ᠤᠯᠠᠭᠠᠨᠴᠠᠪ ᠬᠤᠲᠠ ᠶᠢᠨ ᠵᠢᠭᠠᠰᠤᠨ ᠠᠵᠤ ᠠᠬᠤᠶ ᠶᠢᠨ ᠣᠩᠭᠤᠴᠠ ᠰᠠᠯ ᠤᠨ ᠤᠰᠤᠨ ᠳᠡᠭᠡᠷᠡᠬᠢ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/10/19
      ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠥᠮᠦᠰ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠵᠢᠴᠢ ᠬᠡᠪ ᠴᠢᠨᠠᠷ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠵᠢᠭᠠᠰᠤᠨ ᠠᠵᠤ ᠠᠬᠤᠢ ᠶᠢᠨ ᠣᠩᠭᠤᠴᠠ ᠰᠠᠯ ᠤᠨ ᠤᠰᠤᠨ ᠳᠡᠭᠡᠷᠡᠬᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠲᠦᠪᠰᠢᠨ ᠢ ᠳᠡᠭᠡᠭᠰᠢᠯᠡᠭᠦᠯᠵᠦ᠂ 10 ᠰᠠᠷ᠎ᠠ ᠶᠢᠨ 18᠎ ᠤ ᠡᠳᠦᠷ᠂ ᠪᠥᠬᠦ ᠬᠤᠲᠠ ᠶᠢᠨ ᠵᠢᠭᠠᠰᠤᠨ ᠠᠵᠤ ᠠᠬᠤᠶ ᠶᠢᠨ ᠣᠩᠭᠤᠴᠠ ᠰᠠᠯ ᠤᠰᠤᠨ ᠳᠡᠭᠡᠷᠡᠬᠢ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠮᠠᠨ ᠤ ᠰᠢᠶᠠᠨ ᠤ  ᠴᠠᠷ ᠨᠠᠭᠤᠷ ᠲᠤ ᠶᠠᠪᠤᠭᠳᠠᠪᠠ᠃      ᠲᠣᠰ ᠤᠳᠠᠭᠠᠨ ᠤ ᠰᠣᠷᠢᠯᠲᠠ ᠳᠤ ᠨᠢᠭᠡ ᠵᠢᠭᠠᠰᠤᠨ ᠲᠠᠯᠠᠪᠠᠶ ᠶᠢᠨ ᠠᠵᠢᠯᠲᠠᠨ ᠤ ᠠᠵᠢᠯ ᠳᠠᠭᠠᠨ ᠬᠢᠴᠢᠶᠡᠮᠵᠢ ᠥᠬᠡᠶ ᠪᠠᠷ ᠤᠰᠤᠨ ᠳᠤ ᠤᠨᠠᠬᠤ ᠶᠢ ᠳᠠᠭᠤᠷᠢᠶᠠᠵᠠᠶ᠃ ᠠᠳᠡᠯ ᠭᠠᠷᠤᠭᠰᠠᠨ ᠤ ᠳᠠᠷᠠᠭ᠎ᠠ᠂ ᠰᠢᠩ ᠡᡁᠧ ᠰᠢᠶᠠᠨ ᠤ ᠲᠠᠷᠢᠶᠠᠯᠠᠩ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠮᠡᠳᠡᠭᠦᠯᠦᠯᠲᠡ ᠶᠢ ᠲᠤᠰᠴᠤ᠂ ᠠᠳᠡᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ︽ᠤᠯᠠᠭᠠᠨᠴᠠᠪ ᠬᠤᠳᠠ ᠶᠢᠨ ᠵᠢᠭᠠᠰᠤᠨ ᠠᠵᠤ ᠠᠬᠤᠢ ᠶᠢᠨ ᠣᠩᠭᠤᠴᠠ ᠰᠠᠯ ᠤᠨ ᠤᠰᠤᠨ ᠳᠡᠭᠡᠷᠡᠬᠢ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠢ ᠳᠠᠷᠤᠢ ᠲᠦᠷᠭᠡᠨ ᠡᠬᠢᠯᠡᠭᠦᠯᠵᠦ᠂ ᠡᠯ᠎ᠡ ᠬᠠᠮᠵᠢᠯᠴᠠᠬᠤ ᠨᠢᠭᠡᠴᠡ ᠲᠠᠢ ᠵᠣᠬᠢᠴᠠᠭᠤᠯᠵᠤ᠂ ᠬᠠᠮᠢᠶ᠎ᠠ ᠪᠦᠬᠦᠢ ᠡᠳ᠋ ᠪᠣᠳᠠᠰ ᠢ ᠰᠢᠯᠵᠢᠭᠦᠯᠦᠨ ᠲᠤᠬᠠᠢ ᠶᠢᠨ ᠲᠠᠯᠠᠪᠠᠢ ᠳᠤ ᠲᠦᠷᠭᠡᠨ ᠬᠦᠷᠴᠦ ᠠᠪᠤᠷᠠᠨ ᠲᠤᠰᠠᠯᠠᠪᠠ᠃      ᠰᠣᠷᠢᠯᠲᠠ ᠶᠢᠨ ᠲᠤᠬᠠᠢ ᠶᠢᠨ ᠲᠠᠯᠠᠪᠠᠢ ᠳᠤ᠂ 50 ᠭᠠᠷᠤᠢ ᠪᠣᠯᠪᠠᠰᠤᠷᠠᠯ ᠳᠤ ᠣᠷᠣᠯᠴᠠᠭᠰᠠᠨ ᠬᠥᠮᠦᠰ ᠤᠷᠢᠳᠴᠢᠯᠠᠨ ᠲᠣᠭᠲᠠᠭᠠᠭᠰᠠᠨ ᠲᠥᠯᠥᠪᠯᠡᠭᠡ ᠪᠠ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠪᠠᠴᠢᠮ ᠪᠡᠯᠡᠳᠬᠡᠯ ᠲᠥᠰᠦᠯ ᠢ ᠡᠬᠢᠯᠡᠭᠦᠯᠬᠦ᠂ ᠰᠡᠷᠭᠡᠶᠢᠯᠡᠯᠲᠡ ᠬᠢᠬᠦ ᠪᠠ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠤᠰᠤᠨ ᠳᠤ ᠤᠨᠠᠭᠰᠠᠨ ᠬᠥᠮᠦᠰ ᠢ ᠱᠦᠭᠦᠬᠦ᠂ ᠪᠠᠴᠢᠮ ᠠᠪᠤᠷᠠᠨ ᠲᠤᠰᠠᠯᠠᠬᠤ ᠵᠡᠷᠭᠡ ᠰᠢᠢᠳᠪᠦᠷᠢᠯᠡᠬᠦ ᠭᠤᠭᠴᠤᠭ᠎ᠠ ᠶᠢᠨ ᠲᠣᠭᠤᠷᠢᠨ ᠳᠤ᠂ ᠡᠯ᠎ᠡ ᠬᠠᠮᠵᠢᠯᠴᠠᠬᠤ ᠨᠢᠭᠡᠴᠡ ᠨᠦᠭᠦᠳ ᠬᠠᠷᠢᠯᠴᠠᠨ ᠬᠠᠮᠵᠢᠯᠴᠠᠵᠤ᠂ ᠬᠠᠮᠵᠢᠯᠴᠠᠨ ᠪᠠᠶᠢᠯᠳᠤᠵᠤ᠂ ᠠᠶᠤᠯ ᠳᠤ ᠤᠴᠠᠷᠠᠭᠰᠠᠨ ᠬᠥᠮᠦᠰ ᠠᠶᠤᠯ ᠠᠴᠠ ᠠᠮᠵᠢᠯᠲᠠ ᠲᠠᠢ ᠪᠠᠷ ᠮᠤᠯᠲᠤᠷᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3