ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ | ᠰᠢᠨᠬᠤᠸᠠ ᠬᠤᠷᠢᠶ᠎ᠠ ᠶᠢᠨ ᠨᠠᠨᠴᠠᠩ ᠤᠨ 10 ᠰᠠᠷ᠎ᠠ ᠶᠢᠨ 12 ᠤᠨ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 12 ᠤᠨ ᠦᠳᠡ ᠶᠢᠨ ᠬᠤᠶᠢᠨ᠎ᠠ ᠵᠢᠶᠠᠩᠰᠢ ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ | ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ | ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠥ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ | ᠪᠠ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠯᠤᠰ ᠭᠡᠲᠦ ᠶᠢᠨ ᠬᠠᠨᠳᠤᠰᠢ ᠶᠢ ᠰᠦᠪᠡᠭᠴᠢᠯᠡᠵᠦ᠂ ᠣᠷᠳᠣ | ᠬᠤᠭᠤᠴᠠᠭᠠᠨ ᠤ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠥᠨᠢᠳᠡ ᠶᠢᠨ ᠠᠮᠤᠷ ᠲᠦᠪᠰᠢᠨ ᠤ ᠰᠠᠭᠤᠷᠢ ᠶᠢ ᠪᠠᠶᠢᠭᠤᠯᠵᠤ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠠᠩ ᠰᠠᠶᠢᠲᠤᠷ ᠲᠤᠯᠭᠠᠭᠤᠷᠢᠯᠠᠨ ᠦᠢᠯᠡᠴᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | | | 10 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠢᠶᠠᠩᠰᠢ | ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ | ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ᠃ | ᠰᠢ ᠶᠢᠨ ᠫᠢᠩ ᠵᠢᠶᠠᠩᠰᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠲᠤᠰᠬᠠᠶᠢᠯᠠᠨ ᠡᠨᠡ | ᠤᠳᠠᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠴᠦᠩᠴᠢᠩ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠶᠤᠸᠠᠨ ᠵᠢᠶᠠ ᠵᠢᠶᠦ᠋ᠨ᠂ ᠵᠢᠶᠠᠩᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠬᠤᠩ᠂ ᠱᠠᠩᠬᠠᠢ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠮᠡᠳᠡᠭᠦᠯᠵᠦ᠂ | ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠶᠢᠨ ᠭᠤᠣᠯ | ᠬᠠᠷᠢᠭᠤᠴᠠᠯᠭᠠᠲᠠᠨ ᠨᠥᠬᠦᠳ ᠪᠢᠴᠢᠭ ᠢᠶᠠᠷ ᠶᠠᠷᠢᠶ᠎ᠠ ᠲᠠᠯᠪᠢᠵᠠᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 8 | ᠵᠢᠯ ᠤᠨ ᠲᠤᠷᠰᠢ᠂ ᠮᠥᠷᠡᠨ ᠳᠠᠭᠠᠤ ᠮᠤᠵᠢ ᠬᠤᠲᠠ ᠪᠣᠯᠣᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ | ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ | ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠢᠳᠡᠪᠬᠢᠲᠡᠢ ᠠᠬᠢᠭᠤᠯᠵᠤ᠂ ᠡᠷᠴᠢ ᠵᠣᠷᠢᠭ ᠤᠨ ᠶᠡᠭᠡ᠂ ᠡᠷᠴᠢᠮ ᠤᠨ ᠶᠡᠭᠡ ᠪᠠᠷ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠴᠢᠬᠤᠯᠠ ᠶᠡᠭᠡ ᠬᠤᠪᠢᠷᠠᠯᠲᠠ ᠭᠠᠷᠴᠠᠢ᠃ ᠦᠵᠡᠯ | ᠰᠠᠨᠠᠭ᠎ᠠ ᠲᠠᠨᠢᠯᠲᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ | ᠨᠡᠭᠡᠭᠡᠨ ᠬᠥᠭᠵᠢᠭᠦᠯᠦᠯᠲᠡ ᠦᠯᠦ ᠬᠢᠬᠦ ᠨᠢ ᠬᠠᠮᠲᠤ ᠶᠢᠨ ᠲᠠᠨᠢᠯᠲᠠ ᠪᠤᠯᠪᠠ︔ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠣᠯᠣᠨ ᠰᠡᠷᠭᠦᠭᠡᠯᠲᠡ ᠴᠢᠬᠤᠯᠠ ᠶᠡᠭᠡ ᠠᠮᠵᠢᠯᠲᠠ ᠣᠯᠵᠤ᠂ ︽ᠨᠣᠮᠢᠨ ᠤᠷᠤᠰᠬᠠᠯ ᠵᠡᠭᠦᠨᠰᠢᠯᠡᠬᠦ︾ ᠭᠤᠶᠤ | ᠦᠵᠡᠮᠵᠢ ᠳᠠᠬᠢᠨᠲᠠ ᠢᠯᠡᠷᠡᠪᠡ︔ ᠬᠥᠭᠵᠢᠯᠲᠡ ᠶᠢᠨ ᠠᠷᠭ᠎ᠠ ᠭᠡᠯᠪᠡᠷᠢ ᠳᠤ ᠴᠢᠬᠤᠯᠠ ᠶᠡᠭᠡ ᠬᠤᠪᠢᠰᠤᠯᠲᠠ ᠭᠠᠷᠴᠤ᠂ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠠᠵᠢᠯ ᠪᠦᠭᠦ ᠲᠠᠯ᠎ᠠ ᠪᠠᠷ ᠡᠷᠴᠢᠮᠵᠢᠪᠡ︔ ᠣᠷᠣᠨ | ᠪᠦᠰᠡ ᠶᠢᠨ ᠠᠭᠤᠰᠤᠯᠴᠠᠯ ᠴᠢᠬᠤᠯᠠ ᠶᠡᠭᠡ ᠳᠡᠭᠡᠭᠰᠢᠯᠡᠯᠲᠡ ᠶᠢ ᠪᠡᠶᠡᠯᠡᠭᠦᠯᠵᠦ᠂ ᠣᠷᠣᠨ ᠪᠦᠰᠡ ᠶᠢᠨ ᠬᠠᠮᠵᠢᠯᠴᠠᠨ | ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠪᠠ︔ ᠥᠭᠡᠷᠡᠴᠢᠯᠡᠯᠲᠡ ᠨᠡᠭᠡᠭᠡᠯᠲᠡ ᠴᠢᠬᠤᠯᠠ ᠶᠡᠭᠡ ᠠᠬᠢᠯᠲᠠ ᠲᠠᠢ | ᠪᠣᠯᠵᠤ᠂ ᠪᠦᠭᠦ ᠲᠠᠯ᠎ᠠ ᠪᠠᠷ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠬᠦ ᠬᠠᠨᠳᠤᠰᠢ ᠲᠦᠷᠭᠡᠨ ᠪᠦᠷᠢᠯᠳᠦᠪᠡ᠃ | ᠶᠡᠷᠦᠩᠬᠡᠢ ᠳᠤᠨᠢ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠠᠮᠵᠢᠯᠲᠠ | ᠪᠦᠲᠦᠮᠵᠢ ᠤᠯᠠᠨ ᠤ ᠨᠢᠳᠦᠨ ᠳᠤ ᠢᠯᠡᠭᠡᠨ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ | ᠬᠥᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠵᠤ ᠪᠠᠶᠢᠨ᠎ᠠ᠃ ᠡᠭᠦᠨ ᠤ ᠵᠡᠷᠭᠡ ᠪᠠᠷ᠂ ᠬᠥᠬᠡᠮᠥ᠋ᠷᠡᠨ ᠤ ᠰᠠᠪᠠ | ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠠᠭ ᠲᠣᠭᠠᠨ ᠤ | ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠣᠯᠣᠭᠰᠠᠨ | ᠦᠷ᠎ᠡ ᠪᠦᠲᠦᠮᠵᠢ ᠪᠠᠰᠠ ᠲᠣᠭᠲᠠᠭᠤᠨ ᠪᠤᠰᠤ᠂ ᠪᠤᠰᠤᠳᠴᠢ ᠲᠠᠯ᠎ᠠ ᠪᠠᠷ ᠪᠠᠰᠠ ᠴᠥᠭᠡᠨ ᠪᠤᠰᠤ ᠬᠦᠴᠢᠷᠳᠡᠯ ᠪᠣᠯᠣᠨ | ᠠᠰᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠷᠭᠦᠯᠵᠢᠯᠡᠨ ᠴᠢᠷᠮᠠᠶᠢᠨ ᠰᠠᠶᠢᠲᠤᠷ ᠰᠢᠢᠳᠪᠦᠷᠢᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠯᠤᠰ ᠭᠡᠳᠦ ᠠᠴᠠ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠠᠴᠠ ᠨᠢ ᠠᠪᠴᠤ ᠬᠡᠯᠡᠬᠦ ᠳᠤ ᠬᠥᠬᠡᠮᠥ᠋ᠷᠡᠨ ᠤ ᠰᠠᠪᠠ ᠭᠠᠵᠠᠷ ᠤᠨ | ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠳᠤ ᠲᠦᠰᠢᠭᠯᠡᠬᠦ ᠬᠡᠷᠡᠭᠲᠡᠢ᠃ ᠶᠡᠭᠡ ᠬᠠᠮᠠᠭᠠᠯᠠᠯᠲᠠ ᠶᠢ ᠬᠠᠮᠲᠤ ᠪᠠᠷ | ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠥᠨᠳᠥᠷ | ᠲᠦᠪᠰᠢᠨ ᠪᠦᠬᠦᠢ ᠬᠠᠮᠠᠭᠠᠯᠠᠯᠲᠠ ᠳᠡᠭᠡᠷ᠎ᠡ ᠨᠡᠩ ᠶᠡᠭᠡ ᠬᠦᠴᠦ ᠣᠷᠣᠭᠤᠯᠬᠤ ᠬᠡᠷᠡᠭᠲᠡᠢ᠃ ᠮᠥᠷᠡᠨ ᠳᠠᠭᠠᠤ ᠡᠯ᠎ᠡ ᠭᠠᠵᠠᠷ ᠤᠨ | ᠠᠮᠢ ᠠᠬᠤᠢ ᠶᠢᠨ ᠤᠯᠠᠭᠠᠨ ᠱᠤᠭᠤᠮ ᠢ ᠨᠢᠭᠡᠨᠲᠡ ᠵᠠᠭᠠᠭᠯᠠᠨ ᠲᠣᠭᠲᠠᠭᠠᠭᠰᠠᠨ ᠪᠣᠯᠬᠤᠷ ᠡᠷᠬᠡᠪᠰᠢ ᠪᠠᠲᠤ ᠰᠠᠬᠢᠵᠤ | ᠬᠠᠮᠢᠶᠠᠷᠤᠨ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠣᠷᠣᠬᠤ ᠶᠢ ᠵᠥᠪᠰᠢᠶᠡᠷᠡᠬᠦ ᠨᠠᠷᠢᠨ ᠳᠠᠩᠰᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠵᠠᠭᠠᠭᠯᠠᠨ ᠲᠣᠭᠲᠠᠭᠠᠭᠰᠠᠨ ᠲᠣᠰ ᠭᠠᠵᠠᠷ ᠤᠨ ᠢᠶᠠᠨ ᠴᠢᠬᠤᠯᠠ ᠠᠮᠢ ᠠᠬᠤᠢ ᠶᠢᠨ ᠣᠷᠣᠨ ᠵᠠᠢ ᠶᠢᠨ | ᠲᠤᠬᠠᠢ ᠳᠣᠲᠣᠷ᠎ᠠ ᠪᠠᠨ ᠲᠤᠭ᠎ᠠ ᠲᠠᠢ ᠪᠠᠶᠢᠵᠤ᠂ ᠤᠷᠢᠳ ᠢᠶᠠᠷ ᠬᠠᠮᠠᠭᠠᠯᠠᠵᠤ᠂ ᠴᠢᠩᠭ᠎ᠠ ᠬᠠᠮᠠᠭᠠᠯᠠᠬᠤ ᠬᠡᠷᠡᠭᠲᠡᠢ᠃ ᠠᠮᠢ | ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ | ᠬᠦᠷᠢᠶᠡᠨ ᠤ ᠪᠣᠬᠢᠷᠳᠤᠯ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ᠂ ᠤᠰᠤᠨ ᠤ | ᠣᠷᠴᠢᠨ ᠲᠣᠭᠤᠷᠢᠨ᠂ ᠤᠰᠤᠨ ᠤ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠵᠦ᠂ ᠠᠭᠠᠷ ᠮᠠᠨᠳᠠᠯ ᠪᠣᠯᠣᠨ ᠬᠥᠷᠥᠰᠥ | ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠮᠦᠨ᠎ᠡ ᠬᠡᠰᠡᠭ ᠤᠨ ᠪᠣᠬᠢᠷᠳᠤᠯ ᠢ | ᠡᠵᠡᠮᠳᠡᠬᠦ ᠶᠢ ᠨᠡᠩ ᠴᠢᠬᠤᠯᠠᠴᠢᠯᠠᠵᠤ᠂ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠡᠬᠢ | ᠡᠭᠦᠰᠦᠯ ᠠᠴᠠ ᠨᠢ ᠪᠠᠭᠤᠷᠠᠭᠤᠯᠬᠤ ᠬᠡᠷᠡᠭᠲᠡᠢ᠃ ᠬᠥᠬᠡᠮᠥ᠋ᠷᠡᠨ ᠤ ︽ᠠᠷᠪᠠᠨ ᠵᠢᠯ ᠳᠤ ᠵᠢᠭᠠᠰᠤ ᠠᠩᠨᠠᠬᠤ ᠶᠢ ᠴᠠᠭᠠᠵᠠᠯᠠᠬᠤ︾ | ᠠᠵᠢᠯ ᠢ ᠡᠷᠡᠰ ᠠᠬᠢᠭᠤᠯᠵᠤ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠨᠡᠮᠡᠭᠳᠡᠬᠦ ᠶᠢ ᠬᠠᠮᠵᠢᠯᠴᠠᠨ ᠠᠬᠢᠭᠤᠯᠵᠤ᠂ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ᠂ ᠪᠣᠬᠢᠷᠳᠤᠯ ᠦᠭᠡᠢ ᠮᠡᠷᠭᠡᠵᠢᠯ᠂ ᠪᠣᠬᠢᠷᠳᠤᠯ | ᠦᠭᠡᠢ ᠪᠦᠲᠦᠭᠡᠭᠳᠡᠬᠦᠨ ᠢ ᠢᠳᠡᠪᠬᠢᠲᠡᠢ ᠬᠥᠭᠵᠢᠭᠦᠯᠵᠦ᠂ ᠠᠵᠤ ᠠᠬᠤᠢ ᠶᠢᠨ ᠪᠣᠬᠢᠷᠳᠤᠯ ᠦᠭᠡᠢ ᠪᠠᠶᠢᠬᠤ ᠬᠡᠮᠵᠢᠶ᠎ᠡ ᠶᠢ | ᠳᠡᠭᠡᠭᠰᠢᠯᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠪᠠ ᠨᠥᠭᠡᠴᠡ ᠬᠦᠴᠦᠨ ᠢ ᠴᠢᠩᠭᠠᠷᠠᠭᠤᠯᠬᠤ ᠬᠡᠷᠡᠭᠲᠡᠢ᠃ ᠠᠮᠢ | ᠠᠬᠤᠢ ᠶᠢᠨ ᠳᠠᠪᠠᠭᠤᠯᠢᠭᠲᠤ ᠭᠠᠵᠠᠷ ᠣᠷᠣᠨ ᠢ ᠳᠡᠮᠵᠢᠵᠦ ᠪᠠᠶᠢᠭᠠᠳ ᠠᠮᠢ ᠠᠬᠤᠢ ᠶᠢ ᠠᠰᠢᠭᠯᠠᠬᠤ ᠠᠵᠢᠯ ᠢ ᠰᠠᠶᠢᠲᠤᠷ ᠬᠢᠵᠦ | ᠂ ᠠᠮᠢ ᠠᠬᠤᠢ ᠶᠢᠨ ᠡᠳ᠋ ᠪᠠᠶᠠᠯᠢᠭ ᠢ ᠠᠵᠤ ᠠᠬᠤᠢ ᠶᠢᠨ ᠡᠳ᠋ ᠪᠠᠶᠠᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠠᠮᠢ | ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠰᠠᠪᠠ | ᠭᠠᠵᠠᠷ ᠢᠶᠠᠷ ᠢᠶᠠᠨ ᠠᠮᠢ ᠠᠬᠤᠢ ᠶᠢᠨ ᠬᠠᠮᠠᠭᠠᠯᠠᠯᠲᠠ ᠳᠤ ᠣᠷᠤᠯᠴᠠᠬᠤ ᠢᠳᠡᠪᠬᠢᠵᠢᠯ ᠢ ᠬᠥᠭᠵᠢᠭᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ᠂ ᠴᠢᠳᠠᠪᠤᠷᠢᠲᠠᠨ ᠤ | ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ | ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ | ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠬᠦ ᠪᠠ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ | ᠠᠵᠤ ᠦᠢᠯᠡᠰ ᠤᠨ ᠰᠠᠭᠤᠷᠢ ᠶᠢ ᠳᠡᠭᠡᠳᠦ ᠳᠡᠰᠵᠢᠭᠦᠯᠭᠦ ᠪᠠ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢᠨ | ᠲᠣᠭᠤᠷᠢᠨ ᠳᠤ᠂ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠤᠨ ᠬᠥᠲᠥᠯᠥᠨ ᠳᠠᠭᠠᠭᠤᠯᠬᠤ ᠴᠢᠨᠠᠷᠲᠠᠢ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠢᠳᠡᠪᠬᠢᠲᠡᠢ ᠪᠠᠶᠢᠷᠢᠰᠢᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠠᠳᠠᠨ ᠴᠤᠭᠯᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠤᠰᠢᠭᠤᠷᠠᠯ ᠬᠦᠷᠢᠶᠡᠨ ᠤ ᠤᠤᠭᠠᠯ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠦᠢᠯᠡᠳᠬᠦ ᠦᠢᠯᠡᠰ ᠤᠨ ᠭᠤᠣᠯᠯᠠᠬᠤ ᠥᠷᠢᠰᠦᠯᠳᠦᠬᠦ | ᠬᠦᠴᠦᠨ ᠢ ᠴᠢᠩᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ | ᠢᠷᠡᠭᠡᠳᠦᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ | ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ | ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠬᠦ᠂ | ᠡᠮᠦᠨ᠎ᠡ ᠤᠮᠠᠷ᠎ᠠ ᠶᠢ ᠵᠠᠯᠭᠠᠬᠤ᠂ ᠮᠥᠷᠡᠨ ᠲᠠᠢ ᠵᠠᠯᠭᠠᠵᠤ ᠲᠠᠯᠠᠢ ᠳᠤ ᠨᠡᠪᠲᠡᠷᠡᠬᠦ ᠥᠪᠡᠷᠮᠢᠴᠡ ᠳᠠᠪᠠᠭᠤᠯᠢᠭ ᠢ ᠨᠡᠩ ᠰᠠᠶᠢᠲᠤᠷ | ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠢ ᠨᠡᠩ ᠰᠠᠶᠢᠲᠤᠷ ᠬᠤᠯᠪᠣᠯᠳᠤᠭᠤᠯᠵᠤ | ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ | ᠳᠣᠲᠣᠭᠠᠳᠤ ᠬᠥᠳᠡᠯᠭᠡᠬᠦ ᠬᠦᠴᠦᠨ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠠᠬᠢ | ᠲᠠᠲᠠᠬᠤ ᠬᠦᠴᠦᠨ᠂ ᠬᠥᠳᠡᠯᠭᠡᠬᠦ ᠬᠦᠴᠦᠨ ᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ | ᠮᠥᠷᠡᠨ ᠳᠠᠭᠠᠤ ᠶᠢᠨ ᠮᠤᠵᠢ ᠬᠤᠳᠠ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠪᠥᠭᠡᠳ ᠪᠠᠰᠠ | ᠬᠠᠮᠵᠢᠯᠴᠠᠨ ᠬᠥᠭᠵᠢᠵᠦ᠂ ᠰᠤᠯᠪᠢᠴᠡᠨ ᠬᠥᠭᠵᠢᠵᠦ᠂ ᠬᠤᠯᠪᠤᠭᠠᠯᠠᠨ ᠬᠥᠭᠵᠢᠬᠦ ᠬᠡᠷᠡᠭᠲᠡᠢ᠃ ᠮᠥᠷᠡᠨ ᠳᠠᠭᠠᠤ ᠶᠢᠨ ᠠᠵᠤ | ᠦᠢᠯᠡᠰ ᠤᠨ ᠪᠠᠶᠢᠷᠢᠰᠢᠭᠤᠯᠤᠯᠲᠠ ᠪᠠ ᠰᠢᠯᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠬᠤᠯᠠ | ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠡᠯᠡ ᠮᠥᠩᠭᠦ᠂ ᠮᠡᠷᠭᠡᠵᠢᠯ᠂ | ᠭᠦᠳᠡᠯᠮᠦᠷᠢ ᠬᠦᠴᠦ ᠲᠥᠪᠯᠡᠷᠡᠭᠰᠡᠨ ᠭᠡᠯᠪᠡᠷᠢ ᠶᠢᠨ ᠠᠵᠤ ᠦᠢᠯᠡᠰ ᠢ ᠬᠥᠲᠥᠯᠥᠨ ᠵᠢᠯᠤᠭᠤᠳᠴᠤ ᠪᠠᠶᠢᠭᠠᠳ ᠵᠡᠭᠦᠨ | ᠬᠡᠰᠡᠭ ᠠᠴᠠ ᠳᠤᠮᠳᠠ ᠬᠡᠰᠡᠭ ᠪᠠᠷᠠᠭᠤᠨ ᠬᠡᠰᠡᠭ ᠲᠡᠶᠢᠰᠢ ᠰᠢᠯᠵᠢᠭᠦᠯᠵᠦ᠂ ᠭᠤᠣᠯ ᠬᠤᠳᠠ ᠠᠴᠠ ᠥᠷᠥᠴᠡ ᠭᠠᠵᠠᠷ ᠲᠡᠶᠢᠰᠢ | ᠡᠮᠬᠢ ᠵᠢᠷᠤᠮ ᠲᠠᠢ ᠪᠠᠷ ᠰᠢᠯᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ ᠪᠠᠷ | ᠠᠬᠢᠭᠤᠯᠵᠤ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠬᠦᠷᠢᠶ᠎ᠡ᠂ ᠰᠢᠨ᠎ᠡ ᠠᠷᠭ᠎ᠠ ᠵᠠᠮ ᠢ | ᠢᠳᠡᠪᠬᠢᠲᠡᠢ ᠪᠠᠷ ᠥᠷᠭᠡᠳᠬᠡᠬᠦ ᠬᠡᠷᠡᠭᠲᠡᠢ᠃ ᠮᠥᠷᠡᠨ ᠳᠠᠭᠠᠤ ᠶᠢᠨ ᠮᠤᠵᠢ ᠬᠤᠳᠠ ᠶᠢᠨ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠳᠦᠷᠢᠮ ᠤᠨ ᠰᠢᠨ᠎ᠡ ᠶᠢ ᠡᠭᠦᠳᠬᠦ ᠲᠠᠯ᠎ᠠ ᠪᠠᠷ | ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠮᠥᠷᠡᠨ ᠳᠠᠭᠠᠤ ᠶᠢᠨ ᠮᠤᠵᠢ ᠬᠤᠳᠠ ᠶᠢᠨ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠤᠯᠪᠤᠭᠠᠯᠠᠨ ᠬᠥᠭᠵᠢᠬᠦ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ | ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠳᠤ ᠰᠢᠨ᠎ᠡ ᠲᠤᠷᠰᠢᠯᠭ᠎ᠠ | ᠬᠤᠷᠠᠮᠳᠤᠭᠤᠯᠵᠤ᠂ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠷᠣᠨ ᠪᠦᠰᠡ ᠶᠢᠨ ᠬᠠᠮᠵᠢᠯᠴᠠᠨ ᠠᠭᠤᠰᠤᠯᠴᠠᠬᠤ ᠶᠢ ᠴᠢᠩᠭᠠᠳᠬᠠᠬᠤ ᠪᠠᠷ ᠬᠦᠴᠦᠯᠡᠬᠦ ᠴᠡᠭ | ᠪᠤᠯᠭᠠᠬᠤ ᠶᠢ ᠪᠠᠷᠢᠮᠲᠠᠯᠠᠵᠤ᠂ ᠮᠥᠷᠡᠨ ᠳᠠᠭᠠᠤ ᠶᠢᠨ ᠮᠤᠵᠢ ᠬᠤᠳᠠ ᠶᠢᠨ ᠬᠢᠨ ᠮᠤᠵᠢ ᠶᠢᠨ ᠬᠤᠭᠤᠷᠣᠨᠳᠤ ᠪᠠᠨ ᠬᠠᠮᠲᠤ ᠪᠠᠷ | ᠵᠥᠪᠳᠡᠯᠴᠡᠬᠦ᠂ ᠠᠮᠢ ᠠᠬᠤᠢ ᠶᠢ ᠬᠠᠮᠲᠤ ᠪᠠᠷ ᠵᠠᠰᠠᠬᠤ᠂ ᠪᠦᠭᠦ ᠣᠷᠣᠨ ᠪᠦᠰᠡ ᠪᠠᠷ ᠢᠶᠠᠨ ᠬᠠᠮᠲᠤ ᠪᠠᠷ ᠪᠠᠶᠢᠭᠤᠯᠬᠤ᠂ | ᠬᠥᠭᠵᠢᠯᠲᠡ ᠶᠢ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠬᠤᠯᠪᠣᠯᠳᠤᠬᠤ ᠴᠢᠨᠠᠷ᠂ | ᠲᠦᠷᠦ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ᠂ ᠳᠦᠷᠢᠮ ᠤᠨ ᠨᠢᠭᠡᠳᠦᠯᠲᠦ ᠴᠢᠨᠠᠷ᠂ ᠬᠡᠷᠡᠭᠵᠢᠭᠦᠯᠦᠯᠲᠡ ᠶᠢᠨ | ᠬᠠᠮᠵᠢᠯᠴᠠᠬᠤ ᠴᠢᠨᠠᠷ ᠢ ᠴᠢᠩᠭᠠᠳᠬᠠᠵᠤ᠂ ᠠᠮᠢ ᠠᠬᠤᠢ ᠶᠢᠨ ᠬᠠᠮᠲᠤ ᠶᠢᠨ ᠴᠣᠭᠴᠠ ᠪᠣᠯᠣᠨ ᠠᠰᠢᠭ ᠲᠤᠰᠠ ᠶᠢᠨ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠬᠦᠯᠢ | ᠴᠣᠭᠴᠠ ᠶᠢᠨ ᠲᠠᠯ᠎ᠠ ᠠᠴᠠ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ | ᠬᠠᠷᠢᠯᠴᠠᠭᠠᠨ ᠤ ᠬᠤᠩᠭᠢᠯ ᠢ ᠲᠦᠷᠭᠡᠳᠬᠡᠨ ᠪᠦᠲᠦᠭᠡᠨ ᠪᠠᠶᠢᠭᠤᠯᠵᠤ᠂ ᠵᠠᠮ ᠬᠠᠷᠢᠯᠴᠠᠭᠠᠨ ᠤ ᠲᠣᠣᠷ ᠤᠨ ᠬᠠᠷᠢᠯᠴᠠᠨ | ᠬᠤᠯᠪᠣᠯᠳᠤᠨ ᠨᠡᠪᠲᠡᠷᠡᠯᠴᠡᠬᠦ ᠪᠠ ︽ᠵᠠᠰᠠᠮᠠᠯ ᠵᠠᠮ ᠤᠰᠤᠨ ᠵᠠᠮ ᠲᠡᠮᠦᠷ ᠵᠠᠮ︾ ᠵᠡᠷᠭᠡ ᠲᠡᠭᠡᠭᠡᠪᠦᠷᠢ ᠶᠢᠨ ᠠᠷᠭ᠎ᠠ ᠮᠠᠶ᠋ᠢᠭ ᠤᠨ | ᠬᠠᠷᠢᠯᠴᠠᠨ ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠬᠤ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ | ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠣᠷᠣᠨ ᠪᠦᠰᠡ ᠠᠯᠤᠰᠯᠠᠭᠰᠠᠨ | ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠪᠠ ᠶᠠᠪᠤᠴᠠ ᠶᠢᠨ ᠬᠤᠯᠪᠣᠯᠳᠤᠨ ᠨᠡᠪᠲᠡᠷᠡᠯᠴᠡᠬᠦ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠬᠡᠷᠡᠭᠲᠡᠢ᠃ ᠬᠥᠬᠡᠮᠥ᠋ᠷᠡᠨ ᠤ ᠰᠣᠶᠣᠯ ᠤᠨ ᠴᠠᠭ ᠦᠶ᠎ᠡ ᠶᠢᠨ ᠦᠷᠳᠡᠭ ᠢ ᠭᠦᠨᠵᠡᠭᠡᠢ ᠠᠭᠤᠳᠠᠯᠵᠤ᠂ ᠰᠢᠨ᠎ᠡ | ᠴᠠᠭ ᠦᠶ᠎ᠡ ᠶᠢᠨ ᠬᠥᠬᠡᠮᠥ᠋ᠷᠡᠨ ᠤ ᠰᠣᠶᠣᠯ ᠢ ᠬᠠᠷᠠᠭᠤᠯᠤᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠡᠩ ᠤᠯᠠᠨ | ᠭᠠᠷᠭᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠢᠳᠡᠪᠬᠢᠲᠡᠢ ᠪᠠᠷ | ᠠᠬᠢᠭᠤᠯᠵᠤ᠂ ᠨᠢᠭᠡ ᠪᠦᠯᠦᠭ ᠪᠠᠶᠢᠭᠠᠯᠢ ᠶᠢᠨ ᠠᠭᠤᠯᠠ ᠤᠰᠤᠨ ᠤ ᠣᠨᠴᠠᠯᠢᠭ ᠪᠠ ᠲᠡᠦᠬᠡ ᠰᠣᠶᠣᠯ ᠢᠷᠭᠡᠨᠰᠢᠯ ᠤᠨ | ᠠᠭᠤᠯᠤᠭᠳᠠᠬᠤᠨ ᠲᠠᠢ ᠮᠥᠷᠡᠨ ᠳᠠᠭᠠᠤ ᠬᠤᠳᠠ᠂ ᠵᠢᠵᠢᠭ ᠬᠤᠲᠠ ᠪᠠᠯᠭᠠᠰᠤ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠤᠯᠠᠨ ᠤᠯᠤᠰ ᠤᠨ ᠰᠢᠵᠢᠷ ᠠᠯᠳᠠᠨ ᠵᠢᠭᠤᠯᠴᠢᠯᠠᠯ ᠤᠨ ᠪᠦᠰᠡ ᠶᠢ | ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠨᠢ ᠪᠦᠭᠦ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠲᠠᠢ ᠬᠤᠯᠪᠣᠭᠳᠠᠨ᠎ᠠ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠴᠢᠬᠤᠯᠠ ᠠᠵᠤ ᠦᠢᠯᠡᠰ ᠤᠨ | ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠤᠰᠤᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ | ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠵᠦ᠂ ᠨᠢᠭᠡ ᠣᠷᠣᠨ ᠪᠦᠰᠡ ᠶᠢᠨ ᠲᠣᠭᠲᠠᠭᠤᠨ ᠢᠶᠠᠷ ᠪᠦᠭᠦ ᠲᠠᠯ᠎ᠠ ᠶᠢᠨ ᠠᠮᠤᠷ | ᠲᠦᠪᠰᠢᠨ ᠳᠤ ᠬᠤᠪᠢ ᠨᠡᠮᠡᠷᠢ ᠦᠵᠡᠭᠦᠯᠭᠦ ᠬᠡᠷᠡᠭᠲᠡᠢ᠃ ᠮᠥᠷᠡᠨ ᠳᠠᠭᠠᠤ ᠶᠢᠨ ᠮᠤᠵᠢ ᠬᠤᠳᠠ ᠶᠢᠨ ᠠᠮᠤ ᠪᠤᠳᠠᠭᠠᠨ ᠤ ᠭᠤᠣᠯ | ᠭᠠᠷᠤᠯᠲᠠ ᠶᠢᠨ ᠣᠷᠣᠨ ᠴᠦ ᠲᠡᠷᠡ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠶᠢᠨ | ᠲᠡᠩᠴᠡᠭᠦᠷᠢ ᠶᠢᠨ ᠣᠷᠣᠨ ᠴᠦ ᠲᠡᠷᠡ᠂ ᠴᠥᠮ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ | ᠡᠭᠦᠷᠭᠡᠯᠡᠬᠦ ᠬᠡᠷᠡᠭᠲᠡᠢ᠃ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢ ︽ᠭᠤᠷᠪᠠ ᠶᠢ ᠨᠢᠭᠡ | ᠴᠣᠭᠴᠠᠵᠢᠭᠤᠯᠬᠤ︾ ᠬᠠᠮᠠᠭᠠᠯᠠᠯᠲᠠ ᠶᠢ ᠴᠢᠩᠭᠠᠳᠬᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ | ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠦᠷ᠎ᠡ | ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠪᠤᠶᠢᠵᠢᠭᠤᠯᠬᠤ | ᠴᠢᠬᠤᠯᠠ ᠶᠡᠭᠡ ᠲᠦᠷᠤᠯ ᠵᠦᠢᠯ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ | ᠭᠤᠣᠯᠳᠠᠯᠭ᠎ᠠ ᠪᠠᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠳᠡᠭᠡᠷ᠎ᠡ ᠲᠠᠯᠪᠢᠵᠤ᠂ ᠰᠠᠶᠢᠨ | ᠲᠠᠷᠢᠶᠠᠨ ᠤ ᠰᠠᠶᠢᠨ ᠡᠭᠦᠯᠳᠡᠷ᠂ ᠰᠠᠶᠢᠨ ᠮᠠᠰᠢᠨ ᠰᠠᠶᠢᠨ ᠠᠷᠭ᠎ᠠ ᠶᠢ ᠲᠥᠪᠯᠡᠷᠡᠭᠦᠯᠦᠨ ᠳᠡᠯᠭᠡᠷᠡᠭᠦᠯᠬᠦ ᠪᠠᠨ ᠴᠢᠩᠭᠠᠳᠬᠠᠵᠤ᠂ | ᠣᠯᠠᠨ ᠵᠦᠢᠯ ᠤᠨ ᠭᠡᠯᠪᠡᠷᠢ ᠮᠠᠶ᠋ᠢᠭ ᠪᠦᠬᠦᠢ ᠵᠣᠬᠢᠬᠤ ᠬᠡᠪᠴᠢᠶᠡᠲᠦ ᠡᠵᠡᠩᠨᠡᠯᠲᠡ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡ ᠶᠢ | ᠬᠥᠭᠵᠢᠭᠦᠯᠬᠦ ᠬᠡᠷᠡᠭᠲᠡᠢ᠃ ᠪᠦᠭᠦ ᠤᠯᠤᠰ ᠢᠶᠠᠷ ᠢᠶᠠᠨ ︽ᠨᠢᠭᠡ ᠬᠥᠯᠭᠡ ᠰᠢᠲᠠᠷ᠎ᠠ︾ ᠪᠤᠯᠬᠤ ᠶᠢ ᠪᠠᠷᠢᠮᠲᠠᠯᠠᠵᠤ᠂ ᠳᠡᠭᠡᠳᠦ | ᠤᠷᠤᠰᠬᠠᠯ ᠤᠨ ᠭᠠᠵᠠᠷ ᠣᠷᠣᠨ ᠪᠣᠯᠣᠨ ᠳᠤᠮᠳᠠ ᠳᠣᠣᠷᠠᠳᠤ ᠤᠷᠤᠰᠬᠠᠯ ᠤᠨ ᠭᠠᠵᠠᠷ ᠣᠷᠣᠨ ᠤ ᠡᠨᠧᠷᠭᠢ ᠶᠢᠨ | ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠶᠢᠨ | ᠦᠨᠳᠦᠰᠦᠨ ᠬᠦᠴᠦᠨ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ | ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ ᠤᠰᠤᠨ ᠴᠠᠭᠢᠯᠭᠠᠨ ᠵᠡᠷᠭᠡ ᠳᠠᠪᠠᠭᠤᠯᠢᠭ | ᠤᠯᠠᠮᠵᠢᠯᠠᠯᠲᠤ ᠡᠨᠧᠷᠭᠢ ᠪᠣᠯᠣᠨ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ ᠵᠡᠷᠭᠡ | ᠰᠢᠨ᠎ᠡ ᠡᠨᠧᠷᠭᠢ ᠶᠢᠨ ᠤᠯᠠᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠬᠤ ᠶᠢ ᠴᠢᠬᠤᠯᠠᠴᠢᠯᠠᠵᠤ᠂ | ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠡᠨᠧᠷᠭᠢ ᠶᠢᠨ ᠰᠤᠷᠪᠤᠯᠵᠢ ᠲᠣᠣᠷ ᠳᠠᠭᠠᠭᠠᠴᠠ | ᠨᠥᠭᠡᠴᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠬᠡᠷᠡᠭᠲᠡᠢ᠃ ᠠᠮᠤᠷ ᠳᠥᠯᠭᠡᠨ ᠬᠥᠬᠡᠮᠥ᠋ᠷᠡᠨ ᠢ ᠴᠢᠷᠮᠠᠶᠢᠨ ᠪᠦᠲᠦᠭᠡᠨ | ᠪᠠᠶᠢᠭᠤᠯᠵᠤ᠂ ᠬᠥᠬᠡᠮᠥ᠋ᠷᠡᠨ ᠤ ᠤᠰᠤᠨ ᠤ ᠪᠠᠶᠢᠳᠠᠯ ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠭᠠᠩ | ᠬᠠᠭᠰᠠᠷᠠᠭᠠᠨ ᠤᠰᠤᠲᠤᠯ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠰᠢᠰᠲ᠋ᠧᠮ ᠢ | ᠨᠡᠪᠲᠡᠷᠡᠭᠦᠯᠬᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠨ ᠠᠷᠠᠴᠢᠯᠠᠬᠤ᠂ ᠬᠥᠷᠥᠰᠥ ᠰᠢᠷᠣᠢ ᠶᠢ ᠬᠠᠮᠠᠭᠠᠯᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠪᠠ ᠭᠠᠵᠠᠷ ᠤᠨ ᠤᠰᠤᠨ ᠤ ᠢᠨᠵᠧᠨᠧᠷᠢᠩ ᠢ ᠨᠢᠭᠡᠳᠦᠯᠲᠡᠢ ᠬᠤᠯᠪᠤᠭᠠᠯᠠᠨ | ᠲᠣᠬᠢᠷᠠᠭᠤᠯᠬᠤ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠤᠰᠤᠨ ᠤ ᠡᠬᠢ ᠪᠠᠶᠠᠯᠢᠭ ᠤᠨ ᠡᠯᠪᠡᠭᠵᠢᠯ | ᠬᠤᠮᠰᠠᠳᠠᠯ ᠢ ᠲᠣᠬᠢᠷᠠᠭᠤᠯᠬᠤ ᠶᠢ ᠴᠢᠩᠭᠠᠳᠬᠠᠵᠤ᠂ ᠰᠠᠪᠠ ᠭᠠᠵᠠᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ | ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠲᠥᠪ ᠤᠨ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ | ᠤᠳᠤᠷᠢᠳᠤᠮᠵᠢ ᠳᠤ ᠨᠡᠶᠢᠴᠡᠬᠦ ᠲᠦᠷᠦᠯ ᠵᠦᠢᠯ ᠳᠤ ᠳᠡᠮᠵᠢᠯᠭᠡ ᠦᠵᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠤ ᠨᠢᠭᠡ | ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠮᠥᠷᠡᠨ ᠳᠠᠭᠠᠤ ᠮᠤᠵᠢ ᠬᠤᠳᠠ ᠶᠢᠨ ᠡᠯ᠎ᠡ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢᠶᠠᠷ ᠠᠵᠠ | ᠲᠣᠭᠢᠶᠠᠯ ᠪᠤᠯᠭᠠᠵᠤ᠂ ᠥᠷᠭᠡᠨ ᠤᠯᠠᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ | ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠨᠢ | ᠳᠡᠭᠡᠭᠰᠢᠯᠡᠭᠦᠯᠭᠦ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ | ᠵᠢᠯᠤᠭᠤᠳᠴᠤ ᠪᠠᠶᠢᠭᠠᠳ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ᠂ | ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠵᠡᠷᠭᠡ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ | ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠰᠠᠶᠢᠲᠤᠷ ᠪᠠᠳᠠᠷᠠᠭᠤᠯᠬᠤ ᠬᠡᠷᠡᠭᠲᠡᠢ᠃ | ︽ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠥᠲᠥᠯᠪᠦᠷᠢ︾ ᠶᠢ | ᠬᠡᠷᠡᠭᠵᠢᠭᠦᠯᠦᠭᠰᠡᠨ ᠲᠤᠬᠠᠢ ᠪᠠᠶᠢᠴᠠᠭᠠᠯᠲᠠ ᠦᠨᠡᠯᠡᠯᠲᠡ ᠪᠠ ᠬᠢᠨᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠡᠯ᠎ᠡ ᠭᠠᠵᠠᠷ ᠤᠨ ᠬᠢᠨ ᠢ ᠱᠠᠯᠠᠪᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ | ᠵᠠᠯᠠᠷᠠᠭᠤᠯᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ | ᠬᠠᠮᠠᠭᠠᠯᠠᠯᠲᠠ ᠶᠢ ᠬᠠᠮᠲᠤ ᠪᠠᠷ ᠠᠳᠬᠤᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠶᠡᠷᠦᠩᠬᠡᠶᠢᠯᠡᠨ | ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ | ᠵᠡᠷᠭᠡ ᠳᠦᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ | ᠭᠦᠨᠵᠡᠭᠡᠢ ᠰᠦᠪᠡᠭᠴᠢᠯᠡᠬᠦ ᠬᠡᠷᠡᠭᠲᠡᠢ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠᠷ ᠠᠵᠤ | ᠠᠬᠤᠢ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠬᠥᠲᠥᠯᠥᠨ ᠵᠢᠯᠤᠭᠤᠳᠴᠤ᠂ ᠬᠠᠷᠢᠴᠠᠭᠤᠯᠤᠭᠰᠠᠨ | ᠳᠠᠪᠠᠭᠤᠯᠢᠭ ᠲᠠᠭᠠᠨ ᠰᠠᠭᠤᠷᠢᠯᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠳᠠᠭᠠᠭᠤᠯᠤᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠ ᠳᠡᠭᠡᠳᠦ ᠤᠷᠤᠰᠬᠠᠯ ᠤᠨ | ᠭᠠᠵᠠᠷ ᠣᠷᠣᠨ ᠤ ᠬᠠᠮᠲᠤ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠣᠷᠣᠨ ᠪᠦᠰᠡ ᠶᠢᠨ ᠳᠣᠲᠣᠷᠠᠬᠢ ︽ᠵᠥᠭᠡᠯᠡᠨ︾᠂ ︽ᠬᠠᠲᠠᠭᠤ︾ | ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠤ ᠢᠳᠡᠪᠬᠢᠲᠡᠢ | ᠠᠭᠤᠰᠤᠯᠴᠠᠵᠤ᠂ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ | ᠦᠢᠯᠡᠳᠦᠯ ᠢ ᠴᠢᠩᠭᠠᠳᠬᠠᠬᠤ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ | ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠲᠤᠪᠤᠶᠢᠯᠭᠠᠵᠤ᠂ | ᠥᠨᠳᠥᠷ ᠲᠦᠪᠰᠢᠨ ᠲᠠᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠬᠤ | ᠭᠡᠷᠡᠭᠲᠡᠢ︔ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠬᠦ | ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠶᠢ ᠪᠤᠶᠢᠵᠢᠭᠤᠯᠬᠤ ᠭᠡᠷᠡᠭᠳᠠᠢ︔ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠶ | ᠪᠤᠯᠭᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ ᠵᠦᠢ ᠵᠣᠬᠢᠰᠲᠠᠢ ᠲᠣᠭᠲᠠᠭᠠᠵᠤ᠂ ᠲᠡᠯᠡᠶ | ᠳᠠᠭᠠᠤ ᠮᠥᠷᠡᠨ ᠳᠠᠭᠠᠤ ᠬᠢᠯᠢ ᠳᠠᠭᠠᠤ ᠪᠠ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠵᠦ᠂ | ᠥᠨᠳᠥᠷ ᠲᠦᠪᠰᠢᠨ ᠪᠦᠬᠦᠢ ᠬᠠᠮᠵᠢᠯᠴᠠᠨ ᠬᠠᠮᠲᠤᠷᠠᠯᠴᠠᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ᠪᠦᠬᠦᠯᠢ ᠴᠣᠭᠴᠠ ᠶᠢᠨ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ | ᠣᠷᠣᠯᠴᠠᠵᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ | ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ | ᠬᠤᠷᠠᠯ ᠳᠤ ᠣᠷᠣᠯᠴᠠᠵᠠᠢ᠃ | |