ᠯᠢ ᠺᠠᠶ ᠳ᠋ᠦᠩ ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ ᠰᠤᠮᠤᠨ‌ᠠᠭᠤᠯᠠᠨ ᠤ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/24
     10 ᠰᠠᠷ᠎ᠠ ᠶᠢᠨ 20᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ ᠰᠤᠮᠤᠨ ᠠᠭᠤᠯᠠᠨ ᠤ ᠶᠢᠰᠦᠨ ᠵᠢᠯ ᠤᠨ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠡᠯ᠎ᠡ ᠬᠠᠷᠢᠭᠤᠴᠠᠯᠭᠠᠲᠤ ᠨᠢᠭᠡᠴᠡ ᠶᠢᠨ ᠠᠵᠢᠯᠯᠠᠭ᠎ᠠ ᠶᠢ ᠪᠡᠯᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠤᠯᠪᠣᠭᠳᠠᠯ ᠪᠦᠬᠦᠢ ᠠᠵᠢᠯ ᠢ ᠲᠠᠬᠢᠨ ᠪᠠᠶᠢᠷᠢᠯᠠᠭᠤᠯᠵᠤ ᠲᠠᠬᠢᠨ ᠲᠤᠬᠢᠷᠠᠭᠤᠯᠪᠠ᠃      ᠬᠤᠷᠠᠯ ᠠᠴᠠ ᠴᠢᠩᠭᠠᠳᠬᠠᠭᠰᠠᠨ ᠨᠢ᠂ ᠲᠤᠰ ᠤᠳᠠᠭ᠎ᠠ ᠶᠢᠨ ᠠᠵᠢᠯᠯᠠᠭ᠎ᠠ ᠶᠢᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠪᠣᠯᠬᠤᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠦᠴᠦᠨ ᠢᠶᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ︔ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠡᠶᠡᠯᠡᠭᠦᠯᠵᠦ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠭᠥᠯᠢᠶᠡᠨ ᠠᠪᠬᠤ᠂ ᠢᠳᠡᠭᠡᠨ ᠤ ᠠᠷᠢᠭᠤᠨ ᠴᠡᠪᠡᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠭᠠᠯ ᠰᠡᠷᠭᠡᠶᠢᠯᠡᠬᠦ ᠵᠢᠴᠢ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠰᠤᠳᠤᠯᠤᠨ ᠮᠠᠭᠠᠳᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠪᠣᠯᠤᠨ ᠠᠵᠢᠯᠯᠠᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠤᠨ᠂ ᠳᠠᠷᠤᠯᠲᠠ ᠶᠢ ᠬᠤᠪᠢ ᠬᠥᠮᠦᠨ ᠳᠤ ᠳᠠᠮᠵᠢᠭᠤᠯᠵᠤ᠂ ᠡᠭᠦᠷᠭᠡ ᠳᠤ ᠬᠤᠭᠤᠰᠣᠨ ᠣᠷᠣ ᠥᠬᠡᠶ᠂ ᠬᠠᠷᠢᠭᠤᠴᠠᠯᠭ᠎ᠠ ᠳᠤ ᠬᠤᠭᠤᠰᠣᠨ ᠣᠷᠣ ᠥᠬᠡᠶ᠂ ᠵᠣᠯᠭᠠᠭᠤᠯᠤᠯᠲᠠ ᠳᠤ ᠵᠠᠶ ᠵᠠᠪᠰᠠᠷ ᠥᠬᠡᠶ ᠪᠠᠶᠢᠬᠤ ᠶᠢ ᠪᠡᠶᠡᠯᠡᠭᠦᠯᠵᠦ᠂ ᠠᠵᠢᠯᠯᠠᠭ᠎ᠠ ᠶᠢᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠯᠢ ᠼᠠᠢ ᠴᠢᠩ᠂ ᠵᠤᠤ ᠬᠤᠢ ᠵᠢᠤᠢ᠂ ᠭᠦᠩ ᠰᠢᠤ ᠯᠦᠩ᠂ ᠾᠧᠦ ᠶᠢᠩ ᠬᠤᠷᠠᠯ ᠳᠤ ᠣᠷᠣᠯᠴᠠᠵᠠᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3