10 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ | ᠰᠤᠮᠤᠨ ᠠᠭᠤᠯᠠᠨ ᠤ ᠶᠢᠰᠦᠨ ᠵᠢᠯ ᠤᠨ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠡᠯ᠎ᠡ ᠬᠠᠷᠢᠭᠤᠴᠠᠯᠭᠠᠲᠤ ᠨᠢᠭᠡᠴᠡ ᠶᠢᠨ ᠠᠵᠢᠯᠯᠠᠭ᠎ᠠ ᠶᠢ ᠪᠡᠯᠡᠳᠬᠡᠭᠰᠡᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ | ᠬᠤᠯᠪᠣᠭᠳᠠᠯ ᠪᠦᠬᠦᠢ ᠠᠵᠢᠯ ᠢ ᠲᠠᠬᠢᠨ ᠪᠠᠶᠢᠷᠢᠯᠠᠭᠤᠯᠵᠤ ᠲᠠᠬᠢᠨ ᠲᠤᠬᠢᠷᠠᠭᠤᠯᠪᠠ᠃ | ᠬᠤᠷᠠᠯ ᠠᠴᠠ ᠴᠢᠩᠭᠠᠳᠬᠠᠭᠰᠠᠨ ᠨᠢ᠂ ᠲᠤᠰ ᠤᠳᠠᠭ᠎ᠠ ᠶᠢᠨ ᠠᠵᠢᠯᠯᠠᠭ᠎ᠠ ᠶᠢᠨ ᠴᠠᠭ ᠪᠠᠴᠢᠮ᠂ ᠡᠭᠦᠷᠭᠡ | ᠬᠦᠨᠳᠦ᠂ ᠱᠠᠭᠠᠷᠳᠠᠯᠭ᠎ᠠ ᠥᠨᠳᠥᠷ ᠪᠣᠯᠬᠤᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ | ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠵᠦ᠂ ᠬᠦᠴᠦᠨ ᠢᠶᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢ | ᠪᠠᠲᠤᠯᠠᠬᠤ ᠬᠡᠷᠡᠭᠲᠡᠢ︔ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠡᠶᠡᠯᠡᠭᠦᠯᠵᠦ᠂ ᠠᠮᠤᠷ ᠢ ᠬᠠᠮᠠᠭᠠᠯᠠᠵᠤ | ᠲᠣᠭᠲᠠᠭᠤᠨ ᠢ ᠬᠠᠮᠠᠭᠠᠯᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠭᠥᠯᠢᠶᠡᠨ ᠠᠪᠬᠤ᠂ ᠢᠳᠡᠭᠡᠨ ᠤ ᠠᠷᠢᠭᠤᠨ | ᠴᠡᠪᠡᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠭᠠᠯ ᠰᠡᠷᠭᠡᠶᠢᠯᠡᠬᠦ ᠵᠢᠴᠢ ᠡᠮᠴᠢᠯᠡᠭᠡᠨ ᠤ ᠠᠪᠤᠷᠠᠨ | ᠲᠤᠰᠠᠯᠠᠬᠤ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠤᠨ ᠰᠤᠳᠤᠯᠤᠨ ᠮᠠᠭᠠᠳᠯᠠᠵᠤ᠂ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠲᠤᠬᠠᠢ ᠶᠢᠨ | ᠲᠠᠯᠠᠪᠠᠢ ᠶᠢᠨ ᠡᠮᠬᠢ ᠳᠢᠭᠯᠢᠮ ᠪᠣᠯᠤᠨ ᠠᠵᠢᠯᠯᠠᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠠᠵᠢᠯ ᠤᠨ | ᠪᠠᠶᠢᠷᠢ ᠳᠤ ᠨᠠᠶᠢᠳᠠᠪᠤᠷᠢᠵᠢᠭᠤᠯᠤᠨ᠂ ᠳᠠᠷᠤᠯᠲᠠ ᠶᠢ ᠬᠤᠪᠢ ᠬᠥᠮᠦᠨ ᠳᠤ ᠳᠠᠮᠵᠢᠭᠤᠯᠵᠤ᠂ ᠡᠭᠦᠷᠭᠡ ᠳᠤ ᠬᠤᠭᠤᠰᠣᠨ | ᠣᠷᠣ ᠥᠬᠡᠶ᠂ ᠬᠠᠷᠢᠭᠤᠴᠠᠯᠭ᠎ᠠ ᠳᠤ ᠬᠤᠭᠤᠰᠣᠨ ᠣᠷᠣ ᠥᠬᠡᠶ᠂ ᠵᠣᠯᠭᠠᠭᠤᠯᠤᠯᠲᠠ ᠳᠤ ᠵᠠᠶ ᠵᠠᠪᠰᠠᠷ ᠥᠬᠡᠶ | ᠪᠠᠶᠢᠬᠤ ᠶᠢ ᠪᠡᠶᠡᠯᠡᠭᠦᠯᠵᠦ᠂ ᠠᠵᠢᠯᠯᠠᠭ᠎ᠠ ᠶᠢᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠶ᠃ | ᠰᠢᠶᠠᠨ ᠤ ᠤᠳᠤᠷᠢᠳᠤᠯᠭ᠎ᠠ ᠯᠢ ᠼᠠᠢ ᠴᠢᠩ᠂ ᠵᠤᠤ ᠬᠤᠢ ᠵᠢᠤᠢ᠂ ᠭᠦᠩ ᠰᠢᠤ ᠯᠦᠩ᠂ ᠾᠧᠦ ᠶᠢᠩ | ᠬᠤᠷᠠᠯ ᠳᠤ ᠣᠷᠣᠯᠴᠠᠵᠠᠢ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |