ᠰᠦᠢ ᠸᠧᠢ ᠵᠢᠶᠦ᠋ᠨ ᠰᠢᠩ ᠡᡁᠧ ᠰᠢᠶᠠᠨ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠦᠢᠯᠡᠳᠦᠯ ᠢ ᠬᠡᠷᠬᠢᠨ ᠨᠡᠩ ᠰᠠᠶᠢᠲᠤᠷ ᠪᠠᠳᠠᠷᠠᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/10/20
     10 ᠰᠠᠷ᠎ᠠ ᠶᠢᠨ 18᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ ᠲᠥᠯᠥᠭᠡᠯᠡᠭᠴᠢ ᠭᠡᠰᠢᠭᠦᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠰᠦᠢ ᠸᠧᠢ ᠵᠢᠶᠦ᠋ᠨ ᠤᠷᠢᠳ ᠬᠤᠵᠢᠳ ᠰᠢᠶᠠᠨ᠂ ᠰᠢᠶᠠᠩ᠂ ᠨᠡᠶᠢᠭᠡᠮ ᠲᠣᠭᠤᠷᠢᠭ ᠵᠢᠴᠢ ᠵᠠᠬᠢᠳᠠᠯ ᠰᠤᠷᠪᠤᠯᠵᠢᠯᠠᠭ᠎ᠠ ᠶᠢᠨ ᠶᠡᠭᠡ ᠲᠢᠩᠬᠢᠮ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠭᠡᠷ ᠲᠤ ᠬᠦᠷᠴᠦ᠂ ᠬᠤᠯᠪᠣᠭ᠎ᠠ ᠠᠪᠬᠤ ᠠᠯᠪᠠᠨ ᠭᠡᠷ᠂ ᠬᠤᠯᠪᠣᠭ᠎ᠠ ᠠᠪᠬᠤ ᠲᠠᠰᠤᠭ᠂ ᠬᠤᠯᠪᠣᠭ᠎ᠠ ᠠᠪᠬᠤ ᠦᠷᠳᠡᠭᠡ ᠶᠢᠨ ᠪᠦᠳᠦᠭᠡᠨ ᠪᠠᠶᠢᠭᠤᠯᠤᠯᠲᠠ ᠪᠠ ᠠᠵᠢᠯᠯᠠᠭ᠎ᠠ ᠪᠣᠯᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠡᠭᠦᠷᠭᠡ ᠲᠤᠰᠢᠶᠠᠯ ᠢᠶᠠᠨ ᠭᠦᠢᠴᠡᠳᠬᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃      10 ᠰᠠᠷ᠎ᠠ ᠶᠢᠨ 18᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠨ᠎ᠡ ᠬᠤᠲᠠ ᠨᠡᠶᠢᠭᠡᠮ ᠲᠣᠭᠤᠷᠢᠭ ᠲᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠬᠡᠷ — — ᠰᠢᠨ᠎ᠡ ᠬᠤᠲᠠ ᠨᠡᠶᠢᠭᠡᠮ ᠲᠣᠭᠤᠷᠢᠭ ᠤᠨ ᠬᠤᠯᠪᠣᠭ᠎ᠠ ᠠᠪᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃      ᠰᠦᠢ ᠸᠧᠢ ᠵᠢᠶᠦ᠋ᠨ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯ ᠴᠥᠮ ᠡᠯ᠎ᠡ ᠠᠵᠢᠯ ᠲᠦᠷᠦᠯ ᠡᠯ᠎ᠡ ᠬᠦᠷᠢᠶᠡᠨ ᠤ ᠰᠢᠯᠢᠳᠡᠭ ᠲᠥᠯᠥᠭᠡᠯᠡᠭᠴᠢ ᠮᠥᠨ᠂ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠤᠨ ᠤᠯᠠᠨ ᠲᠦᠮᠡᠨ ᠲᠠᠢ ᠨᠡᠪᠲᠡᠷᠡᠯᠴᠡᠬᠦ ᠬᠥᠭᠦᠷᠭᠡ ᠬᠤᠯᠪᠣᠭᠠᠰᠤ ᠮᠥᠨ᠂ ᠲᠥᠯᠥᠭᠡᠯᠡᠭᠴᠢ ᠭᠡᠰᠢᠭᠦᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠨᠢ ᠲᠦᠢᠯ ᠤᠨ ᠴᠢᠬᠤᠯᠠ ᠶᠤᠮ᠃ ᠲᠣᠭᠲᠠᠴᠠ ᠪᠠᠨ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠠᠶᠢᠨ ᠲᠦᠷᠢᠮ ᠲᠣᠭᠲᠠᠴᠠ ᠪᠠᠷ ᠳᠠᠮᠵᠢᠭᠤᠯᠤᠨ ᠠᠵᠢᠯ ᠤᠨ ᠰᠢᠰᠲ᠋ᠧᠮ ᠢ ᠪᠦᠷᠢᠨᠰᠢᠬᠦᠯᠵᠤ᠂ ᠲᠥᠯᠥᠭᠡᠯᠡᠭᠴᠢ ᠭᠡᠰᠢᠭᠦᠳ ᠤᠨ ᠢᠳᠡᠪᠬᠢᠵᠢᠯ ᠢ ᠲᠠᠶᠢᠴᠢᠯᠠᠵᠤ᠂ ᠲᠥᠯᠥᠭᠡᠯᠡᠭᠴᠢ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ ᠶᠢ ᠵᠣᠷᠢᠭᠵᠢᠭᠤᠯᠵᠤ᠂ ︽ᠪᠦᠬᠦᠯᠢ ᠡᠳᠦᠷ︾᠎ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠣᠶᠢᠷᠠᠲᠤᠵᠤ᠂ ᠬᠠᠮᠤᠭ ᠤᠨ ᠦᠨᠡᠨ ᠪᠣᠳᠠᠲᠠᠢ ᠪᠠᠶᠢᠳᠠᠯ ᠢ ᠲᠣᠳᠣᠷᠬᠠᠢ ᠣᠶᠢᠯᠠᠭᠠᠵᠤ᠂ ᠬᠠᠮᠤᠭ ᠤᠨ ᠴᠢᠩᠭ᠎ᠠ ᠠᠷᠠᠳ ᠤᠨ ᠰᠠᠨᠠᠭ᠎ᠠ ᠶᠢ ᠴᠤᠭᠯᠠᠭᠤᠯᠵᠤ᠂ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠬᠡᠷ ᠢ ᠦᠨᠡᠨᠬᠦ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠢᠭᠰᠠᠭᠠᠯ ᠤᠨ ᠭᠠᠵᠠᠷ᠂ ᠤᠯᠠᠨ ᠲᠦᠮᠡᠨ ᠲᠠᠢ ᠬᠠᠷᠢᠯᠴᠠᠬᠤ ᠦᠢᠯᠡᠴᠢᠯᠡᠭᠡᠨ ᠤ ᠴᠣᠩᠬᠤ ᠪᠣᠯᠭᠠᠨ ᠪᠠᠶᠢᠭᠤᠯᠬᠤ ᠬᠡᠷᠡᠭᠲᠡᠢ᠃ ᠪᠦᠬᠦ ᠬᠤᠳᠠ ᠶᠢᠨ ᠡᠯ᠎ᠡ ᠱᠠᠲᠤᠨ ᠤ ᠲᠥᠯᠥᠭᠡᠯᠡᠭᠴᠢ ᠭᠡᠰᠢᠭᠦᠳ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ᠂ ᠴᠢᠬᠤᠯᠠ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠴᠡᠨ᠎ᠡ ᠪᠠᠷ ᠥᠨᠳᠥᠷ ᠠᠷᠭᠠᠴᠠᠬᠤ ᠪᠤᠳᠤᠯᠭ᠎ᠠ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠰᠠᠨᠠᠭᠠᠴᠢᠯᠠᠭ᠎ᠠ ᠠᠴᠠ ᠪᠠᠨ ᠳᠠᠪᠠᠭᠤᠯᠢᠭ ᠢᠶᠠᠨ ᠪᠠᠳᠠᠷᠠᠭᠤᠯᠵᠤ᠂ ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠵᠦ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠪᠦᠬᠦ ᠬᠤᠳᠠ ᠶᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠰᠠᠶᠢᠨ ᠬᠦᠴᠦ ᠨᠡᠮᠡᠷᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠴᠢᠶᠣᠤ ᠶᠦᠨ ᠯᠢ᠂ ᠯᠢᠦ ᠭᠦᠸᠧ ᠭᠠᠩ ᠣᠷᠣᠯᠴᠠᠵᠠᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3