ᠰᠢᠩ ᠾᠧ ᠰᠢᠶᠠᠨ᠄ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠶᠢ ᠲᠦᠷᠭᠡᠳᠬᠡᠵᠦ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/10/25
      ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠲᠠᠬᠢᠨ ᠬᠤᠷᠢᠶᠠᠨ ᠠᠪᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠰᠢᠩ ᠡᡁᠧ ᠰᠢᠶᠠᠨ ᠤ ᠬᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠣᠬᠢᠷᠲᠤᠯ ᠦᠭᠡᠢ ᠲᠠᠷᠢᠶᠠᠯᠠᠩ ᠤᠨ ᠡᠷᠬᠢᠯᠳᠡᠳᠦ ᠬᠥᠭᠵᠢᠯᠲᠡ ᠶᠢ ᠠᠬᠢᠭᠤᠯᠪᠠ᠃
     ᠣᠳᠣᠬᠠᠨ ᠳᠤ ᠶᠠᠭ ᠰᠠᠶᠢᠬᠠᠨ ᠨᠠᠮᠤᠷ ᠤᠨ ᠰᠡᠭᠦᠯᠴᠢ ᠶᠢᠨ ᠲᠠᠷᠢᠶᠠᠯᠠᠩ ᠤᠨ ᠰᠡᠯᠡᠭᠦᠦ ᠴᠠᠭ ᠢᠶᠠᠷ ᠢᠶᠠᠨ᠂ ᠰᠢᠩ ᠡᡁᠧ ᠰᠢᠶᠠᠨ ᠤ ᠰᠠᠶᠢᠬᠤᠰᠤ ᠪᠠᠯᠭᠠᠰᠤᠨ ᠤ ᠲᠠᠷᠢᠶᠠᠨ ᠵᠠᠬ᠎ᠠ ᠳᠤ ᠬᠦᠷᠬᠦ ᠳᠤ᠂ ᠨᠢᠭᠡ ᠨᠢᠭᠡ ᠲᠷᠠᠺᠲ᠋ᠣᠷ ᠲᠠᠷᠢᠶᠠᠨ ᠳᠠᠯᠠᠩ ᠤᠨ ᠬᠤᠭᠤᠷᠣᠨᠳᠣ ᠨᠠᠰᠢ ᠴᠠᠰᠢ ᠰᠦᠯᠵᠢᠯᠳᠦᠨ ᠠᠵᠢᠯᠯᠠᠵᠤ ᠪᠠᠶᠢᠬᠤ ᠳᠤ᠂ ᠲᠣᠰᠬᠤᠨ ᠤ ᠠᠷᠠᠳ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠤᠭᠤᠲᠠᠨ ᠳᠤ ᠬᠢᠵᠦ᠂ ᠨᠢᠭᠡᠳᠦᠯᠲᠡᠢ ᠬᠤᠷᠢᠶᠠᠨ ᠠᠪᠴᠤ᠂ ᠲᠣᠭᠲᠠᠭᠰᠠᠨ ᠭᠠᠵᠠᠷ ᠲᠤ ᠬᠦᠷᠭᠡᠨ ᠰᠢᠢᠳᠪᠦᠷᠢᠯᠡᠭᠦᠯᠵᠡᠢ᠃
     ᠲᠠᠷᠢᠶᠠᠯᠠᠩ ᠤᠨ ᠠᠵᠢᠯ ᠳᠠᠭᠤᠰᠬᠤ ᠶᠢ ᠳᠠᠭᠠᠯᠳᠤᠨ᠂ ᠰᠢᠩ ᠾᠧ ᠰᠢᠶᠠᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ︽ᠬᠡᠨ ᠬᠡᠷᠡᠭᠯᠡᠪᠡᠯ ᠬᠡᠨ ᠬᠤᠷᠢᠶᠠᠨ ᠠᠪᠴᠤ᠂ ᠬᠡᠨ ᠠᠰᠢᠭ ᠭᠥᠷᠳᠡᠪᠡᠯ ᠬᠡᠨ ᠢᠯᠭᠠᠷᠠᠭᠤᠯᠤᠨ ᠳᠢᠭᠯᠡᠬᠦ︾ ᠵᠠᠷᠴᠢᠮ ᠶᠣᠰᠣᠭᠠᠷ᠂ ᠢᠯᠭᠠᠷᠠᠭᠤᠯᠤᠨ ᠳᠢᠭᠯᠡᠬᠦ ᠬᠡᠯᠡᠯᠴᠡᠭᠡᠷ ᠤᠨ ᠪᠢᠴᠢᠭ ᠲᠣᠭᠲᠠᠬᠤ ᠪᠠ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢ ᠵᠣᠷᠢᠭᠵᠢᠭᠤᠯᠤᠨ ᠳᠠᠶᠢᠴᠢᠯᠠᠵᠤ ᠪᠠᠶᠢᠭᠠᠳ ᠬᠠᠭᠤᠴᠢᠨ ᠬᠠᠶᠠᠭᠳᠠᠮᠠᠯ ᠰᠦᠯᠢᠶᠣᠣ ᠪᠦᠷᠬᠦᠪᠴᠢ ᠶᠢ ᠴᠠᠭ ᠲᠤᠬᠠᠶ ᠳᠤᠨᠢ ᠲᠡᠭᠦᠵᠦ ᠠᠪᠤᠭᠤᠯᠤᠨ᠎ᠠ᠃      ᠡᠭᠡᠭᠦᠯᠦᠨ ᠬᠤᠷᠢᠶᠠᠭᠰᠠᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠪᠣᠯᠪᠠᠰᠤᠷᠠᠭᠤᠯᠬᠤ ᠪᠠᠷ ᠳᠡᠮᠵᠢᠨ ᠮᠥᠬᠦᠯᠢᠭ ᠪᠣᠯᠭᠠᠵᠤ᠂ ᠳᠠᠬᠢᠨ ᠰᠦᠯᠢᠶᠣᠣ ᠪᠦᠷᠬᠦᠪᠴᠢ᠂ ᠳᠤᠰᠤᠯᠭᠠᠨ ᠤᠰᠤᠯᠠᠬᠤ ᠪᠦᠰᠡ ᠵᠡᠷᠭᠡ ᠶᠢ ᠦᠢᠯᠡᠳᠴᠦ᠂ ᠡᠬᠢ ᠪᠠᠶᠠᠯᠢᠭ ᠢ ᠳᠠᠬᠢᠨ ᠡᠭᠡᠭᠦᠯᠦᠨ ᠬᠤᠷᠢᠶᠠᠵᠤ ᠠᠰᠢᠭᠯᠠᠬᠤ ᠶᠢ ᠪᠡᠶᠡᠯᠡᠭᠦᠯᠦᠨ᠎ᠡ᠃ ᠰᠢᠩ ᠾᠧ ᠰᠢᠶᠠᠨ ᠳᠤ ᠨᠡᠶᠢᠳᠡ 9 ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠦᠷᠳᠡᠭᠡ ᠪᠠᠶᠢᠭᠤᠯᠵᠤ᠂ ᠣᠷᠣᠨ ᠪᠦᠰᠡ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠣᠲᠣ ᠪᠣᠯᠲᠠᠯ᠎ᠠ᠂ ᠰᠢᠩ ᠾᠧ ᠰᠢᠶᠠᠨ ᠤ ᠰᠦᠯᠢᠶᠣᠣ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠨᠢᠭᠡᠨᠲᠡ 50%᠎ ᠠᠴᠠ ᠳᠡᠭᠡᠭᠰᠢ ᠳᠤ ᠬᠦᠷᠴᠦ᠂ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠪᠦᠲᠦᠮᠵᠢᠲᠡᠶ ᠪᠠᠭᠠᠰᠬᠠᠵᠤ᠂ ᠬᠥᠷᠥᠰᠥ ᠰᠢᠷᠣᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠠᠮᠠᠭᠠᠯᠠᠭᠰᠠᠨ ᠪᠠᠶᠢᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3