ᠨᠠᠰᠢ᠂ ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠰᠢᠩ ᠬᠤᠸᠠ ᠭᠸᠤ ᠲᠣᠰᠬᠤᠨ ᠤ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠣᠰᠬᠤᠨ ᠤ ᠨᠠᠮ ᠤᠨ ᠡᠭᠦᠷ ᠤᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠥᠭᠵᠢᠯᠲᠡ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠲᠣᠰᠬᠤᠨ ᠤ ᠰᠤᠷᠲᠠᠯ ᠪᠣᠯᠪᠠᠰᠤᠨ ᠤ ᠴᠣᠭᠴᠠᠯᠠᠯᠲᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠵᠢᠷᠤᠭ ᠲᠥᠰᠦᠪ ᠢ ᠬᠦᠴᠦᠯᠡᠨ ᠵᠢᠷᠤᠭᠯᠠᠪᠠ᠃      — ︽ᠨᠠᠮ ᠤᠨ ᠪᠠᠶᠢᠭᠤᠯᠤᠯᠲᠠ + ᠲᠣᠰᠬᠤᠨ ᠤ ᠲᠠᠰ ᠤᠨ ᠳᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ︾ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠳᠠᠭᠠᠭᠤᠯᠤᠭᠴᠢ︾ ᠶᠢ ᠪᠤᠶᠢᠵᠢᠭᠤᠯᠤᠨ᠎ᠠ      ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠡᠯᠡᠳᠬᠡᠯ ᠺᠠᠳ᠋ᠷ᠂ ᠬᠥᠳᠡᠭᠡ ᠲᠣᠰᠬᠤᠨ ᠤ ᠨᠠᠮ ᠤᠨ ᠭᠡᠰᠢᠭᠦᠨ ᠵᠡᠷᠭᠡ ᠭᠤᠷᠪᠠᠨ ᠡᠩᠨᠡᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠴᠢᠳᠠᠪᠤᠷᠢᠲᠠᠨ ᠤ ᠪᠠᠲᠤᠯᠠᠭ᠎ᠠ ᠬᠠᠩᠭᠠᠵᠠᠢ᠃ ᠨᠠᠮ ᠤᠨ ᠡᠭᠦᠷ ᠤᠨ ᠠᠮᠢᠵᠢᠷᠠᠯ ᠤᠨ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠴᠢᠩᠭ᠎ᠠ ᠬᠡᠷᠡᠭᠵᠢᠭᠦᠯᠵᠦ᠂ ᠨᠠᠮ ᠤᠨ ᠭᠡᠰᠢᠭᠦᠨ ᠤ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠨᠠᠮ ᠤᠨ ᠡᠭᠦᠷ ᠭᠤᠣᠯᠳᠠᠯᠭ᠎ᠠ ᠲᠠᠢ ᠠᠵᠢᠯ ᠢ ᠪᠣᠳᠠᠲᠠᠶᠢᠵᠢᠭᠤᠯᠵᠤ᠂ ᠨᠠᠷᠢᠨ ᠳᠠᠩᠰᠠᠵᠢᠭᠤᠯᠵᠤ᠂ ᠬᠠᠷᠢᠭᠤᠴᠠᠯᠭ᠎ᠠ ᠲᠠᠢ ᠪᠣᠯᠭᠠᠵᠤ᠂ ᠴᠠᠭ ᠲᠤᠬᠠᠢ ᠳᠤᠨᠢ ᠳᠠᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠲᠣᠰᠬᠤᠨ ᠳᠤ ᠪᠠᠶᠢᠭ᠎ᠠ ᠨᠠᠮ ᠤᠨ ᠭᠡᠰᠢᠭᠦᠨ ᠨᠠᠮ ᠤᠨ ᠰᠦᠯᠳᠡ ᠵᠡᠭᠦᠬᠦ᠂ ᠪᠡᠶ᠎ᠡ ᠶᠢᠨ ᠭᠠᠷᠤᠯ ᠢᠶᠠᠨ ᠢᠯᠡᠷᠡᠭᠦᠯᠬᠦ ᠶᠢ ᠪᠠᠷᠢᠮᠲᠠᠯᠠᠬᠤ ᠶᠢᠨ ᠬᠠᠮᠲᠤ ᠨᠠᠮ ᠤᠨ ᠭᠡᠰᠢᠭᠦᠨ ᠤ ᠲᠤᠰᠬᠠᠢ ᠦᠢᠯᠡᠴᠢᠯᠡᠭᠡᠨ ᠤ ᠠᠵᠢᠯ ᠤᠨ ᠪᠠᠶᠢᠷᠢ ᠭᠠᠷᠭᠠᠵᠤ ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠤ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠠᠴᠠᠭᠠᠨ ᠤ ᠳᠡᠰ ᠤᠨ ᠪᠡᠯᠡᠳᠬᠡᠯ ᠬᠦᠴᠦᠨ ᠢ ᠪᠠᠶᠢᠭᠤᠯᠤᠨ᠎ᠠ᠃ ᠪᠡᠯᠡᠳᠬᠡᠯ ᠺᠠᠳ᠋ᠷ ᠤᠨ ᠡᠩᠨᠡᠭᠡᠨ ᠤ ᠡᠬᠡ ᠲᠠᠩᠰᠠ ᠶᠢ ᠪᠠᠶᠢᠭᠤᠯᠵᠤ᠂ ᠬᠥᠳᠡᠯᠦᠩᠭᠦᠢ ᠪᠠᠷ ᠮᠥᠷᠳᠡᠨ ᠬᠠᠮᠢᠶᠠᠷᠬᠤ ᠶᠢ ᠬᠡᠷᠡᠭᠵᠢᠭᠦᠯᠵᠦ᠂ ᠪᠡᠯᠡᠳᠬᠡᠯ ᠬᠦᠴᠦᠨ ᠨᠢᠭᠡᠪᠦᠷᠢ ᠠᠴᠠ ᠲᠣᠰᠬᠤᠨ ᠤ ︽ᠬᠤᠶᠠᠷ ᠵᠥᠪᠯᠡᠯ︾ ᠤᠨ 1 ᠪᠦᠷᠢᠯᠳᠦᠬᠦᠨ ᠲᠠᠢ ᠲᠣᠭᠲᠠᠭᠰᠠᠨ ᠴᠢᠭᠯᠡᠯ ᠢᠶᠠᠷ ᠬᠠᠷᠢᠯᠴᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠵᠤ᠂ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠬᠤ ᠬᠡᠷᠡᠭᠲᠡᠢ︔ ᠶᠡᠭᠡ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠪᠠᠭᠤᠭᠰᠠᠳ᠂ ᠪᠠᠶᠠᠵᠢᠯ ᠤᠨ ᠲᠠᠭᠠᠭᠤᠯᠤᠬᠴᠢ ᠵᠡᠷᠭᠡ ᠰᠢᠯᠢᠳᠡᠭ ᠴᠢᠳᠠᠪᠤᠷᠢᠲᠠᠨ ᠢ ᠭᠤᠣᠯᠳᠠᠯᠭ᠎ᠠ ᠲᠠᠢ ᠪᠠᠷ ᠰᠢᠯᠢᠨ ᠰᠣᠩᠭᠤᠵᠤ᠂ ᠨᠢᠭᠡ ᠪᠦᠯᠦᠭ ᠰᠢᠯᠢᠳᠡᠭ ᠵᠠᠯᠠᠭᠤ ᠲᠣᠰᠬᠤᠨ ᠤ ᠳᠡᠰ ᠤᠨ ᠪᠡᠯᠡᠳᠬᠡᠯ ᠺᠠᠳ᠋ᠷ ᠢ ᠬᠥᠮᠦᠵᠢᠭᠦᠯᠵᠦ᠂ ᠺᠠᠳ᠋ᠷ ᠢ ᠬᠥᠮᠦᠵᠢᠭᠦᠯᠬᠦ ᠶᠢᠨ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠨ᠎ᠠ ᠃ ᠣᠲᠣ ᠪᠣᠯᠲᠠᠯ᠎ᠠ᠂ ᠪᠥᠬᠦ ᠲᠣᠰᠬᠤᠨ ᠳᠤ ᠲᠣᠰᠬᠤᠨ ᠤ ᠲᠠᠰ ᠤᠨ ᠪᠡᠯᠡᠳᠬᠡᠯ ᠨᠡᠶᠢᠲᠡ 10 ᠬᠥᠮᠦᠨ ᠪᠠᠶᠢᠨ᠎ᠠ᠃      — ︽ᠨᠠᠮ ᠤᠨ ᠪᠠᠶᠢᠭᠤᠯᠤᠯᠲᠠ + ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ︾ ᠶᠢ ᠪᠠᠷᠢᠮᠲᠠᠯᠠᠵᠤ᠂ ᠬᠠᠮᠲᠤ ᠶᠢᠨ ᠠᠵᠤ ᠠᠬᠤᠶ ᠶᠢᠨ ︽ᠲᠦᠷᠭᠡᠨ ᠬᠥᠭᠵᠢᠯᠲᠡ︾ ᠶᠢ ᠠᠬᠢᠭᠤᠯᠤᠨ᠎ᠠ      ᠪᠦᠬᠦ ᠰᠢᠶᠠᠨ ᠤ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠬᠥᠭᠵᠢᠯᠲᠡ ᠶᠢᠨ ᠪᠠᠶᠢᠷᠢᠰᠢᠯ ᠳᠤ ᠰᠠᠭᠤᠷᠢᠯᠠᠨ ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠨ ᠪᠤᠵᠠᠭᠠᠢᠢᠷᠠᠬᠤ ᠲᠠᠯ᠎ᠠ ᠪᠠᠷ ᠢᠳᠡᠪᠬᠢᠲᠡᠶ ᠪᠠᠷ ᠭᠠᠷᠬᠤ ᠵᠠᠮ ᠡᠷᠢᠯᠬᠢᠯᠡᠵᠦ᠂ ᠴᠠᠷ ᠨᠠᠭᠤᠷ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠡᠯᠡ ᠨᠡᠶᠢᠯᠡᠭᠦᠯᠦᠨ ᠰᠢᠩ ᠬᠤᠸᠠ ᠭᠧᠤ ᠲᠣᠰᠬᠤᠨ ᠤ ᠨᠡᠷᠡᠨ ᠭᠡᠷᠡᠯ ᠤᠨ ᠬᠦᠯᠡᠮᠵᠢ ᠶᠢᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ ᠲᠤᠬᠠᠶ ᠶᠢᠨ ᠭᠠᠵᠠᠷ ᠤᠨ ᠲᠠᠷᠢᠶᠠᠴᠢᠳ ᠢ ᠵᠣᠷᠢᠭᠵᠢᠭᠤᠯᠤᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠬᠡᠯᠪᠡᠷᠢ ᠪᠠᠷ ᠬᠤᠪᠢ ᠣᠷᠣᠭᠤᠯᠵᠤ᠂ ᠭᠠᠵᠠᠷ ᠰᠢᠷᠣᠶ᠂ ᠬᠥᠳᠡᠯᠮᠦᠷᠢ ᠬᠦᠴᠦ ᠵᠡᠷᠭᠡ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠪᠠᠷ ᠠᠬᠢᠭᠤᠯᠪᠠ᠃  ᠴᠠᠷ ᠨᠠᠭᠤᠷ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠵᠤ ᠠᠬᠤᠶᠢᠯᠠᠯᠴᠢᠯᠠᠭᠰᠠᠨ ᠡᠵᠡᠩᠨᠡᠯᠲᠡ ᠪᠠᠷ ᠳᠠᠮᠵᠢᠭᠤᠯᠤᠨ᠂ ᠡᠷᠭᠢᠨ ᠲᠣᠭᠤᠷᠢᠨ ᠤ ᠲᠣᠰᠬᠤᠨ ᠤ ᠠᠷᠠᠳ ᠲᠤ ᠨᠡᠶᠢᠲᠡ 100 ᠭᠠᠷᠤᠶ ᠠᠵᠢᠯ ᠤᠨ ᠪᠠᠶᠢᠷᠢ ᠬᠠᠩᠭᠠᠵᠤ᠂ ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠶ ᠳᠤ 24.84 ᠲᠦᠮᠡᠨ ᠲᠥᠭᠦᠷᠢᠭ ᠲᠤᠰᠢᠶᠠᠨ᠎ᠠ ᡽189 ᠡᠷᠦᠬᠡ ᠲᠣᠰᠬᠤᠨ ᠤ ᠠᠷᠠᠳ ᠤᠨ 2345.4 ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ᠂ ᠵᠢᠯ ᠪᠦᠷᠢ ᠲᠣᠰᠬᠤᠨ ᠤ ᠠᠷᠠᠳ ᠤᠨ ᠭᠠᠵᠠᠷ ᠰᠢᠷᠣᠶ ᠶᠢᠨ ᠡᠷᠭᠢᠯᠲᠡ ᠶᠢᠨ ᠣᠷᠣᠯᠭ᠎ᠠ ᠶᠢ 49.6408 ᠲᠦᠮᠡᠨ ᠲᠥᠭᠦᠷᠢᠭ ᠨᠡᠮᠡᠭᠳᠡᠭᠦᠯᠵᠦ ᠪᠠᠶᠢᠨ᠎ᠠ᠃      — ︽ᠨᠠᠮ ᠤᠨ ᠪᠠᠶᠢᠭᠤᠯᠤᠯᠲᠠ + ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ︾ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠰᠢᠨ᠎ᠡ ᠦᠵᠡᠮᠵᠢ︾ ᠶᠢ ᠴᠣᠭᠴᠠᠯᠠᠨ ᠪᠠᠶᠢᠭᠤᠯᠤᠨ᠎ᠠ       ᠴᠠᠷ ᠨᠠᠭᠤᠷ ᠤᠨ ︽ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ︾ ︽ᠤᠯᠤᠰ ᠤᠨ ᠲᠠᠰ ᠤᠨ ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ︾ ᠵᠡᠷᠭᠡ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠲᠠᠷᠢᠶᠠᠯᠠᠩ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ ᠰᠢᠩ ᠬᠤᠸᠠ ᠭᠸᠤ ᠶᠢᠨ ᠲᠠᠭᠠᠯᠠᠮᠵᠢᠲᠠᠶ ᠠᠭᠤᠷ ᠠᠮᠢᠰᠬᠤᠯ ᠤᠨ ᠣᠷᠴᠢᠨ ᠲᠣᠭᠤᠷᠢᠨ ᠪᠠ ᠳᠥᠭᠦᠮ ᠳᠥᠲᠡ ᠵᠠᠮ ᠬᠠᠷᠢᠯᠴᠠᠭᠠᠨ ᠤ ᠨᠥᠬᠦᠴᠡᠯ ᠳᠤ ᠰᠠᠭᠤᠷᠢᠯᠠᠵᠤ᠂ ᠨᠡᠶᠢᠰᠯᠡᠯ ᠳᠤ ᠬᠠᠨᠳᠤᠭᠤᠯᠤᠭᠰᠠᠨ ᠳᠥᠷᠪᠡᠨ ᠤᠯᠠᠷᠢᠯ ᠤᠨ ᠵᠢᠭᠤᠯᠴᠢᠯᠠᠯ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠠᠮᠠᠷᠠᠯᠲᠠ ᠶᠢᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠪᠠᠷ ᠬᠠᠷᠠᠯᠲᠠ ᠪᠣᠯᠭᠠᠵᠤ᠂  ᠴᠠᠷ ᠨᠠᠭᠤᠷ ᠢᠶᠠᠷ ᠲᠦᠰᠢᠭ ᠪᠣᠯᠭᠠᠭᠰᠠᠨ ᠪᠦᠬᠦ ᠣᠷᠣᠨ ᠪᠦᠰᠡ ᠶᠢᠨ ᠰᠣᠶᠣᠯ ᠠᠮᠢ ᠠᠬᠤᠶ ᠶᠢᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ᠰᠢᠩ ᠬᠤᠸᠠ ᠭᠸᠤ ᠶᠢᠨ ᠠᠷᠠᠳ ᠤᠨ ᠵᠠᠩ ᠦᠢᠯᠡ ᠶᠢᠨ ᠬᠦᠷᠢᠶᠡᠯᠡᠩ ᠢᠶᠠᠷ ᠭᠤᠣᠯ ᠪᠣᠯᠭᠠᠭᠰᠠᠨ ᠠᠷᠠᠳ ᠤᠨ ᠵᠠᠩ ᠦᠢᠯᠡ ᠶᠢᠨ ᠵᠤᠭᠠᠴᠠᠯ  ᠴᠠᠷ ᠨᠠᠭᠤᠷ ᠤᠨ ᠨᠠᠭᠤᠷ ᠨᠡᠭᠡᠭᠡᠬᠦ ᠪᠠᠶᠠᠷ᠂ ᠡᠪᠦᠯ ᠤᠨ ᠠᠩᠨᠠᠯ ᠤᠨ ᠪᠠᠶᠠᠷ ᠢᠶᠠᠷ ᠭᠤᠣᠯᠳᠠᠯᠭ᠎ᠠ ᠪᠣᠯᠭᠠᠭᠰᠠᠨ ᠰᠣᠶᠣᠯ ᠢᠷᠭᠡᠨᠰᠢᠯ ᠤᠨ ᠵᠤᠭᠠᠴᠠᠯ᠂ ᠰᠢᠩ ᠬᠤᠸᠠ ᠭᠸᠤ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠠᠩᠬᠠᠳᠠᠭᠴᠢ ᠨᠠᠮ ᠤᠨ ᠳᠤᠭᠤᠶᠢᠯᠠᠩ ᠤᠨ ᠮᠡᠨᠳᠦᠯᠡᠭᠰᠡᠨ ᠭᠠᠵᠠᠷ ᠢᠶᠠᠷ ᠭᠤᠣᠯ ᠰᠡᠳᠦᠪ ᠪᠣᠯᠭᠠᠭᠰᠠᠨ ᠬᠤᠪᠢᠰᠬᠠᠯ ᠤᠨ ᠵᠤᠭᠠᠴᠠᠯ ᠤᠨ ᠵᠤᠭᠠᠴᠠᠯ᠂  ᠴᠠᠷ ᠨᠠᠭᠤᠷ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ ᠪᠠᠷ ᠭᠤᠣᠯ ᠱᠤᠭᠤᠮ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠵᠤᠭᠠᠴᠠᠯ ᠤᠨ ᠵᠤᠭᠠᠴᠠᠯ᠂ ︽ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠬᠥᠨᠳᠡᠢ · ᠰᠡᠯᠡᠭᠦᠴᠡᠯ ᠤᠨ ᠴᠠᠷ ᠨᠠᠭᠤᠷ︾ ᠢᠶᠠᠷ ᠨᠡᠷ᠎ᠡ ᠶᠢᠨ ᠬᠠᠭᠤᠳᠠᠰᠤ ᠪᠣᠯᠭᠠᠭᠰᠠᠨ ᠴᠠᠷ ᠨᠠᠭᠤᠷ ᠤᠨ ᠪᠡᠶ᠎ᠡ ᠰᠤᠪᠢᠯᠠᠯᠲᠠ ᠨᠠᠰᠤᠵᠢᠯ ᠤᠨ ᠠᠮᠠᠷᠠᠯᠲᠠ ᠶᠢᠨ ᠣᠷᠣᠨ ᠨᠢ ᠨᠡᠶᠢᠰᠯᠡᠯ ᠳᠤ ᠬᠠᠨᠳᠤᠭᠤᠯᠤᠭᠰᠠᠨ ︽ᠠᠷᠤ ᠶᠢᠨ ᠴᠡᠴᠡᠷᠯᠢᠭ︾ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠠᠢ᠃      — ︽ᠨᠠᠮ ᠤᠨ ᠪᠠᠶᠢᠭᠤᠯᠤᠯᠲᠠ + ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠢ ᠡᠭᠦᠳᠦᠨ ᠪᠠᠶᠢᠭᠤᠯᠬᠤ︾ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ︽ᠰᠢᠨ᠎ᠡ ᠵᠢᠷᠤᠭ︾ ᠢ ᠵᠢᠷᠤᠭᠯᠠᠨ᠎ᠠ      ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠷ ᠲᠠᠪᠴᠠᠩ ᠪᠣᠯᠭᠠᠨ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠬᠦᠳᠦᠯᠦᠨ ᠳᠠᠭᠠᠭᠤᠯᠵᠤ᠂ ᠤᠳᠬ᠎ᠠ ᠤᠷᠠᠯᠢᠭ ᠤᠨ ᠠᠵᠢᠯᠯᠠᠭᠠᠨ ᠤ ᠦᠷᠦᠭᠡ᠂ ᠲᠠᠯ᠎ᠠ ᠨᠤᠲᠤᠭ ᠤᠨ ᠨᠣᠮ ᠤᠨ ᠦᠷᠦᠭᠡ᠂ ᠯᠢ ᡁᠢ ᠬᠡᠳᠦ ᠳᠡᠯᠭᠡᠭᠦᠷ ᠵᠡᠷᠭᠡ ᠠᠵᠢᠯᠯᠠᠭᠠᠨ ᠤ ᠵᠢᠭᠰᠠᠭᠠᠯ ᠤᠨ ᠭᠠᠵᠠᠷ ᠢ ᠨᠡᠶᠢᠳᠬᠡᠬᠦ ᠪᠠᠷ ᠳᠠᠮᠵᠢᠭᠤᠯᠵᠤ᠂ ︽ᠨᠠᠮ ᠤᠨ ᠡᠭᠦᠷ + ᠦᠢᠯᠡᠳᠦᠯᠭᠡ ᠶᠢᠨ ᠦᠷᠲᠡᠭᠡ + ᠰᠠᠶᠢᠨ ᠳᠤᠷ᠎ᠠ ᠶᠢᠨ ᠠᠵᠢᠯᠯᠠᠭᠴᠢ + ᠤᠯᠠᠨ ᠲᠦᠮᠡᠨ︾ ᠤ ᠵᠠᠭᠪᠤᠷ ᠢᠶᠠᠷ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠳᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠤᠨᠤᠯ ᠢ ᠤᠬᠠᠭᠤᠯᠤᠨ ᠲᠠᠶᠢᠯᠪᠤᠷᠢᠯᠠᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠤᠷᠠᠨ ᠰᠠᠶᠢᠬᠠᠨ ᠤ ᠲᠣᠭᠯᠠᠯᠲᠠ ᠵᠡᠷᠭᠡ ᠶᠢ ᠬᠠᠮᠤᠷᠴᠠᠢ᠃ ᠡᠭᠦᠨ ᠤ ᠵᠡᠷᠭᠡᠪᠡᠷ᠂ ︽ᠦᠵᠡᠰᠬᠦᠯᠡᠩᠲᠦ ᠰᠠᠶᠢᠬᠠᠨ  ᠬᠦᠷᠢᠶ᠎ᠡ ᠬᠠᠰᠢᠶ᠎ᠠ︾ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠲᠠᠢ ᠤᠶᠠᠯᠳᠤᠭᠤᠯᠵᠤ᠂ ᠲᠣᠰᠬᠤᠨ ᠤ ᠠᠷᠠᠳ ᠤᠯᠠᠨ ᠢ ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠣᠶᠢᠯᠠᠭᠠᠭᠳᠠᠬᠤᠨ ᠲᠠᠢ ᠪᠣᠯᠭᠠᠵᠤ᠂ ᠨᠡᠶᠢᠭᠡᠮ ᠵᠢᠷᠤᠮ ᠤᠨ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠦᠷᠭᠦᠯᠵᠢᠯᠡᠨ ᠰᠠᠶᠢᠵᠢᠷᠠᠨ ᠬᠥᠭᠵᠢᠬᠦ ᠳᠤ ᠬᠦᠴᠦᠨ ᠨᠡᠮᠡᠷᠢᠯᠡᠨ᠎ᠡ᠃ ᠣᠳᠣᠬᠠᠨ ᠪᠣᠯᠲᠠᠯ᠎ᠠ᠂ ᠰᠢᠩ ᠬᠤᠸᠠ ᠭᠸᠤ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠷᠳᠡᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 10 ᠤᠳᠠᠭ᠎ᠠ ᠥᠷᠨᠢᠭᠦᠯᠵᠡᠢ᠃      — ︽ᠨᠠᠮ ᠤᠨ ᠪᠠᠶᠢᠭᠤᠯᠤᠯᠲᠠ + ᠦᠨᠳᠦᠰᠦᠨ ᠱᠠᠲᠤᠨ ᠤ ᠵᠠᠰᠠᠯᠲᠠ ᠶᠢᠨ ᠦᠢᠯᠡᠴᠢᠯᠡᠭᠡ︾ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ︽ᠰᠢᠨ᠎ᠡ ᠬᠢᠷᠢ ᠲᠦᠪᠰᠢᠨ︾ ᠢ ᠳᠡᠭᠡᠭᠰᠢᠯᠡᠭᠦᠯᠦᠨ᠎ᠡ      ᠥᠷᠭᠡᠨ ᠣᠯᠠᠨ ᠲᠦᠮᠡᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠬᠦᠴᠦᠨ ᠤ ︽ᠣᠯᠠᠨ ᠡᠰᠢᠲᠦ︾ ᠭᠤᠤᠯ ᠴᠣᠭᠴᠠ ᠶᠢ ᠢᠳᠡᠪᠬᠢᠲᠡᠶ ᠳᠠᠶᠢᠴᠢᠯᠠᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠭᠤᠯᠵᠤ᠂ ᠵᠠᠰᠠᠯᠲᠠ ᠶᠢᠨ ᠨᠡᠶᠢᠯᠡᠮᠡᠯ ᠬᠦᠴᠦᠨ ᠢ ᠥᠷᠭᠡᠨ ᠢᠶᠠᠷ ᠨᠢᠭᠲᠠᠷᠠᠭᠤᠯᠤᠨ᠂ ᠵᠠᠰᠠᠯᠲᠠ ᠶᠢᠨ ᠣᠶᠤᠨ ᠤᠬᠠᠭᠠᠨ ᠢ ᠬᠤᠷᠠᠮᠳᠤᠭᠤᠯᠵᠤ᠂ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠦᠨ᠎ᠡ᠃ ᠶᠡᠷᠦᠩᠬᠡᠶᠢᠯᠡᠭᠰᠡᠨ ᠴᠢᠳᠠᠪᠤᠷᠢ ᠪᠠᠷ ᠨᠡᠯᠢᠶᠡᠳ ᠴᠢᠩᠭ᠎ᠠ 2 ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠶᠢ ᠰᠣᠩᠭᠤᠨ ᠭᠠᠷᠭᠠᠵᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠦᠯᠬᠦ ᠶᠢ ᠤᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠪᠣᠯᠭᠠᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠴᠢᠩᠭᠠᠳᠬᠠᠪᠠ᠃ ︽12345︾ ᠠᠵᠢᠯ ᠤᠨ ᠵᠠᠭᠪᠤᠷ ᠢᠶᠠᠷ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ ᠨᠠᠮᠳᠠᠭᠤᠯᠤᠨ᠎ᠠ᠂ ᠲᠤᠬᠠᠶᠢᠯᠠᠪᠠᠯ ᠨᠢᠭᠡ ᠳᠤ ᠰᠣᠨᠣᠰᠬᠤ᠂ ᠬᠤᠶᠠᠷ ᠲᠤ ᠪᠠᠶᠢᠴᠠᠭᠠᠬᠤ᠂ ᠭᠤᠷᠪᠠ ᠳᠤ ᠰᠢᠢᠳᠪᠦᠷᠢᠯᠡᠬᠦ᠂ ᠲᠦᠷᠪᠡ ᠳᠤ ᠳᠠᠭᠠᠬᠤ᠂ ᠲᠠᠪᠤ ᠳᠤ ᠳ᠋ᠦᠩᠨᠡᠯᠲᠡ ᠬᠢᠬᠦ ᠪᠠᠷ ᠳᠠᠮᠵᠢᠭᠤᠯᠤᠨ᠂ ᠵᠠᠮ ᠵᠠᠰᠠᠬᠤ᠂ ᠭᠠᠵᠠᠷ ᠰᠢᠷᠣᠶ ᠂ ᠭᠡᠷ ᠪᠠᠶᠢᠰᠢᠩ ᠵᠡᠷᠭᠡ ᠳᠤ ᠬᠤᠯᠪᠣᠭᠳᠠᠭᠰᠠᠨ 3 ᠤᠳᠠᠭᠠᠨ ᠤ ᠲᠡᠦᠬᠡ ᠶᠢᠨ ᠵᠢᠭᠤᠷᠠᠯᠳᠤᠭᠠᠨ ᠢ ᠠᠮᠵᠢᠯᠲᠠ ᠲᠠᠢ ᠪᠠᠷ ᠨᠠᠮᠳᠠᠭᠤᠯᠤᠨ᠎ᠠ᠃ ᠬᠠᠤᠯᠢ ᠪᠠᠷ ᠵᠠᠰᠠᠬᠤ ᠪᠠᠷ ᠬᠥᠭᠵᠢᠯᠲᠡ ᠶᠢ ᠬᠦᠳᠦᠯᠦᠨ ᠳᠠᠭᠠᠭᠤᠯᠬᠤ᠂ ᠥᠪᠡᠷᠲᠡᠭᠡᠨ ᠵᠠᠰᠠᠬᠤ ᠳᠣᠲᠣᠭᠠᠳᠤ ᠳᠠᠭᠠᠨ ᠵᠥᠷᠢᠴᠡᠯ ᠢ ᠠᠷᠢᠯᠭᠠᠬᠤ᠂ ᠶᠣᠰᠣ ᠰᠤᠷᠲᠠᠬᠤᠨ ᠢᠶᠠᠷ ᠵᠠᠰᠠᠬᠤ ᠪᠠ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ︽ᠭᠤᠷᠪᠠᠨ ᠦᠩᠭᠡ ᠪᠠᠷ ᠵᠠᠰᠠᠬᠤ︾ ᠠᠭᠤᠰᠤᠯᠴᠠᠯ ᠤᠨ ᠵᠠᠭᠪᠤᠷ ᠢ ᠬᠡᠷᠡᠭᠵᠢᠭᠦᠯᠵᠦ᠂ ᠵᠢᠯ ᠪᠦᠷᠢ ᠨᠢᠭᠡ ᠤᠳᠠᠭ᠎ᠠ ︽ᠬᠠᠮᠤᠭ ᠤᠨ ᠭᠤᠶᠤ ᠭᠡᠷ ᠪᠦᠯᠢ︾ ︽ᠠᠷᠢᠭᠤᠨ ᠴᠡᠪᠡᠷ ᠭᠡᠷ ᠪᠦᠯᠢ︾ ︽ᠰᠠᠶᠢᠨ ᠪᠡᠷᠢ︾ ︽ᠳᠡᠷᠭᠡᠳᠡᠬᠢ ᠰᠠᠶᠢᠨ ᠬᠥᠮᠦᠨ︾ ᠵᠡᠷᠭᠡ ᠵᠢᠱᠢᠶᠡᠴᠢ ᠪᠠᠷ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠲᠣᠰᠬᠤᠨ ᠤ ᠳᠡᠰ ᠤᠨ ᠶᠣᠰᠣ ᠰᠤᠷᠲᠠᠬᠤᠨ ᠤ ︽ᠤᠯᠠᠭᠠᠨ ᠬᠠᠷ᠎ᠠ ᠰᠠᠮᠪᠠᠷ᠎ᠠ︾ ︽ᠰᠠᠶᠢᠨ ᠬᠥᠮᠦᠨ ᠤ ᠰᠠᠮᠪᠠᠷ᠎ᠠ︾ ᠵᠡᠷᠭᠡ ᠬᠡᠯᠪᠡᠷᠢ ᠪᠠᠷ ᠤᠯᠠᠨ ᠳᠤ ᠵᠠᠷᠯᠠᠨ ᠤᠬᠠᠭᠤᠯᠤᠨ᠎ᠠ︔ ︽ᠭᠠᠴᠠᠭᠠᠨ ᠤ ᠠᠷᠠᠳ ᠤᠨ ᠬᠡᠷᠡᠭ ᠵᠥᠪᠯᠡᠬᠦ ᠴᠡᠭ︾ ᠢ ᠪᠠᠶᠢᠭᠤᠯᠵᠤ᠂ ᠭᠤᠣᠯᠴᠢ ᠦᠭᠡ ᠬᠡᠯᠡᠬᠦ᠂ ᠨᠡᠶᠢᠲᠡ ᠶᠢᠨ ᠶᠣᠰᠣ ᠮᠣᠷᠠᠯ ᠢ ᠡᠷᠬᠢᠮᠯᠡᠬᠦ᠂ ᠵᠢᠩᠬᠢᠨᠢ ᠠᠵᠢᠯ ᠬᠢᠬᠦ ᠪᠠᠷ ᠳᠠᠮᠵᠢᠭᠤᠯᠤᠨ᠂ ︽ᠶᠡᠭᠡ ᠶᠠᠪᠤᠳᠠᠯ ᠪᠠᠭ᠎ᠠ ᠶᠠᠪᠤᠳᠠᠯ ᠢ ᠴᠥᠮ ᠭᠠᠴᠠᠭᠠᠨ ᠠᠴᠠ ᠭᠠᠷᠭᠠᠬᠤ ᠦᠭᠡᠢ︾ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃                                                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3