ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 18 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/25
      10 ᠰᠠᠷ᠎ᠠ ᠶᠢᠨ 20᠎ ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 18 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠶ ᠵᠢᠶᠦ᠋ᠨ ᠬᠤᠷᠠᠯ ᠡᠷᠭᠢᠯᠡᠪᠡ᠃
     ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠤᠯᠤᠰ ᠲᠦᠷᠦ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠳᠡᠳ᠋ ᠫᠷᠤᠹᠧᠰᠰᠤᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠴᠢᠦᠢ ᠪᠥᠸᠧ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠳᠤᠷᠠᠳᠤᠭᠰᠠᠨ ᠴᠢᠬᠤᠯᠠ ᠪᠠᠶᠢᠷᠢᠯᠠᠭᠤᠯᠤᠯᠲᠠ᠂ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠷᠠᠵᠤ ᠪᠠᠶᠢᠭ᠎ᠠ ᠭᠤᠣᠯ ᠪᠠᠶᠢᠳᠠᠯ᠂ ᠪᠦᠲᠦᠮᠵᠢᠲᠡᠢ ᠬᠥᠳᠡᠭᠡ ᠲᠣᠰᠬᠤᠨ ᠤ ᠵᠠᠰᠠᠯᠲᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠤᠷᠢᠪᠠ᠃ ᠡᠭᠦᠨ ᠤ ᠬᠠᠮᠲᠤ ᠲᠣᠰ ᠪᠡᠶ᠎ᠡ ᠶᠢᠨ ᠰᠤᠷᠤᠯᠴᠠᠵᠤ ᠰᠤᠳᠤᠯᠤᠭᠰᠠᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠣᠨᠣᠯ ᠤᠨ ᠵᠠᠳᠠᠯᠤᠯᠲᠠ᠂ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ ᠪᠠᠷ ᠳᠠᠮᠵᠢᠭᠤᠯᠤᠨ ᠭᠦᠨ ᠭᠦᠨᠵᠡᠭᠡᠶ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠭᠰᠠᠨ  ᠎ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠰᠢᠯᠵᠢᠯᠲᠡ ᠶᠢᠨ ᠬᠤᠭᠤᠴᠠᠭᠠᠨ ᠤ ᠭᠤᠷᠪᠠᠳᠤᠭᠠᠷ ᠵᠢᠯ ᠪᠣᠯᠤᠨ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠦᠷᠭᠦᠯᠵᠢᠯᠡᠨ ᠴᠢᠩᠭ᠎ᠠ ᠬᠢᠨᠠᠨ ᠰᠢᠯᠭᠠᠵᠤ ᠦᠨᠡᠯᠡᠨ ᠵᠢᠱᠢᠬᠦ ᠪᠠᠷ ᠪᠤᠢ᠃ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠣᠨ ᠤ ᠬᠠᠷᠠᠯᠲᠠ ᠡᠭᠦᠷᠭᠡ ᠶᠢ ᠪᠠᠷᠢᠮᠵᠢᠶ᠎ᠠ ᠪᠠᠷ ᠢᠯᠡᠳᠬᠡᠵᠦ᠂ ᠬᠢᠨᠠᠨ ᠰᠢᠯᠭᠠᠬᠤ ᠠᠭᠤᠯᠭ᠎ᠠ ᠪᠣᠯᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠣᠷᠣᠯᠭ᠎ᠠ ᠶᠢ ᠬᠢᠨᠠᠨ ᠬᠠᠷᠭᠤᠭᠤᠯᠵᠤ ᠬᠢᠨᠠᠨ ᠬᠠᠷᠭᠤᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠵᠢᠯ ᠤᠨ ᠡᠴᠦᠰ ᠤᠨ ᠬᠢᠨᠠᠨ ᠰᠢᠯᠭᠠᠯᠲᠠ ᠦᠨᠡᠯᠡᠯᠲᠡ ᠶᠢ ᠬᠦᠯᠢᠶᠡᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠬᠥᠭᠵᠢᠨ ᠮᠠᠨᠳᠤᠬᠤ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠲᠡᠭᠡᠨ ᠤᠳᠤᠷᠢᠳᠴᠤ᠂ ᠰᠢᠭᠦᠬᠦ  ᠬᠤᠷᠢᠶ᠎ᠡ᠂ ᠪᠠᠶᠢᠴᠠᠭᠠᠬᠤ ᠬᠤᠷᠢᠶ᠎ᠡ ᠶᠢᠨ ᠬᠤᠶᠠᠷ ᠳᠠᠷᠤᠭ᠎ᠠ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3