ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ ᠰᠤᠮᠤᠨ ᠠᠭᠤᠯᠠ ᠶᠢᠨ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/10/24
      10 ᠰᠠᠷ᠎ᠠ ᠶᠢᠨ 23᠎ ᠤ ᠡᠳᠦᠷ᠂ ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ ᠰᠤᠮᠤᠨ ᠠᠭᠤᠯᠠᠨ ᠤ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠬᠦᠳᠡᠯᠭᠡᠭᠡᠨ ᠮᠠᠨ ᠤ ᠰᠢᠶᠠᠨ ᠳᠤ ᠶᠠᠪᠤᠭᠳᠠᠪᠠ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠣᠨᠴᠠᠭᠠᠢ ᠭᠠᠵᠠᠷ ᠣᠷᠣᠨ ᠤ ᠪᠠᠷᠲᠠᠭ᠎ᠠ ᠰᠢᠨᠵᠢᠯᠡᠬᠦ ᠲᠤᠰᠬᠠᠢ ᠮᠡᠷᠭᠡᠵᠢᠯ ᠤᠨ ᠵᠥᠪᠯᠡᠯ ᠤᠨ ᠡᠷᠬᠢᠯᠡᠭᠴᠢ ᠲᠠᠩ ᠴᠠᠩ ᠵᠦᠩ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠡ ᠶᠢᠨ ᠱᠦᠵᠢ ᠸᠠᠩ ᠡᠦ᠂ ᠬᠤᠳᠠ ᠶᠢᠨ ᠤᠳᠤᠷᠢᠳᠤᠯᠭ᠎ᠠ ᠶᠤᠸᠠᠢ ᠶᠠᠨ ᠮᠧᠢ᠂ ᠯᠢᠦ ᠹᠸᠢ ᠮᠢᠩ᠂ ᠹᠠᠩ ᠽᠧ᠂ ᠨᠠᠱᠤᠩᠪᠠᠲᠤ᠂ ᠰᠢᠶᠠᠨ ᠤ ᠤᠳᠤᠷᠢᠳᠤᠯᠭ᠎ᠠ ᠸᠠᠩ ᠬᠤᠢ ᠢᠦᠢ᠂ ᠯᠢ ᠺᠠᠢ ᠳ᠋ᠦᠩ᠂ ᠵᠤᠤ ᠷᠦᠢ᠂ ᠶᠠᠩ ᠵᠧᠨ ᠳ᠋ᠦᠩ ᠵᠡᠷᠭᠡ ᠲᠦᠷᠪᠡᠨ ᠶᠡᠭᠡ ᠪᠠᠭ ᠤᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠸᠠᠩ ᠡᠦ᠂ ᠹᠠᠩ ᠽᠧ᠂ ᠸᠠᠩ ᠬᠤᠢ ᠢᠦᠢ ᠲᠤᠰ ᠲᠤᠰ ᠪᠠᠶᠠᠷ ᠤᠨ ᠦᠭᠡ ᠬᠡᠯᠡᠵᠦ ᠶᠠᠷᠢᠶ᠎ᠠ ᠲᠠᠯᠪᠢᠵᠠᠢ᠃ ᠲᠠᠮᠢᠷᠴᠢᠳ ᠤᠨ ᠲᠥᠯᠥᠭᠡᠯᠡᠭᠴᠢ ︽ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠦᠬᠦ ᠠᠷᠠᠳ ᠤᠨ ᠡᠷᠡᠭᠦᠯ ᠮᠡᠨᠳᠦ ᠶᠢᠨ ᠰᠠᠨᠠᠭᠠᠴᠢᠯᠠᠭ᠎ᠠ ᠶᠢᠨ ᠪᠢᠴᠢᠭ︾᠎ ᠢ ᠤᠩᠰᠢᠪᠠ᠃ ᠰᠢᠩ ᠾᠧ ᠰᠢᠶᠠᠨ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ ᠤᠬᠠᠭᠠᠨ ᠤ ᠨᠡᠶᠢᠭᠡᠮᠯᠢᠭ ᠠᠴᠠ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠬᠤ ᠪᠠᠲᠯᠢᠶᠣᠨ ᠤ ᠰᠤᠮᠤᠨ ᠠᠭᠤᠯᠠᠨ ᠤ ᠬᠤᠸᠠᠷᠠᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠣᠨᠴᠠᠭᠠᠶ ᠭᠠᠵᠠᠷ ᠣᠷᠣᠨ ᠤ ᠰᠢᠨᠵᠢᠯᠡᠬᠦ ᠤᠬᠠᠭᠠᠨ ᠤ  ᠦᠢᠯᠡᠳᠦᠯᠭᠡ ︵ᠰᠤᠮᠤᠨ ᠠᠭᠤᠯᠠᠨ ︶᠎ ᠤ ᠬᠤᠸᠠᠷᠠᠨ ᠤ ᠫᠠᠶᠢᠰᠠ ᠶᠢ ᠲᠣᠰ ᠲᠣᠰ ᠣᠯᠭᠤᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠬᠦᠨᠳᠦᠲᠦ ᠵᠣᠴᠢᠳ ᠬᠠᠮᠲᠤᠪᠠᠷ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠶᠢᠨ   ᠪᠦᠷᠢᠶ᠎ᠡ ᠪᠠᠨ ᠳᠤᠤᠭᠠᠷᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠲᠣᠭᠤᠷᠢᠨ ᠦᠵᠡᠭᠦᠯᠪᠡ᠃      ᠠᠭᠤᠷ ᠤᠨ ᠱᠤᠤᠭᠢᠯ ᠤᠨ ᠲᠠᠭᠤᠨ ᠢ ᠲᠠᠭᠠᠯᠳᠤᠨ᠂ ᠦᠵᠡᠭᠴᠢᠳ ᠬᠠᠮᠲᠤ ᠪᠠᠷ ᠥᠩᠭᠡᠲᠦ ᠪᠥᠮᠪᠦᠭᠡ ᠨᠢᠰᠬᠡᠵᠦ᠂ 1500 ᠰᠢᠬᠠᠮ ᠠᠭᠤᠯᠠ ᠠᠪᠠᠷᠢᠬᠤ ᠳᠤᠷᠠᠲᠠᠢ ᠬᠥᠮᠦᠰ ᠳ᠋ᠢᠶᠠᠨ ᠽᠢ ᠪᠠᠯᠭᠠᠰᠤ ᠶᠢᠨ ᠯᠦ ᠵᠢᠶᠠ ᠶᠢᠩ ᠤᠨ ᠵᠤᠭᠠᠴᠠᠯ ᠤᠨ ᠵᠢᠵᠢᠭ ᠪᠠᠯᠭᠠᠰᠤ ᠠᠴᠠ ᠮᠣᠷᠳᠠᠵᠤ᠂ ᠤᠢ ᠰᠢᠭᠤᠢ ᠶᠢᠨ ᠴᠡᠴᠡᠷᠯᠢᠭ ᠲᠤ ᠬᠦᠷᠴᠦ ᠥᠨᠳᠥᠷ ᠲᠤ ᠠᠪᠠᠷᠢᠨ ᠠᠯᠤᠰ ᠢ ᠪᠠᠷᠠᠯᠠᠵᠤ᠂ ᠥᠷᠭᠡᠨ ᠤᠯᠠᠨ ᠠᠭᠤᠯᠠ ᠠᠪᠠᠷᠢᠬᠤ ᠳᠤᠷᠠᠲᠠᠢ ᠬᠥᠮᠦᠰ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠬᠠᠮᠲᠤ ᠰᠤᠮᠤᠨ ᠠᠭᠤᠯᠠ ᠶᠢᠨ ᠤᠢ ᠰᠢᠭᠤᠢ ᠶᠢᠨ ᠴᠡᠴᠡᠷᠯᠢᠭ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠭᠦᠢᠴᠡᠳ ᠰᠣᠨᠢᠷᠬᠠᠵᠤ᠂ ᠠᠭᠤᠯᠠ ᠠᠪᠠᠷᠢᠬᠤ ᠪᠠᠶᠠᠷ ᠪᠠᠭ᠋ᠠᠳᠤᠯ ᠢ ᠡᠳ᠋ᠯᠡᠨ᠎ᠡ ᠃ ᠲᠣᠰ ᠠᠵᠢᠯᠯᠠᠭ᠎ᠠ ᠶᠢ ᠠᠭᠤᠯᠠᠷᠬᠠᠭ ᠭᠠᠵᠠᠷ ᠲᠤ 5 ᠺᠢᠯᠣᠮᠧᠲᠷ᠂ 9 ᠺᠢᠯᠣᠮᠧᠲᠷ᠂ 13 ᠺᠢᠯᠣᠮᠧᠲᠷ ᠬᠤᠪᠢᠶᠠᠵᠤ᠂ ᠡᠷᠡᠭᠲᠡᠶ ᠡᠮᠡᠭᠲᠡᠶ ᠶᠢᠨ ᠳᠤᠭᠤᠶᠢᠯᠠᠩ ᠳᠤ ᠨᠡᠶᠢᠲᠡ 6 ᠳᠤᠭᠤᠶᠢᠯᠠᠩ ᠬᠤᠪᠢᠶᠠᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ ᠪᠦᠲᠦᠭᠡᠯ ᠤᠨ ᠦᠵᠡᠭᠦᠯᠦᠯᠭᠡ᠂ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠲᠠᠯᠠᠪᠠᠢ ᠶᠢᠨ ᠪᠥᠵᠢᠭ ᠤᠨ ᠤᠷᠤᠯᠳᠤᠭᠠᠨ᠂ ᠤᠨᠴᠠᠯᠢᠬᠳᠤ ᠠᠮᠲᠠᠲᠤ ᠢᠳᠡᠭᠡᠨ ᠤ ᠲᠤᠯᠢ ᠵᠡᠷᠭᠡ ᠭᠤᠶᠢᠳᠠ ᠰᠠᠶᠢᠬᠠᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠵᠤᠭᠠᠴᠠᠭᠰᠠᠳ ᠲᠤ ᠥᠪᠡᠷᠮᠢᠴᠡ ᠣᠨᠴᠠᠯᠢᠭ ᠲᠠᠢ ᠰᠣᠶᠣᠯ ᠵᠤᠭᠠᠴᠠᠯ ᠤᠨ ᠦᠪᠡᠳᠡᠭᠰᠢ ᠨᠠᠶᠢᠷ ᠢ ᠡᠳ᠋ᠯᠡᠭᠦᠯᠵᠦ᠂ ᠰᠣᠶᠣᠯ ᠵᠤᠭᠠᠴᠠᠯ ᠤᠨ ᠬᠡᠷᠡᠭᠯᠡᠭᠡ ᠶᠢᠨ ᠪᠦᠬᠦ ᠲᠠᠯ᠎ᠠ ᠪᠠᠷ ᠲᠡᠰ ᠳᠡᠪᠰᠢᠬᠦ ᠶᠢ ᠠᠬᠢᠭᠤᠯᠪᠠ᠃      ᠲᠣᠰ ᠠᠵᠢᠯᠯᠠᠭ᠎ᠠ ᠨᠢ ᠪᠠᠰᠠ ᠪᠥᠬᠦ ᠶᠠᠪᠤᠴᠠ ᠳᠤ ᠠᠭᠤᠯᠠ ᠠᠪᠠᠷᠢᠭᠴᠢᠳ ᠲᠤ ᠢᠷᠠᠭᠤ ᠠᠯᠳᠠᠷ ᠤᠨ ᠦᠨᠡᠮᠯᠡᠯ ᠪᠠ ᠳᠤᠷᠠᠰᠬᠠᠯ ᠤᠨ ᠮᠧᠳᠠᠯ ᠣᠯᠭᠤᠵᠤ᠂ ᠲᠠᠯᠠᠪᠠᠶ ᠶᠢᠨ ᠪᠥᠵᠢᠭ ᠤᠨ ᠤᠷᠤᠯᠳᠤᠭᠠᠨ ᠤ ᠡᠩᠨᠡᠭᠡ ᠳᠤ ᠢᠷᠠᠭᠤ ᠠᠯᠳᠠᠷ ᠤᠨ ᠦᠨᠡᠮᠯᠡᠯ ᠣᠯᠭᠤᠵᠠᠶ᠃                                                                 ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3