10 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠰᠢᠩ | ᠾᠧ ᠰᠢᠶᠠᠨ ᠳᠤ ᠭᠦᠨᠵᠡᠭᠡᠶᠢᠷᠡᠨ ᠲᠥᠯᠥᠭᠡᠯᠡᠭᠴᠢ ᠭᠡᠰᠢᠭᠦᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠶ | ᠪᠠᠶᠢᠴᠠᠭᠠᠨ ᠰᠤᠳᠤᠯᠤᠯᠲᠠ ᠬᠢᠪᠠ᠃ | ᠰᠦᠢ ᠸᠧᠢ ᠵᠢᠶᠦ᠋ᠨ ᠤᠷᠢᠳ ᠬᠤᠵᠢᠳ ᠰᠢᠶᠠᠨ᠂ ᠰᠢᠶᠠᠩ᠂ ᠨᠡᠶᠢᠭᠡᠮ ᠲᠣᠭᠤᠷᠢᠭ ᠵᠢᠴᠢ ᠵᠠᠬᠢᠳᠠᠯ | ᠰᠤᠷᠪᠤᠯᠵᠢᠯᠠᠭ᠎ᠠ ᠶᠢᠨ ᠶᠡᠭᠡ ᠲᠢᠩᠬᠢᠮ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠭᠡᠷ ᠲᠤ ᠬᠦᠷᠴᠦ᠂ | ᠬᠤᠯᠪᠣᠭ᠎ᠠ ᠠᠪᠬᠤ ᠠᠯᠪᠠᠨ ᠭᠡᠷ᠂ ᠬᠤᠯᠪᠣᠭ᠎ᠠ ᠠᠪᠬᠤ ᠲᠠᠰᠤᠭ᠂ ᠬᠤᠯᠪᠣᠭ᠎ᠠ ᠠᠪᠬᠤ ᠦᠷᠳᠡᠭᠡ ᠶᠢᠨ ᠪᠦᠳᠦᠭᠡᠨ | ᠪᠠᠶᠢᠭᠤᠯᠤᠯᠲᠠ ᠪᠠ ᠠᠵᠢᠯᠯᠠᠭ᠎ᠠ ᠪᠣᠯᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ | ᠭᠦᠢᠴᠡᠳᠬᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | 10 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠰᠢᠩ | ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠨ᠎ᠡ ᠬᠤᠲᠠ ᠨᠡᠶᠢᠭᠡᠮ ᠲᠣᠭᠤᠷᠢᠭ ᠲᠤ ︽ᠬᠤᠶᠠᠷ ᠲᠥᠯᠥᠭᠡᠯᠡᠭᠴᠢ | ᠨᠢᠭᠡ ᠭᠡᠰᠢᠭᠦᠨ︾ ᠤ ᠬᠡᠷ — — ᠰᠢᠨ᠎ᠡ ᠬᠤᠲᠠ ᠨᠡᠶᠢᠭᠡᠮ ᠲᠣᠭᠤᠷᠢᠭ ᠤᠨ ᠬᠤᠯᠪᠣᠭ᠎ᠠ ᠠᠪᠬᠤ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃ | ᠰᠦᠢ ᠸᠧᠢ ᠵᠢᠶᠦ᠋ᠨ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯ ᠴᠥᠮ ᠡᠯ᠎ᠡ ᠠᠵᠢᠯ ᠲᠦᠷᠦᠯ ᠡᠯ᠎ᠡ | ᠬᠦᠷᠢᠶᠡᠨ ᠤ ᠰᠢᠯᠢᠳᠡᠭ ᠲᠥᠯᠥᠭᠡᠯᠡᠭᠴᠢ ᠮᠥᠨ᠂ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠤᠨ ᠤᠯᠠᠨ | ᠲᠦᠮᠡᠨ ᠲᠠᠢ ᠨᠡᠪᠲᠡᠷᠡᠯᠴᠡᠬᠦ ᠬᠥᠭᠦᠷᠭᠡ ᠬᠤᠯᠪᠣᠭᠠᠰᠤ ᠮᠥᠨ᠂ ᠲᠥᠯᠥᠭᠡᠯᠡᠭᠴᠢ ᠭᠡᠰᠢᠭᠦᠨ ᠤ ᠦᠢᠯᠡᠳᠦᠯ ᠢ ᠰᠠᠶᠢᠲᠤᠷ | ᠪᠠᠳᠠᠷᠠᠭᠤᠯᠬᠤ ᠨᠢ ᠲᠦᠢᠯ ᠤᠨ ᠴᠢᠬᠤᠯᠠ ᠶᠤᠮ᠃ ᠲᠣᠭᠲᠠᠴᠠ ᠪᠠᠨ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ | ᠰᠠᠶᠢᠨ ᠲᠦᠷᠢᠮ ᠲᠣᠭᠲᠠᠴᠠ ᠪᠠᠷ ᠳᠠᠮᠵᠢᠭᠤᠯᠤᠨ ᠠᠵᠢᠯ ᠤᠨ ᠰᠢᠰᠲ᠋ᠧᠮ ᠢ ᠪᠦᠷᠢᠨᠰᠢᠬᠦᠯᠵᠤ᠂ ᠲᠥᠯᠥᠭᠡᠯᠡᠭᠴᠢ | ᠭᠡᠰᠢᠭᠦᠳ ᠤᠨ ᠢᠳᠡᠪᠬᠢᠵᠢᠯ ᠢ ᠲᠠᠶᠢᠴᠢᠯᠠᠵᠤ᠂ ᠲᠥᠯᠥᠭᠡᠯᠡᠭᠴᠢ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ | ᠪᠠᠶᠢᠩᠭᠤᠵᠢᠭᠤᠯᠤᠨ ᠭᠦᠢᠴᠡᠳᠬᠡᠬᠦ ᠶᠢ ᠵᠣᠷᠢᠭᠵᠢᠭᠤᠯᠵᠤ᠂ ︽ᠪᠦᠬᠦᠯᠢ ᠡᠳᠦᠷ︾ ᠢᠶᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠣᠶᠢᠷᠠᠲᠤᠵᠤ᠂ ᠬᠠᠮᠤᠭ ᠤᠨ | ᠦᠨᠡᠨ ᠪᠣᠳᠠᠲᠠᠢ ᠪᠠᠶᠢᠳᠠᠯ ᠢ ᠲᠣᠳᠣᠷᠬᠠᠢ ᠣᠶᠢᠯᠠᠭᠠᠵᠤ᠂ ᠬᠠᠮᠤᠭ ᠤᠨ ᠴᠢᠩᠭ᠎ᠠ ᠠᠷᠠᠳ ᠤᠨ ᠰᠠᠨᠠᠭ᠎ᠠ ᠶᠢ | ᠴᠤᠭᠯᠠᠭᠤᠯᠵᠤ᠂ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ | ᠪᠠᠶᠢᠭ᠎ᠠ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠥᠯᠥᠭᠡᠯᠡᠭᠴᠢ ᠭᠡᠰᠢᠭᠦᠳ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠲᠠᠪᠴᠠᠩ ᠢ ᠢᠳᠡᠪᠬᠢᠲᠡᠢ | ᠪᠠᠶᠢᠭᠤᠯᠵᠤ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ | ᠵᠠᠮ ᠢ ᠰᠢᠯᠤᠭᠤᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠤ ᠬᠡᠷ ᠢ ᠦᠨᠡᠨᠬᠦ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠵᠢᠭᠰᠠᠭᠠᠯ ᠤᠨ ᠭᠠᠵᠠᠷ᠂ ᠤᠯᠠᠨ ᠲᠦᠮᠡᠨ ᠲᠠᠢ ᠬᠠᠷᠢᠯᠴᠠᠬᠤ ᠦᠢᠯᠡᠴᠢᠯᠡᠭᠡᠨ ᠤ ᠴᠣᠩᠬᠤ ᠪᠣᠯᠭᠠᠨ ᠪᠠᠶᠢᠭᠤᠯᠬᠤ | ᠬᠡᠷᠡᠭᠲᠡᠢ᠃ ᠪᠦᠬᠦ ᠬᠤᠳᠠ ᠶᠢᠨ ᠡᠯ᠎ᠡ ᠱᠠᠲᠤᠨ ᠤ ᠲᠥᠯᠥᠭᠡᠯᠡᠭᠴᠢ ᠭᠡᠰᠢᠭᠦᠳ ᠬᠠᠷᠢᠭᠤᠴᠠᠯᠭ᠎ᠠ ᠡᠭᠦᠷᠭᠡᠯᠡᠬᠦ ᠪᠠᠨ | ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠠᠵᠢᠯ᠂ ᠴᠢᠬᠤᠯᠠ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ | ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠴᠡᠨ᠎ᠡ ᠪᠠᠷ ᠥᠨᠳᠥᠷ ᠠᠷᠭᠠᠴᠠᠬᠤ ᠪᠤᠳᠤᠯᠭ᠎ᠠ ᠰᠠᠨᠠᠭᠤᠯᠭ᠎ᠠ ᠶᠢ | ᠢᠯᠡᠭᠦᠬᠡᠨ ᠳᠤᠷᠠᠳᠴᠤ᠂ ᠰᠠᠨᠠᠭᠠᠴᠢᠯᠠᠭ᠎ᠠ ᠠᠴᠠ ᠪᠠᠨ ᠳᠠᠪᠠᠭᠤᠯᠢᠭ ᠢᠶᠠᠨ ᠪᠠᠳᠠᠷᠠᠭᠤᠯᠵᠤ᠂ ᠤᠯᠠᠨ ᠤ ᠰᠠᠨᠠᠯ ᠢ ᠠᠪᠴᠤ | ᠤᠯᠠᠨ ᠤ ᠤᠬᠠᠭᠠᠨ ᠢ ᠲᠥᠪᠯᠡᠷᠡᠭᠦᠯᠵᠦ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠪᠦᠬᠦ | ᠬᠤᠳᠠ ᠶᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠰᠠᠶᠢᠨ ᠬᠦᠴᠦ ᠨᠡᠮᠡᠷᠢᠯᠡᠵᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠴᠢᠶᠣᠤ ᠶᠦᠨ ᠯᠢ᠂ ᠯᠢᠦ ᠭᠦᠸᠧ ᠭᠠᠩ ᠣᠷᠣᠯᠴᠠᠵᠠᠢ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |