10 ᠰᠠᠷ᠎ᠠ ᠶᠢᠨ 23 ᠤ ᠡᠳᠦᠷ᠂ ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ︾ ᠰᠤᠮᠤᠨ ᠠᠭᠤᠯᠠᠨ ᠤ | ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠬᠦᠳᠡᠯᠭᠡᠭᠡᠨ ᠮᠠᠨ ᠤ ᠰᠢᠶᠠᠨ ᠳᠤ ᠶᠠᠪᠤᠭᠳᠠᠪᠠ᠃ | | | | | | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠣᠨᠴᠠᠭᠠᠢ | ᠭᠠᠵᠠᠷ ᠣᠷᠣᠨ ᠤ ᠪᠠᠷᠲᠠᠭ᠎ᠠ ᠰᠢᠨᠵᠢᠯᠡᠬᠦ ᠲᠤᠰᠬᠠᠢ ᠮᠡᠷᠭᠡᠵᠢᠯ ᠤᠨ ᠵᠥᠪᠯᠡᠯ ᠤᠨ ᠡᠷᠬᠢᠯᠡᠭᠴᠢ ᠲᠠᠩ ᠴᠠᠩ ᠵᠦᠩ᠂ ᠥᠪᠥᠷ | ᠮᠣᠩᠭᠤᠯ ᠤᠨ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠥᠷ | ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠡ ᠶᠢᠨ ᠱᠦᠵᠢ | ᠸᠠᠩ ᠡᠦ᠂ ᠬᠤᠳᠠ ᠶᠢᠨ ᠤᠳᠤᠷᠢᠳᠤᠯᠭ᠎ᠠ ᠶᠤᠸᠠᠢ ᠶᠠᠨ ᠮᠧᠢ᠂ ᠯᠢᠦ ᠹᠸᠢ ᠮᠢᠩ᠂ ᠹᠠᠩ ᠽᠧ᠂ ᠨᠠᠱᠤᠩᠪᠠᠲᠤ᠂ ᠰᠢᠶᠠᠨ ᠤ | ᠤᠳᠤᠷᠢᠳᠤᠯᠭ᠎ᠠ ᠸᠠᠩ ᠬᠤᠢ ᠢᠦᠢ᠂ ᠯᠢ ᠺᠠᠢ ᠳ᠋ᠦᠩ᠂ ᠵᠤᠤ ᠷᠦᠢ᠂ ᠶᠠᠩ ᠵᠧᠨ ᠳ᠋ᠦᠩ ᠵᠡᠷᠭᠡ ᠲᠦᠷᠪᠡᠨ ᠶᠡᠭᠡ ᠪᠠᠭ ᠤᠨ | ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠸᠠᠩ ᠡᠦ᠂ ᠹᠠᠩ ᠽᠧ᠂ ᠸᠠᠩ ᠬᠤᠢ ᠢᠦᠢ ᠲᠤᠰ ᠲᠤᠰ ᠪᠠᠶᠠᠷ ᠤᠨ ᠦᠭᠡ | ᠬᠡᠯᠡᠵᠦ ᠶᠠᠷᠢᠶ᠎ᠠ ᠲᠠᠯᠪᠢᠵᠠᠢ᠃ ᠲᠠᠮᠢᠷᠴᠢᠳ ᠤᠨ ᠲᠥᠯᠥᠭᠡᠯᠡᠭᠴᠢ ︽ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠪᠦᠬᠦ ᠠᠷᠠᠳ ᠤᠨ ᠡᠷᠡᠭᠦᠯ ᠮᠡᠨᠳᠦ ᠶᠢᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠪᠠ᠃ ᠰᠢᠩ ᠾᠧ | ᠰᠢᠶᠠᠨ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ ᠤᠬᠠᠭᠠᠨ ᠤ ᠨᠡᠶᠢᠭᠡᠮᠯᠢᠭ ᠠᠴᠠ ᠥᠪᠥᠷ ᠮᠣᠩᠭᠤᠯ ᠤᠨ ᠪᠡᠶ᠎ᠡ ᠶᠢᠨ | ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠳᠤᠮᠳᠠᠳᠤ | ᠤᠯᠤᠰ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠬᠤ | ᠪᠠᠲᠯᠢᠶᠣᠨ ᠤ ᠰᠤᠮᠤᠨ ᠠᠭᠤᠯᠠᠨ ᠤ ᠬᠤᠸᠠᠷᠠᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ | ᠤᠬᠠᠭᠠᠨ ᠤ ᠨᠡᠶᠢᠭᠡᠮᠯᠢᠭ ᠤᠨ ᠣᠨᠴᠠᠭᠠᠶ ᠭᠠᠵᠠᠷ ᠣᠷᠣᠨ ᠤ ᠰᠢᠨᠵᠢᠯᠡᠬᠦ ᠤᠬᠠᠭᠠᠨ ᠤ ᠦᠢᠯᠡᠳᠦᠯᠭᠡ ︵ᠰᠤᠮᠤᠨ ᠠᠭᠤᠯᠠᠨ ︶ | ᠤ ᠬᠤᠸᠠᠷᠠᠨ ᠤ ᠫᠠᠶᠢᠰᠠ ᠶᠢ ᠲᠣᠰ ᠲᠣᠰ ᠣᠯᠭᠤᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠬᠦᠨᠳᠦᠲᠦ | ᠵᠣᠴᠢᠳ ᠬᠠᠮᠲᠤᠪᠠᠷ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠶᠢᠨ ᠪᠦᠷᠢᠶ᠎ᠡ ᠪᠠᠨ ᠳᠤᠤᠭᠠᠷᠭᠠᠬᠤ ᠶᠢᠨ ᠬᠠᠮᠲᠤ | ᠲᠤᠬᠠᠢ ᠶᠢᠨ ᠲᠠᠯᠠᠪᠠᠢ ᠳᠤ ᠲᠣᠭᠤᠷᠢᠨ ᠦᠵᠡᠭᠦᠯᠪᠡ᠃ | | | ᠠᠭᠤᠷ ᠤᠨ ᠱᠤᠤᠭᠢᠯ ᠤᠨ ᠲᠠᠭᠤᠨ ᠢ ᠲᠠᠭᠠᠯᠳᠤᠨ᠂ ᠦᠵᠡᠭᠴᠢᠳ ᠬᠠᠮᠲᠤ ᠪᠠᠷ ᠥᠩᠭᠡᠲᠦ ᠪᠥᠮᠪᠦᠭᠡ ᠨᠢᠰᠬᠡᠵᠦ᠂ | 1500 ᠰᠢᠬᠠᠮ ᠠᠭᠤᠯᠠ ᠠᠪᠠᠷᠢᠬᠤ ᠳᠤᠷᠠᠲᠠᠢ ᠬᠥᠮᠦᠰ ᠳ᠋ᠢᠶᠠᠨ ᠽᠢ ᠪᠠᠯᠭᠠᠰᠤ ᠶᠢᠨ ᠯᠦ ᠵᠢᠶᠠ ᠶᠢᠩ ᠤᠨ ᠵᠤᠭᠠᠴᠠᠯ ᠤᠨ | ᠵᠢᠵᠢᠭ ᠪᠠᠯᠭᠠᠰᠤ ᠠᠴᠠ ᠮᠣᠷᠳᠠᠵᠤ᠂ ᠤᠢ ᠰᠢᠭᠤᠢ ᠶᠢᠨ ᠴᠡᠴᠡᠷᠯᠢᠭ ᠲᠤ ᠬᠦᠷᠴᠦ ᠥᠨᠳᠥᠷ ᠲᠤ ᠠᠪᠠᠷᠢᠨ ᠠᠯᠤᠰ ᠢ ᠪᠠᠷᠠᠯᠠᠵᠤ | ᠂ ᠥᠷᠭᠡᠨ ᠤᠯᠠᠨ ᠠᠭᠤᠯᠠ ᠠᠪᠠᠷᠢᠬᠤ ᠳᠤᠷᠠᠲᠠᠢ ᠬᠥᠮᠦᠰ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠬᠠᠮᠲᠤ ᠰᠤᠮᠤᠨ | ᠠᠭᠤᠯᠠ ᠶᠢᠨ ᠤᠢ ᠰᠢᠭᠤᠢ ᠶᠢᠨ ᠴᠡᠴᠡᠷᠯᠢᠭ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠭᠦᠢᠴᠡᠳ ᠰᠣᠨᠢᠷᠬᠠᠵᠤ᠂ | ᠠᠭᠤᠯᠠ ᠠᠪᠠᠷᠢᠬᠤ ᠪᠠᠶᠠᠷ ᠪᠠᠭ᠋ᠠᠳᠤᠯ ᠢ ᠡᠳ᠋ᠯᠡᠨ᠎ᠡ᠃ ᠲᠣᠰ ᠠᠵᠢᠯᠯᠠᠭ᠎ᠠ ᠶᠢ ᠠᠭᠤᠯᠠᠷᠬᠠᠭ ᠭᠠᠵᠠᠷ ᠲᠤ 5 ᠺᠢᠯᠣᠮᠧᠲᠷ᠂ 9 | ᠺᠢᠯᠣᠮᠧᠲᠷ᠂ 13 ᠺᠢᠯᠣᠮᠧᠲᠷ ᠬᠤᠪᠢᠶᠠᠵᠤ᠂ ᠡᠷᠡᠭᠲᠡᠶ ᠡᠮᠡᠭᠲᠡᠶ ᠶᠢᠨ ᠳᠤᠭᠤᠶᠢᠯᠠᠩ ᠳᠤ ᠨᠡᠶᠢᠲᠡ 6 ᠳᠤᠭᠤᠶᠢᠯᠠᠩ | ᠬᠤᠪᠢᠶᠠᠨ᠎ᠠ᠃ | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ | ᠪᠦᠲᠦᠭᠡᠯ ᠤᠨ ᠦᠵᠡᠭᠦᠯᠦᠯᠭᠡ᠂ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠲᠠᠯᠠᠪᠠᠢ ᠶᠢᠨ ᠪᠥᠵᠢᠭ ᠤᠨ | ᠤᠷᠤᠯᠳᠤᠭᠠᠨ᠂ ᠤᠨᠴᠠᠯᠢᠬᠳᠤ ᠠᠮᠲᠠᠲᠤ ᠢᠳᠡᠭᠡᠨ ᠤ ᠲᠤᠯᠢ ᠵᠡᠷᠭᠡ ᠭᠤᠶᠢᠳᠠ ᠰᠠᠶᠢᠬᠠᠨ ᠠᠵᠢᠯᠯᠠᠭ᠎ᠠ ᠶᠢ ᠵᠡᠷᠭᠡᠪᠡᠷ | ᠥᠷᠨᠢᠭᠦᠯᠵᠦ᠂ ᠵᠤᠭᠠᠴᠠᠭᠰᠠᠳ ᠲᠤ ᠥᠪᠡᠷᠮᠢᠴᠡ ᠣᠨᠴᠠᠯᠢᠭ ᠲᠠᠢ ᠰᠣᠶᠣᠯ ᠵᠤᠭᠠᠴᠠᠯ ᠤᠨ ᠦᠪᠡᠳᠡᠭᠰᠢ ᠨᠠᠶᠢᠷ ᠢ ᠡᠳ᠋ᠯᠡᠭᠦᠯᠵᠦ | ᠂ ᠰᠣᠶᠣᠯ ᠵᠤᠭᠠᠴᠠᠯ ᠤᠨ ᠬᠡᠷᠡᠭᠯᠡᠭᠡ ᠶᠢᠨ ᠪᠦᠬᠦ ᠲᠠᠯ᠎ᠠ ᠪᠠᠷ ᠲᠡᠰ ᠳᠡᠪᠰᠢᠬᠦ ᠶᠢ ᠠᠬᠢᠭᠤᠯᠪᠠ᠃ | | | ᠲᠣᠰ ᠠᠵᠢᠯᠯᠠᠭ᠎ᠠ ᠨᠢ ᠪᠠᠰᠠ ᠪᠥᠬᠦ ᠶᠠᠪᠤᠴᠠ ᠳᠤ ᠠᠭᠤᠯᠠ ᠠᠪᠠᠷᠢᠭᠴᠢᠳ ᠲᠤ ᠢᠷᠠᠭᠤ ᠠᠯᠳᠠᠷ ᠤᠨ ᠦᠨᠡᠮᠯᠡᠯ ᠪᠠ | ᠳᠤᠷᠠᠰᠬᠠᠯ ᠤᠨ ᠮᠧᠳᠠᠯ ᠣᠯᠭᠤᠵᠤ᠂ ᠲᠠᠯᠠᠪᠠᠶ ᠶᠢᠨ ᠪᠥᠵᠢᠭ ᠤᠨ ᠤᠷᠤᠯᠳᠤᠭᠠᠨ ᠤ ᠡᠩᠨᠡᠭᠡ ᠳᠤ ᠢᠷᠠᠭᠤ ᠠᠯᠳᠠᠷ ᠤᠨ | ᠦᠨᠡᠮᠯᠡᠯ ᠣᠯᠭᠤᠵᠠᠶ᠃ | | | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |