ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ | ᠂ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠥᠮᠦᠰ ᠤᠨ ᠠᠶᠤᠯᠭᠦᠢ | ᠦᠢᠯᠡᠳᠪᠦᠷᠢᠯᠡᠯ ᠤᠨ ᠤᠬᠠᠮᠰᠠᠷ ᠵᠢᠴᠢ ᠬᠡᠪ ᠴᠢᠨᠠᠷ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠵᠢᠭᠠᠰᠤᠨ ᠠᠵᠤ | ᠠᠬᠤᠢ ᠶᠢᠨ ᠣᠩᠭᠤᠴᠠ ᠰᠠᠯ ᠤᠨ ᠤᠰᠤᠨ ᠳᠡᠭᠡᠷᠡᠬᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠲᠦᠪᠰᠢᠨ ᠢ | ᠳᠡᠭᠡᠭᠰᠢᠯᠡᠭᠦᠯᠵᠦ᠂ 10 ᠰᠠᠷ᠎ᠠ ᠶᠢᠨ 18 ᠤ ᠡᠳᠦᠷ᠂ ᠪᠥᠬᠦ ᠬᠤᠲᠠ ᠶᠢᠨ ᠵᠢᠭᠠᠰᠤᠨ ᠠᠵᠤ ᠠᠬᠤᠶ ᠶᠢᠨ ᠣᠩᠭᠤᠴᠠ | ᠰᠠᠯ ᠤᠰᠤᠨ ᠳᠡᠭᠡᠷᠡᠬᠢ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠮᠠᠨ ᠤ | ᠰᠢᠶᠠᠨ ᠤ ᠴᠠᠷ ᠨᠠᠭᠤᠷ ᠲᠤ ᠶᠠᠪᠤᠭᠳᠠᠪᠠ᠃ | ᠲᠣᠰ ᠤᠳᠠᠭᠠᠨ ᠤ ᠰᠣᠷᠢᠯᠲᠠ ᠳᠤ ᠨᠢᠭᠡ ᠵᠢᠭᠠᠰᠤᠨ ᠲᠠᠯᠠᠪᠠᠶ ᠶᠢᠨ ᠠᠵᠢᠯᠲᠠᠨ ᠤ ᠠᠵᠢᠯ ᠳᠠᠭᠠᠨ ᠬᠢᠴᠢᠶᠡᠮᠵᠢ | ᠥᠬᠡᠶ ᠪᠠᠷ ᠤᠰᠤᠨ ᠳᠤ ᠤᠨᠠᠬᠤ ᠶᠢ ᠳᠠᠭᠤᠷᠢᠶᠠᠵᠠᠶ᠃ ᠠᠳᠡᠯ ᠭᠠᠷᠤᠭᠰᠠᠨ ᠤ ᠳᠠᠷᠠᠭ᠎ᠠ᠂ ᠰᠢᠩ ᠡᡁᠧ ᠰᠢᠶᠠᠨ ᠤ | ᠲᠠᠷᠢᠶᠠᠯᠠᠩ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠮᠡᠳᠡᠭᠦᠯᠦᠯᠲᠡ ᠶᠢ ᠲᠤᠰᠴᠤ᠂ | ᠠᠳᠡᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ︽ᠤᠯᠠᠭᠠᠨᠴᠠᠪ ᠬᠤᠳᠠ ᠶᠢᠨ ᠵᠢᠭᠠᠰᠤᠨ ᠠᠵᠤ | ᠠᠬᠤᠢ ᠶᠢᠨ ᠣᠩᠭᠤᠴᠠ ᠰᠠᠯ ᠤᠨ ᠤᠰᠤᠨ ᠳᠡᠭᠡᠷᠡᠬᠢ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ︾ ᠢ ᠳᠠᠷᠤᠢ ᠲᠦᠷᠭᠡᠨ ᠡᠬᠢᠯᠡᠭᠦᠯᠵᠦ᠂ ᠡᠯ᠎ᠡ ᠬᠠᠮᠵᠢᠯᠴᠠᠬᠤ ᠨᠢᠭᠡᠴᠡ ᠲᠠᠢ ᠵᠣᠬᠢᠴᠠᠭᠤᠯᠵᠤ᠂ | ᠬᠠᠮᠢᠶ᠎ᠠ ᠪᠦᠬᠦᠢ ᠡᠳ᠋ ᠪᠣᠳᠠᠰ ᠢ ᠰᠢᠯᠵᠢᠭᠦᠯᠦᠨ ᠲᠤᠬᠠᠢ ᠶᠢᠨ ᠲᠠᠯᠠᠪᠠᠢ ᠳᠤ ᠲᠦᠷᠭᠡᠨ ᠬᠦᠷᠴᠦ ᠠᠪᠤᠷᠠᠨ ᠲᠤᠰᠠᠯᠠᠪᠠ᠃ | ᠰᠣᠷᠢᠯᠲᠠ ᠶᠢᠨ ᠲᠤᠬᠠᠢ ᠶᠢᠨ ᠲᠠᠯᠠᠪᠠᠢ ᠳᠤ᠂ 50 ᠭᠠᠷᠤᠢ ᠪᠣᠯᠪᠠᠰᠤᠷᠠᠯ ᠳᠤ ᠣᠷᠣᠯᠴᠠᠭᠰᠠᠨ ᠬᠥᠮᠦᠰ | ᠤᠷᠢᠳᠴᠢᠯᠠᠨ ᠲᠣᠭᠲᠠᠭᠠᠭᠰᠠᠨ ᠲᠥᠯᠥᠪᠯᠡᠭᠡ ᠪᠠ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ᠂ ᠪᠠᠴᠢᠮ ᠪᠡᠯᠡᠳᠬᠡᠯ ᠲᠥᠰᠦᠯ ᠢ ᠡᠬᠢᠯᠡᠭᠦᠯᠬᠦ᠂ ᠰᠡᠷᠭᠡᠶᠢᠯᠡᠯᠲᠡ ᠬᠢᠬᠦ ᠪᠠ ᠵᠠᠮ ᠬᠠᠷᠢᠯᠴᠠᠭ᠎ᠠ ᠶᠢ ᠵᠠᠬᠢᠷᠤᠨ | ᠬᠠᠮᠢᠶᠠᠷᠬᠤ᠂ ᠤᠰᠤᠨ ᠳᠤ ᠤᠨᠠᠭᠰᠠᠨ ᠬᠥᠮᠦᠰ ᠢ ᠱᠦᠭᠦᠬᠦ᠂ ᠪᠠᠴᠢᠮ ᠠᠪᠤᠷᠠᠨ ᠲᠤᠰᠠᠯᠠᠬᠤ ᠵᠡᠷᠭᠡ ᠰᠢᠢᠳᠪᠦᠷᠢᠯᠡᠬᠦ | ᠭᠤᠭᠴᠤᠭ᠎ᠠ ᠶᠢᠨ ᠲᠣᠭᠤᠷᠢᠨ ᠳᠤ᠂ ᠡᠯ᠎ᠡ ᠬᠠᠮᠵᠢᠯᠴᠠᠬᠤ ᠨᠢᠭᠡᠴᠡ ᠨᠦᠭᠦᠳ ᠬᠠᠷᠢᠯᠴᠠᠨ ᠬᠠᠮᠵᠢᠯᠴᠠᠵᠤ᠂ ᠬᠠᠮᠵᠢᠯᠴᠠᠨ | ᠪᠠᠶᠢᠯᠳᠤᠵᠤ᠂ ᠠᠶᠤᠯ ᠳᠤ ᠤᠴᠠᠷᠠᠭᠰᠠᠨ ᠬᠥᠮᠦᠰ ᠠᠶᠤᠯ ᠠᠴᠠ ᠠᠮᠵᠢᠯᠲᠠ ᠲᠠᠢ ᠪᠠᠷ ᠮᠤᠯᠲᠤᠷᠠᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |